| | ᠲᠥᠪ ᠤᠨ ᠪᠠᠶᠢᠭᠤᠯᠭ᠎ᠠ ᠵᠢᠴᠢ ᠲᠡᠭᠦᠨ ᠤ ᠰᠢᠭᠤᠳ ᠬᠠᠷᠢᠶ᠎ᠠ ᠪᠠᠶᠢᠭᠤᠯᠤᠮᠵᠢ ᠶᠢᠨ 2025 ᠣᠨ ᠤ | ᠠᠯᠪᠠᠲᠠᠨ ᠡᠯᠰᠡᠬᠦ ᠰᠢᠯᠭᠠᠯᠲᠠ ᠶᠢᠨ ᠠᠯᠪᠠᠨ ᠵᠠᠷᠯᠠᠯ ᠢ ᠦᠨᠳᠦᠰᠦᠯᠡᠪᠡᠯ᠂ ᠬᠢᠷᠢ ᠬᠡᠮ ᠤᠨ ᠬᠢᠨᠠᠨ ᠪᠠᠶᠢᠴᠠᠭᠠᠯᠲᠠ ᠳᠤ | ᠬᠢᠷᠢ ᠲᠡᠩᠴᠡᠭᠰᠡᠨ ᠰᠢᠯᠭᠠᠯᠲᠠ ᠳᠤ ᠨᠡᠷ᠎ᠡ ᠮᠡᠳᠡᠭᠦᠯᠦᠭᠰᠡᠳ 11 ᠰᠠᠷ᠎ᠠ ᠶᠢᠨ 1 ᠤ ᠡᠳᠦᠷ ᠤᠨ 0᠄ 00 ᠠᠴᠠ 11 | ᠰᠠᠷ᠎ᠠ ᠶᠢᠨ 6 ᠤ ᠡᠳᠦᠷ ᠤᠨ 24᠄ 00 ᠪᠣᠯᠲᠠᠯ᠎ᠠ ᠲᠤᠰᠬᠠᠢ ᠰᠦᠯᠵᠢᠶᠡᠨ ᠳᠤ ᠭᠠᠷᠴᠤ ᠰᠦᠯᠵᠢᠶᠡᠨ ᠳᠡᠭᠡᠷ᠎ᠡ ᠨᠡᠷ᠎ᠡ | ᠮᠡᠳᠡᠭᠦᠯᠵᠦ ᠨᠤᠲᠠᠯᠠᠬᠤ ᠶᠢᠨ ᠬᠠᠮᠲᠤ ᠰᠦᠢᠳᠬᠡᠯ ᠲᠤᠰᠢᠶᠠᠵᠤ ᠪᠣᠯᠣᠨ᠎ᠠ᠃ ᠬᠤᠭᠤᠴᠠᠭ᠎ᠠ ᠬᠡᠲᠦᠷᠡᠲᠡᠯ᠎ᠡ ᠰᠦᠯᠵᠢᠶᠡᠨ | ᠳᠡᠭᠡᠷ᠎ᠡ ᠨᠡᠷ᠎ᠡ ᠮᠡᠳᠡᠭᠦᠯᠵᠦ ᠨᠤᠲᠠᠯᠠᠬᠤ ᠶᠢᠨ ᠬᠠᠮᠲᠤ ᠰᠦᠢᠳᠬᠡᠯ ᠲᠤᠰᠢᠶᠠᠵᠤ ᠳᠠᠭᠤᠰᠬᠠᠭᠰᠠᠨ ᠦᠭᠡᠢ ᠪᠠᠶᠢᠪᠠᠯ᠂ | ᠨᠡᠷ᠎ᠡ ᠮᠡᠳᠡᠭᠦᠯᠬᠦ ᠬᠢᠷᠢ ᠬᠡᠮ ᠢᠶᠠᠨ ᠰᠠᠨᠠᠭᠠᠴᠢᠯᠠᠭ᠎ᠠ ᠠᠴᠠ ᠪᠠᠨ ᠬᠠᠶᠠᠭᠰᠠᠨ ᠢᠶᠠᠷ ᠦᠵᠡᠨ᠎ᠡ᠃ ᠨᠡᠷ᠎ᠡ ᠮᠡᠳᠡᠭᠦᠯᠦᠭᠰᠡᠳ | 11 ᠰᠠᠷ᠎ᠠ ᠶᠢᠨ 25 ᠤ ᠡᠳᠦᠷ ᠤᠨ 0᠄ 00 ᠠᠴᠠ 12 ᠰᠠᠷ᠎ᠠ ᠶᠢᠨ 1 ᠤ ᠡᠳᠦᠷ ᠤᠨ 15᠄ 00 ᠤᠨ | ᠬᠤᠭᠤᠷᠣᠨᠳᠤ ᠲᠤᠰᠬᠠᠢ ᠰᠦᠯᠵᠢᠶᠡᠨ ᠳᠤ ᠭᠠᠷᠴᠤ ᠰᠢᠯᠭᠠᠭᠤᠯᠬᠤ ᠦᠨᠡᠮᠯᠡᠯ ᠢᠶᠠᠨ ᠳᠠᠷᠤᠮᠠᠯᠯᠠᠵᠤ ᠪᠣᠯᠣᠨ᠎ᠠ᠃ | ᠲᠣᠰ ᠤᠳᠠᠭᠠᠨ ᠤ ᠤᠯᠤᠰ ᠤᠨ ᠠᠯᠪᠠᠲᠠᠨ ᠤ ᠰᠢᠯᠭᠠᠯᠲᠠ ᠳᠤ ᠨᠡᠶᠢᠲᠡ 341.6 ᠲᠦᠮᠡᠨ ᠬᠥᠮᠥᠨ ᠬᠥᠮᠥᠨ | ᠬᠡᠷᠡᠭᠯᠡᠬᠦ ᠨᠢᠭᠡᠴᠢ ᠶᠢᠨ ᠬᠢᠷᠢ ᠬᠡᠮ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠪᠡ᠂ ᠬᠢᠷᠢ ᠬᠡᠮ ᠤᠨ ᠬᠢᠨᠠᠨ | ᠪᠠᠶᠢᠴᠠᠭᠠᠯᠲᠠ ᠳᠤ ᠬᠢᠷᠢ ᠲᠡᠩᠴᠡᠭᠰᠡᠨ ᠬᠥᠮᠥᠨ ᠤ ᠲᠤᠭ᠎ᠠ ᠪᠣᠯᠣᠨ ᠡᠯᠰᠡᠨ ᠬᠡᠷᠡᠭᠯᠡᠬᠦ ᠲᠥᠯᠥᠪᠯᠡᠭᠡ ᠶᠢᠨ ᠲᠤᠭ᠎ᠠ ᠶᠢᠨ | ᠬᠠᠷᠢᠴᠠᠯ ᠨᠢ ᠪᠠᠷᠤᠭ 86᠄ 1 ᠪᠣᠯᠣᠨ᠎ᠠ᠃ |