ᠵᠠᠯᠠᠶᠢᠳ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠴᠢ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠲᠤᠰᠬᠠᠶ ᠰᠡᠳᠦᠪᠲᠦ ᠲᠠᠶᠢᠯᠤᠮᠵᠢ ᠡᠷᠭᠢᠯᠡᠪᠡ
ᠨᠡᠶᠢᠲᠡᠯᠡᠭᠰᠡᠨ ᠴᠠᠭ᠄
2024/11/5
     ᠶᠡᠷᠦᠩᠬᠡᠶ ᠱᠦᠵᠢ ᠰᠢ ᠶᠢᠨ ᠫᠢᠩ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠤᠯ ᠱᠤᠭᠤᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠤᠯ ᠱᠤᠭᠤᠮ ᠮᠥᠨ︾ ᠭᠡᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 11 ᠰᠠᠷ᠎ᠠ ᠶᠢᠨ 4 ᠤ ᠡᠳᠦᠷ᠂ ᠵᠠᠯᠠᠶᠢᠳ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠴᠢ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠲᠤᠰᠬᠠᠶ ᠰᠡᠳᠦᠪᠲᠦ ᠲᠠᠶᠢᠯᠤᠮᠵᠢ ᠡᠷᠭᠢᠯᠡᠪᠡ᠃     ᠲᠠᠶᠢᠯᠤᠮᠵᠢ ᠳᠤ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠬᠤᠷᠢᠶ᠎ᠠ ᠶᠢᠨ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠵᠤᠷᠭᠠᠨ ᠤ ᠡᠭᠦᠳᠦᠨ ᠪᠠᠶᠢᠭᠤᠯᠬᠤ ᠵᠢᠯᠣᠭᠤᠳᠬᠤ ᠭᠠᠵᠠᠷ ᠤᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠸᠠᠩ ᠵᠢᠩ ᠨᠥᠬᠦᠷ ᠢ ᠤᠷᠢᠵᠤ ︽ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠦᠢᠯᠡᠳᠦᠯᠭᠡ ᠪᠠ ᠰᠦᠪᠡᠭᠴᠢᠯᠡᠯ︾ ᠭᠡᠬᠦ ᠭᠤᠤᠯ ᠰᠡᠳᠦᠪ ᠤᠨ ᠲᠣᠭᠤᠷᠢᠨ ᠳᠤ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠸᠠᠩ ᠵᠢᠩ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠥᠩᠭᠡᠷᠡᠯᠲᠡ ᠪᠣᠯᠤᠨ ᠭᠤᠣᠯ ᠬᠥᠭᠵᠢᠯᠲᠡ ᠶᠢᠨ ᠰᠤᠳᠠᠰᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠡᠭᠦᠳᠦᠨ ᠪᠠᠶᠢᠭᠤᠯᠬᠤ ᠠᠵᠢᠯ ᠤᠨ ᠣᠯᠤᠭᠰᠠᠨ ᠭᠤᠣᠯ ᠦᠷ᠎ᠡ ᠪᠦᠲᠦᠮᠵᠢ ᠪᠣᠯᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠭᠤᠣᠯ ᠠᠰᠠᠭᠤᠳᠠᠯ᠂ ᠬᠡᠷᠬᠢᠨ  ᠪᠦᠲᠦᠮᠵᠢᠲᠡᠢ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠵᠢᠴᠢ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠶᠢᠨ ᠳᠠᠷᠠᠭᠠᠴᠢ ᠶᠢᠨ ᠠᠯᠬᠤᠮ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠪᠣᠳᠣᠯᠬᠢᠯᠠᠬᠤ ᠲᠦᠷᠪᠡᠨ ᠲᠠᠯ᠎ᠠ ᠠᠴᠠ ᠭᠤᠶᠢᠳᠠ ᠰᠠᠶᠢᠬᠠᠨ ᠲᠠᠶᠢᠯᠪᠤᠷᠢᠯᠠᠵᠠᠢ᠃     ᠵᠠᠯᠠᠶᠢᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠠᠰᠪᠦ᠋ᠬᠡ ᠲᠠᠶᠢᠯᠤᠮᠵᠢ ᠶᠢ ᠡᠷᠭᠢᠯᠡᠬᠦ ᠳᠡᠭᠡᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠰᠢᠵᠢᠮ ᠢ ᠪᠥᠬᠦ ᠲᠠᠯ᠎ᠠ ᠪᠠᠷ ᠲᠤᠭᠤᠰᠢᠯᠠᠭᠤᠯᠬᠤ ︽28 ᠵᠤᠷᠪᠤᠰ ᠪᠣᠳᠠᠲᠠᠶ ᠠᠷᠭ᠎ᠠ ᠬᠡᠮᠵᠢᠶ᠎ᠡ︾ ᠶᠢ ᠳᠡᠯᠭᠡᠷᠡᠭᠦᠯᠦᠨ ᠬᠡᠷᠡᠭᠯᠡᠵᠦ᠂ ︽ᠨᠢᠭᠡ ᠰᠤᠮᠤ ᠪᠠᠯᠭᠠᠰᠤ ᠨᠢᠭᠡ ᠲᠥᠷᠥᠯ ᠲᠡᠮᠳᠡᠭ ᠲᠠᠢ︾᠂ ︽ᠨᠢᠭᠡ ᠭᠡᠰᠢᠭᠦᠨ ᠨᠢᠭᠡᠴᠢ ᠨᠢᠭᠡ ᠣᠨᠴᠠᠯᠢᠭ ᠲᠠᠢ︾ ᠪᠠᠶᠢᠬᠤ ᠥᠪᠡᠷᠮᠢᠴᠡ ᠣᠨᠴᠠᠯᠢᠭ ᠲᠠᠢ ᠠᠷᠭ᠎ᠠ ᠬᠢᠳᠡᠯ ᠢ ᠳᠡᠯᠭᠡᠷᠡᠭᠦᠯᠦᠨ ᠬᠡᠷᠡᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠢ ᠲᠣᠰ ᠪᠡᠶ᠎ᠡ ᠶᠢᠨ ᠠᠵᠢᠯ ᠤᠨ ᠪᠥᠬᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠬᠤ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠤᠨ ᠭᠤᠤᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯ ᠰᠢᠵᠢᠮ ᠳᠤ ᠬᠦᠴᠦᠯᠡᠬᠦ ᠶᠢ ᠠᠬᠢᠭᠤᠯᠵᠤ᠂ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠦᠷᠭᠦᠯᠵᠢᠯᠡᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠱᠠᠭᠠᠷᠳᠠᠪᠠ᠃ᠵᠠᠯᠠᠶᠢᠳ ᠬᠤᠰᠢᠭᠤᠨ ᠤ ᠤᠳᠤᠷᠢᠳᠤᠯᠭ᠎ᠠ ᠴᠢ ᠯᠢᠨ᠂ ᠴᠧᠩ ᠮᠢᠩ ᠯᠢ ᠨᠡᠷ ᠲᠠᠶᠢᠯᠤᠮᠵᠢ ᠳᠤ ᠣᠷᠣᠯᠴᠠᠪᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号