ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ ︽ᠲᠠᠪᠦᠨ ᠨᠢᠬᠡ︾ ᠤᠯᠠᠨ ᠲᠦᠮᠡᠨᠴᠢ ᠠᠵᠢᠯ ᠤᠨ ᠠᠷᠭ᠎ᠠ ᠪᠠᠷ ᠦᠨᠳᠦᠰᠦᠳᠡᠨ ᠤ ᠪᠦᠯᠬᠦᠮᠳᠡᠯ ᠤᠨ ᠰᠢᠨ᠎ᠠ ᠬᠠᠭᠤᠳᠠᠰᠦ ᠶᠢ ᠪᠢᠴᠢᠭᠯᠡᠪᠡ
ᠨᠡᠶᠢᠲᠡᠯᠡᠭᠰᠡᠨ ᠴᠠᠭ᠄
2024/11/5
     ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠪᠠᠷ ᠭᠤᠤᠯ ᠰᠢᠵᠢᠮ ᠪᠤᠯᠭᠠᠵᠦ᠂ ︽ᠲᠠᠪᠦᠨ ᠨᠢᠬᠡ︾ ᠤᠯᠠᠨ ᠲᠦᠮᠡᠨᠴᠢ ᠠᠵᠢᠯ ᠤᠨ ᠠᠷᠭ᠎ᠠ ᠪᠠᠷ ᠡᠯ᠎ᠡ ᠦᠨᠳᠦᠰᠦᠳᠡᠨ ᠤ ᠤᠯᠠᠨ ᠲᠦᠮᠡᠨ ᠤ ᠰᠤᠯᠢᠯᠴᠠᠭ᠎ᠠ ᠠᠭᠤᠰᠤᠯᠴᠠᠯ ᠢ ᠲᠠᠰᠦᠷᠠᠯᠳᠠ ᠦᠬᠡᠢ ᠠᠬᠢᠭᠤᠯᠤᠨ᠂ ᠡᠯ᠎ᠡ ᠦᠨᠳᠦᠰᠦᠳᠡᠨ ᠤ ᠤᠯᠠᠨ ᠲᠦᠮᠡᠨ ᠤ ᠬᠠᠮᠳᠤᠪᠡᠷ ᠰᠠᠭᠤᠷᠢᠰᠢᠨ ᠬᠠᠮᠳᠤᠪᠡᠷ ᠰᠤᠷᠤᠯᠴᠠᠨ᠂ ᠬᠠᠮᠳᠤᠪᠡᠷ ᠪᠠᠶᠢᠭᠤᠯᠤᠨ ᠬᠠᠮᠳᠤᠪᠡᠷ ᠡᠳ᠋ᠯᠡᠬᠦ᠂ ᠬᠠᠮᠳᠤᠪᠡᠷ ᠶᠠᠪᠤᠳᠠᠯ ᠰᠶᠢᠳᠪᠦᠷᠢᠯᠡᠨ ᠬᠠᠮᠳᠤᠪᠡᠷ ᠪᠠᠶᠠᠰᠤᠯᠴᠠᠬᠤ ᠰᠠᠶᠢᠨ ᠰᠠᠶᠢᠬᠠᠨ ᠨᠡᠶᠢᠬᠡᠮ ᠤᠨ ᠤᠷᠴᠢᠨ ᠢ ᠪᠦᠷᠢᠯᠳᠦᠬᠦᠯᠵᠦ ᠪᠤᠢ᠃      ᠪᠤᠯᠭᠠᠨᠬᠤᠸᠠ ᠰᠤᠮᠤ ᠶᠢᠨ ᠰᠢᠨ᠎ᠠ ᠠᠶᠢᠯ ᠭᠠᠴᠠᠭᠠᠨ ᠤ ᠬᠤᠪᠢ ᠬᠤᠷᠠᠮᠳᠤᠭᠤᠯᠭ᠎ᠠ ᠶᠢᠨ ᠴᠢᠯᠦᠬᠡᠳᠤ ᠲᠡᠯᠬᠡᠬᠦᠷ ᠲᠤ ᠭᠠᠴᠠᠭᠠᠨ ᠤ ᠲᠠᠷᠢᠶᠠᠴᠢᠨ ᠪᠤᠤ ᠵᠤ᠋ ᠶᠠᠭ ᠰᠠᠶ᠋ᠢᠬᠠᠨ ᠡᠳᠦᠷ ᠲᠤᠳᠤᠮ ᠤᠨ ᠠᠮᠢᠳᠦᠷᠠᠯ ᠤᠨ ᠬᠡᠷᠡᠭᠰᠡᠯ ᠰᠤᠩᠭᠤᠵᠦ ᠪᠠᠶᠢᠯ᠎ᠠ᠃ ᠲᠡᠷᠡ ᠤᠷᠴᠢᠨ ᠲᠤᠭᠤᠷᠢᠨ ᠢ ᠴᠡᠪᠡᠷᠯᠡᠬᠦ᠂ ᠬᠦᠳᠡᠭᠡ ᠲᠤᠰᠬᠤᠨ ᠤ ᠮᠠᠭᠤ ᠮᠠᠭᠤᠬᠠᠢ ᠵᠠᠩ ᠲᠠᠳᠬᠠᠯ ᠢ ᠦᠬᠡᠷᠡᠴᠢᠯᠡᠬᠦ᠂ ᠪᠤᠯᠪᠠᠰᠦᠨ ᠰᠤᠷᠳᠠᠯ ᠢ ᠰᠠᠨᠠᠭᠠᠴᠢᠯᠠᠬᠤ ᠵᠡᠷᠭᠡ ᠠᠵᠢᠯᠯᠠᠭ᠎ᠠ ᠳᠤ ᠤᠷᠤᠯᠴᠠᠭᠠᠳ ᠬᠤᠷᠠᠮᠳᠤᠭᠤᠯᠤᠬᠰᠠᠨ 78 ᠬᠤᠪᠢ ᠪᠠᠷ ᠢᠶᠠᠨ ᠬᠠᠯᠠᠭᠤᠨ ᠤᠰᠤᠨ ᠯᠤᠩᠬᠤ᠂ ᠤᠬᠢᠶᠠᠯᠭ᠎ᠠ ᠶᠢᠨ ᠨᠤᠨᠳᠠᠭ ᠵᠡᠷᠭᠡ ᠡᠳ᠋ ᠪᠤᠳᠠᠰ ᠰᠤᠯᠢᠵᠠᠢ᠃ ᠪᠤᠯᠭᠠᠨᠬᠤᠸᠠ ᠰᠤᠮᠤ ᠶᠢᠨ ᠰᠢᠨ᠎ᠠ ᠠᠶᠢᠯ ᠭᠠᠴᠠᠭᠠᠨ ᠤ ᠨᠢᠬᠡᠳᠦᠭᠡᠷ ᠱᠦᠵᠢ ᠤᠶᠤᠨᠲᠠᠨ᠎ᠠ᠄ ︽ᠤᠯᠠᠨ ᠲᠦᠮᠡᠨ ᠬᠦᠷᠢᠶ᠎ᠡ ᠬᠠᠰᠢᠶ᠎ᠠ ᠪᠠᠨ ᠰᠠᠶᠢᠳᠦᠷ ᠴᠡᠪᠡᠷᠯᠡᠨ ᠪᠤᠳᠠ ᠪᠤᠭ ᠮᠠᠯ ᠢᠶᠠᠨ ᠰᠠᠶᠢᠨ ᠠᠷᠠᠴᠢᠯᠠᠪᠠᠯ ᠪᠦᠷ ᠬᠤᠪᠢ ᠬᠤᠷᠠᠮᠳᠤᠭᠤᠯᠵᠦ ᠠᠮᠢᠳᠦᠷᠠᠯ ᠤᠨ ᠬᠡᠷᠡᠭᠰᠡᠯ ᠰᠤᠯᠢᠵᠦ ᠪᠤᠯᠤᠨ᠎ᠠ᠂ ︿ᠦᠢᠯᠡᠴᠢᠯᠡᠭᠡ ᠪᠠᠷ ᠬᠤᠪᠢ ᠬᠤᠷᠠᠮᠳᠤᠭᠤᠯᠬᠤ᠂ ᠬᠤᠪᠢ ᠪᠠᠷ ᠡᠳ᠋ ᠪᠤᠳᠠᠰ ᠰᠤᠯᠢᠬᠤ﹀ ᠠᠵᠢᠯ ᠤᠨ ᠰᠡᠳᠬᠢᠮᠵᠢ ᠪᠠᠷ ᠤᠯᠠᠨ ᠲᠦᠮᠡᠨ ᠢ ᠲᠠᠶᠢᠴᠢᠯᠠᠨ᠂ ᠪᠠᠭ᠎ᠠ ᠬᠤᠷᠠᠮᠳᠤᠭᠤᠯᠭ᠎ᠠ ᠶᠢᠨ ᠮᠦᠡᠭᠬᠦ ᠪᠠᠷ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠰᠢᠨ᠎ᠠ ᠬᠦᠳᠡᠯᠭᠡᠭᠴᠢ ᠬᠦᠴᠦᠨ ᠨᠡᠮᠡᠷᠢᠯᠡᠵᠠᠢ︾ ᠬᠡᠵᠦ ᠰᠤᠷᠪᠤᠯᠵᠢᠯᠠᠬᠴᠢ ᠳᠤ ᠶᠠᠷᠢᠵᠦ ᠪᠠᠶᠢᠯ᠎ᠠ᠃      ᠪᠤᠯᠭᠠᠨᠬᠤᠸᠠ ᠰᠤᠮᠤ ᠶᠢᠨ ︽ᠲᠠᠪᠦᠨ ᠨᠢᠬᠡ︾ ᠤᠯᠠᠨ ᠲᠦᠮᠡᠨᠴᠢ ᠠᠵᠢᠯ ᠤᠨ ᠠᠷᠭ᠎ᠠ ᠶᠢᠨ ᠪᠠᠭ᠎ᠠ ᠲᠡᠪᠴᠡᠩ ᠪᠤᠯᠤᠬᠰᠠᠨ ᠬᠤᠪᠢ ᠬᠤᠷᠠᠮᠳᠤᠭᠤᠯᠭ᠎ᠠ ᠶᠢᠨ ᠴᠢᠯᠦᠬᠡᠳᠤ ᠲᠡᠯᠬᠡᠬᠦᠷ ︽ᠬᠠᠮᠳᠤᠪᠡᠷ ᠰᠤᠷᠤᠯᠴᠠᠬᠤ ᠶᠢ ᠬᠦᠳᠦᠯᠦᠨ ᠵᠢᠯᠤᠭᠤᠳᠬᠤ᠂ ᠤᠷᠤᠯᠭ᠎ᠠ ᠶᠢ ᠨᠡᠮᠡᠭᠳᠡᠬᠦᠯᠦᠨ ᠬᠠᠮᠳᠤᠪᠡᠷ ᠪᠠᠶᠠᠵᠢᠬᠤ᠂ ᠰᠤᠶᠤᠯ ᠢ ᠬᠠᠮᠳᠤᠪᠡᠷ ᠡᠳ᠋ᠯᠡᠬᠦ᠂ ᠤᠷᠴᠢᠨ ᠲᠤᠭᠤᠷᠢᠨ ᠢ ᠬᠠᠮᠳᠤᠪᠡᠷ ᠭᠤᠶᠤᠵᠢᠭᠤᠯᠬᠤ︾ ᠳᠤ ᠦᠢᠯᠡᠳᠦᠯ ᠦᠵᠡᠭᠦᠯᠵᠠᠢ᠃ ᠪᠤᠯᠭᠠᠨᠬᠤᠸᠠ ᠰᠤᠮᠤ ᠬᠠᠮᠳᠤᠪᠡᠷ ᠰᠤᠷᠤᠯᠴᠠᠬᠤ ᠶᠢᠨ ᠠᠭᠤᠯᠤᠬᠳᠠᠬᠤᠨ ᠢ ᠲᠠᠰᠦᠷᠠᠯᠳᠠ ᠦᠬᠡᠢ ᠬᠦᠨᠵᠡᠬᠡᠶᠢᠷᠡᠬᠦᠯᠦᠨ᠂ ᠤᠨᠤᠯ ᠤᠨ ᠰᠤᠷᠤᠯᠴᠠᠯᠭ᠎ᠠ ᠶᠢᠨ ᠰᠠᠶᠢᠨ ᠲᠤᠷᠠᠴᠤᠤᠯ ᠢᠶᠠᠷ ︽ᠵᠢᠷᠭᠤᠭᠠᠨ ᠦᠬᠦᠯᠡᠪᠦᠷᠢ ᠶᠢᠨ ᠪᠤᠳᠠᠳᠤ ᠶᠠᠪᠤᠳᠠᠯ ᠪᠤᠯᠤᠨ ᠶᠤᠰᠤ ᠤᠴᠢᠷ︾ ᠢ ᠤᠬᠠᠭᠤᠯᠵᠦ᠂ ᠦᠨᠳᠦᠰᠦᠳᠡᠨ ᠤ ᠪᠦᠯᠬᠦᠮᠳᠡᠯ ᠤᠨ ᠦᠷ᠎ᠡ ᠶᠢ ᠬᠦᠮᠦᠰ ᠤᠨ ᠰᠡᠳᠬᠢᠯ ᠳᠤ ᠬᠦᠨ ᠦᠨᠳᠦᠰᠦᠯᠡᠬᠦᠯᠵᠦ ᠪᠤᠢ᠃      ᠪᠤᠯᠭᠠᠨᠬᠤᠸᠠ ᠰᠤᠮᠤ ︽ᠲᠠᠪᠦᠨ ᠨᠢᠬᠡ︾ ᠤᠯᠠᠨ ᠲᠦᠮᠡᠨᠴᠢ ᠠᠵᠢᠯ ᠤᠨ ᠠᠷᠭ᠎ᠠ ᠶᠢ ᠰᠠᠶᠢᠳᠤᠷ ᠦᠢᠯᠡᠳᠦᠯᠬᠡᠵᠢᠬᠦᠯᠦᠭᠰᠡᠨ ᠠᠴᠠ ᠪᠡᠯᠴᠢᠭᠡᠷ ᠤᠨ ᠲᠠᠭᠠᠭᠠᠴᠠᠨ ᠠᠴᠠ ᠬᠡᠳᠦᠷᠡᠳᠡᠯ᠎ᠡ ᠪᠡᠯᠴᠢᠬᠡᠷᠯᠡᠬᠦᠯᠦᠭᠰᠡᠨ ᠠᠰᠠᠭᠤᠳᠠᠯ ᠢ ᠪᠦᠳᠦᠮᠵᠢᠳᠡᠢ ᠰᠶᠢᠳᠪᠦᠷᠢᠯᠡᠵᠦ᠂ ᠬᠦᠷᠢᠶ᠎ᠡ ᠬᠠᠰᠢᠶᠠᠨ ᠤ ᠠᠵᠦ ᠠᠬᠤᠢ ᠶᠢ ᠬᠦᠭᠵᠢᠶᠡᠨ ᠲᠠᠢ ᠡᠷᠬᠢᠯᠡᠵᠦ᠂ ᠠᠵᠦ ᠦᠢᠯᠡᠰ ᠤᠨ ᠬᠦᠭᠵᠢᠯᠳᠡ ᠶᠢᠨ ᠰᠠᠭᠤᠷᠢ ᠶᠢ ᠪᠠᠳᠦᠵᠢᠭᠤᠯᠵᠦ᠂ ᠲᠤᠰᠬᠤᠨ ᠤ ᠲᠦᠷᠢ ᠲᠦᠷᠬᠦ ᠶᠢ ᠰᠠᠶᠢᠵᠢᠷᠠᠭᠤᠯᠤᠨ᠂ ᠵᠦᠷᠢᠴᠡᠯ ᠵᠢᠭᠤᠷᠠᠯᠳᠤᠭᠠᠨ ᠢ ᠴᠠᠭ ᠲᠤᠬᠠᠢ ᠳᠤᠨᠢ ᠰᠶᠢᠳᠪᠦᠷᠢᠯᠡᠵᠦ᠂ ᠦᠨᠳᠦᠰᠦᠳᠡᠨ ᠤ ᠪᠦᠯᠬᠦᠮᠳᠡᠯ ᠢ ᠠᠬᠢᠭᠤᠯᠤᠨ᠂ ᠡᠯ᠎ᠡ ᠦᠨᠳᠦᠰᠦᠳᠡᠨ ᠤ ᠤᠯᠠᠨ ᠲᠦᠮᠡᠨ ᠡᠶ᠎ᠡ ᠨᠠᠶᠢᠷᠳᠠᠢ᠂ ᠠᠮᠢ ᠠᠬᠤᠢ ᠭᠤᠶᠢᠳᠠ ᠰᠠᠶᠢᠬᠠᠨ᠂ ᠠᠵᠦ ᠦᠢᠯᠡᠰ ᠦᠷᠨᠢᠩᠬᠦᠢ᠂ ᠰᠤᠶᠤᠯ ᠬᠦᠭᠵᠢᠭᠰᠡᠨ ᠬᠦᠳᠡᠭᠡ ᠲᠤᠰᠬᠤᠨ ᠤ ᠰᠢᠨ᠎ᠠ ᠬᠠᠭᠤᠳᠠᠰᠦ ᠶᠢ ᠬᠠᠮᠳᠤᠪᠡᠷ ᠪᠢᠴᠢᠭᠯᠡᠵᠦ ᠪᠤᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号