ᠮᠠᠨ ᠤ ᠤᠯᠤᠰ ᠤᠨ ᠬᠤᠲᠠ ᠶᠢᠨ ᠵᠢᠮᠲᠦ ᠵᠠᠮ ᠤᠨ ᠤᠷᠳᠦ ᠳᠡᠯᠡᠬᠡᠢ ᠶᠢᠨ ᠨᠢᠭᠡᠳᠦᠭᠡᠷ ᠲᠤ ᠵᠢᠬᠰᠠᠭᠠᠬᠳᠠᠪᠠ
ᠨᠡᠶᠢᠲᠡᠯᠡᠭᠰᠡᠨ ᠴᠠᠭ᠄
2024/11/4
    31 ᠤ ᠡᠳᠦᠷ ᠵᠠᠮ ᠲᠡᠭᠡᠭᠡᠪᠦᠷᠢ ᠶᠢᠨ ᠶᠠᠮᠤᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠬᠰᠠᠨ ᠢᠶᠠᠷ᠂ ᠣᠶᠢᠷ᠎ᠠ ᠶᠢᠨ ᠵᠢᠯ ᠠᠴᠠ ᠨᠠᠭᠠᠰᠢ᠂ ᠬᠤᠲᠠ ᠶᠢᠨ ᠵᠢᠮᠲᠦ ᠵᠠᠮ ᠬᠠᠷᠢᠯᠴᠠᠭ᠎ᠠ ᠳᠠᠪᠠᠯᠲᠠ   ᠶᠢᠨ ᠮᠠᠶ᠋ᠢᠭ ᠤᠨ ᠬᠥᠭᠵᠢᠯᠲᠡ ᠶᠢ ᠪᠡᠶᠡᠯᠡᠭᠦᠯᠵᠦ᠂ ᠨᠡᠶᠢᠲᠡ 54 ᠬᠤᠲᠠ 311 ᠵᠤᠷᠪᠤᠰ ᠬᠤᠲᠠ ᠶᠢᠨ ᠵᠢᠮᠲᠦ ᠵᠠᠮ ᠬᠠᠷᠢᠯᠴᠠᠭᠠᠨ ᠤ ᠱᠤᠭᠤᠮ ᠢ ᠨᠡᠪᠲᠡᠷᠡᠭᠦᠯᠦᠨ ᠠᠵᠢᠯᠯᠠᠭᠤᠯᠵᠤ᠂ ᠠᠰᠢᠭᠯᠠᠯᠲᠠ ᠳᠤ ᠣᠷᠣᠭᠤᠯᠤᠭᠰᠠᠨ ᠵᠠᠮ ᠤᠨ ᠤᠷᠲᠤ ᠨᠢ 1 ᠲᠦᠮᠡᠨ ᠺᠢᠯᠣᠮᠧᠲᠷ ᠢ ᠳᠠᠪᠠᠵᠤ᠂ ᠳᠡᠯᠡᠬᠡᠢ ᠶᠢᠨ ᠨᠢᠭᠡᠳᠦᠭᠡᠷ ᠲᠤ ᠵᠢᠬᠰᠠᠭᠠᠬᠳᠠᠪᠠ᠃     ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ   ᠶᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠪᠠᠷ ᠳᠠᠮᠵᠢᠨ᠂ ᠤᠯᠤᠰ ᠤᠨ ᠨᠡᠶᠢᠲᠡ ᠢᠢᠨ ᠵᠠᠮ ᠬᠠᠷᠢᠯᠴᠠᠭᠠᠨ ᠤ ᠬᠤᠲᠠ ᠶᠢᠨ ᠪᠦᠲᠦᠭᠡᠨ ᠪᠠᠶᠢᠭᠤᠯᠤᠯᠲᠠ   ᠶᠢ ᠲᠦᠷᠭᠡᠪᠴᠢᠯᠡᠨ ᠠᠬᠢᠭᠤᠯᠵᠤ᠂ ᠡᠯ᠎ᠡ ᠭᠠᠵᠠᠷ ᠤᠨ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠪᠠᠲᠤᠯᠠᠭ᠎ᠠ  ᠶᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ ᠪᠠᠶᠢᠨ᠎ᠠ︾ ᠭᠡᠵᠦ ᠵᠠᠮ ᠲᠡᠭᠡᠭᠡᠪᠦᠷᠢ ᠶᠢᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠨᠢᠯᠴᠠᠭᠤᠯᠪᠠ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号