ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠨᠡᠮᠡᠭᠳᠡᠭᠦᠯᠦᠨ᠎ᠠ
ᠨᠡᠶᠢᠲᠡᠯᠡᠭᠰᠡᠨ ᠴᠠᠭ᠄
2024/11/6
     11 ᠰᠠᠷ᠎ᠠ ᠶᠢᠨ 4 ᠤ ᠡᠳᠦᠷ ᠡᠳ᠋ ᠤᠨ ᠵᠠᠰᠠᠭ ᠤᠨ ᠶᠠᠮᠤᠨ ᠠᠴᠠ ᠣᠶᠢᠯᠠᠭᠠᠭᠰᠠᠨ ᠢᠶᠠᠷ᠂ ᠡᠳ᠋ ᠤᠨ ᠵᠠᠰᠠᠭ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠣᠶᠢᠷ᠎ᠠ ᠳᠤ ᠬᠠᠮᠲᠤᠷᠠᠨ ᠮᠡᠳᠡᠭᠳᠡᠯ ᠨᠡᠶᠢᠲᠡᠯᠡᠵᠦ᠂ ᠶᠡᠭᠡ ᠳᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠠᠢ ᠰᠤᠷᠤᠭᠴᠢᠳ ᠢ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠤᠷᠤᠭᠴᠢᠳ ᠤᠨ ᠵᠢᠭᠡᠯᠡᠯᠭᠡ ᠶᠢᠨ ᠬᠡᠷᠡᠭᠴᠡᠭᠡ ᠶᠢ ᠨᠡᠩ ᠰᠠᠶᠢᠳᠦᠷ ᠬᠠᠩᠭᠠᠵᠤ᠂ ᠰᠤᠷᠤᠭᠴᠢᠳ ᠤᠨ ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠬᠦ ᠶᠢᠨ ᠲᠤᠰᠠᠳᠠ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠲᠦᠷᠦ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠦᠨ᠎ᠡ ᠭᠡᠪᠡ᠃     ᠮᠡᠳᠡᠭᠳᠡᠯ ᠳᠤ ᠲᠣᠳᠣᠷᠬᠠᠢ ᠲᠣᠭᠲᠠᠭᠠᠭᠰᠠᠨ ᠨᠢ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠳᠡᠭᠡᠭᠰᠢᠯᠡᠭᠦᠯᠦᠨ᠎ᠡ᠃ 2024 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠪᠦᠬᠦᠯᠢ ᠡᠳᠦᠷ ᠤᠨ ᠳᠦᠷᠢᠮᠲᠦ ᠡᠩ ᠤᠨ ᠵᠢᠩᠬᠢᠨᠢ ᠠᠩᠭᠢ ᠪᠠ ᠲᠤᠰᠬᠠᠢ ᠮᠡᠷᠭᠡᠵᠢᠯ ᠤᠨ ᠠᠩᠭᠢ ᠶᠢᠨ ᠰᠣᠷᠣᠭᠴᠢ ︵ᠬᠤᠶᠠᠳᠤᠭᠠᠷ ᠣᠶᠤᠲᠠᠨ ᠤ ᠴᠣᠯᠠ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠣᠷᠣᠭᠴᠢ᠂ ᠪᠡᠯᠡᠳᠬᠡᠯ ᠠᠩᠭᠢ ᠶᠢᠨ ᠰᠣᠷᠣᠭᠴᠢ ᠪᠠᠭᠲᠠᠨ᠎ᠠ︶ ᠶᠢᠨ ᠬᠥᠮᠥᠨ ᠪᠦᠷᠢ ᠶᠢᠨ ᠵᠢᠯ ᠪᠦᠷᠢ ᠶᠢᠨ ᠭᠤᠶᠤᠴᠢᠯᠠᠬᠤ ᠵᠢᠭᠡᠯᠡᠯᠭᠡ ᠶᠢ 16000 ᠲᠥᠭᠦᠷᠢᠭ ᠠᠴᠠ ᠬᠡᠲᠦᠷᠡᠬᠦ ᠦᠭᠡᠢ ᠪᠠᠶᠢᠭᠰᠠᠨ   ᠠᠴᠠ20000 ᠲᠥᠭᠦᠷᠢᠭ ᠠᠴᠠ ᠬᠡᠲᠦᠷᠡᠬᠦ ᠦᠭᠡᠢ ᠪᠣᠯᠭᠠᠨ ᠨᠡᠮᠡᠭᠳᠡᠭᠦᠯᠦᠨ᠎ᠠ︔ ᠪᠦᠬᠦᠯᠢ ᠡᠳᠦᠷ ᠤᠨ ᠳᠦᠷᠢᠮᠲᠦ ᠠᠰᠫᠢᠷᠠᠨᠲ ᠤᠨ ᠬᠥᠮᠥᠨ ᠪᠦᠷᠢ ᠶᠢᠨ ᠵᠢᠯ ᠳᠤ ᠭᠤᠶᠤᠴᠢᠯᠠᠬᠤ ᠵᠢᠭᠡᠯᠡᠯᠭᠡ ᠶᠢ 20000 ᠲᠥᠭᠦᠷᠢᠭ ᠠᠴᠠ ᠬᠡᠲᠦᠷᠡᠭᠦᠯᠬᠦ ᠦᠭᠡᠢ ᠪᠠᠶᠢᠭᠰᠠᠨ ᠠᠴᠠ 25000 ᠲᠥᠭᠦᠷᠢᠭ ᠠᠴᠠ ᠬᠡᠲᠦᠷᠡᠭᠦᠯᠬᠦ ᠦᠭᠡᠢ ᠪᠣᠯᠭᠠᠨ ᠨᠡᠮᠡᠭᠳᠡᠭᠦᠯᠦᠨ᠎ᠠ᠃ ᠰᠤᠷᠤᠭᠴᠢᠳ ᠤᠨ ᠭᠤᠶᠤᠴᠢᠯᠠᠭᠰᠠᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ ᠰᠤᠷᠤᠯᠭ᠎ᠠ ᠶᠢᠨ ᠰᠦᠢᠳᠬᠡᠯ ᠪᠠ ᠬᠤᠨᠤᠭ ᠤᠨ ᠰᠦᠢᠳᠬᠡᠯ ᠢ ᠲᠥᠯᠥᠬᠦ ᠳᠤ ᠤᠷᠢᠳᠠᠪᠠᠷ ᠬᠡᠷᠡᠭᠯᠡᠵᠦ᠂ ᠬᠡᠲᠦᠷᠡᠭᠰᠡᠨ ᠬᠡᠰᠡᠭ ᠢ ᠨᠢ ᠡᠳᠦᠷ ᠲᠤᠳᠤᠮ ᠤᠨ ᠠᠮᠢᠳᠤᠷᠠᠯ ᠤᠨ ᠰᠦᠢᠳᠬᠡᠯ ᠢ ᠨᠡᠮᠡᠷᠢᠯᠡᠬᠦ ᠳᠤ ᠭᠡᠷᠡᠭᠯᠡᠨ᠎ᠠ᠃     ᠮᠡᠳᠡᠭᠳᠡᠯ ᠳᠤ ᠬᠡᠯᠡᠭᠰᠡᠨ ᠨᠢ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ  ᠶᠢᠨ ᠨᠣᠷᠮ᠎ᠠ ᠳᠤ ᠲᠣᠬᠢᠷᠠᠭᠤᠯᠤᠯᠲᠠ ᠬᠢᠨ᠎ᠡ᠃ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠠᠳᠠᠯᠢ ᠬᠤᠭᠤᠴᠠᠭᠠᠨ ᠤ ᠠᠳᠠᠯᠢ ᠲᠠᠰ ᠤᠨ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠠ ᠶᠢᠨ ᠬᠦᠦ ᠮᠥᠩᠭᠦ ᠶᠢᠨ ᠨᠣᠷᠮ᠎ᠠ ︵LPR︶ ᠠᠴᠠ 60 ᠰᠠᠭᠤᠷᠢ ᠴᠡᠭ ᠬᠠᠰᠤᠵᠤ᠂ ᠠᠳᠠᠯᠢ ᠬᠤᠭᠤᠴᠠᠭᠠᠨ ᠤ ᠠᠳᠠᠯᠢ ᠲᠠᠰ ᠤᠨ LPR ᠪᠣᠯᠭᠠᠨ 70 ᠰᠠᠭᠤᠷᠢ ᠴᠡᠭ ᠬᠠᠰᠤᠨ᠎ᠠ᠃ ᠡᠭᠦᠨ ᠠᠴᠠ ᠡᠮᠦᠨ᠎ᠡ ᠨᠢᠭᠡᠨᠲᠡ ᠭᠠᠷ ᠤᠨ ᠥᠰᠥᠭ ᠵᠢᠷᠤᠭᠰᠠᠨ LPR ᠶᠢᠨ ᠬᠥᠳᠡᠯᠦᠩᠭᠦᠢ ᠬᠦᠦ ᠶᠢᠨ ᠨᠣᠷᠮ᠎ᠠ ᠪᠠᠷ ᠯᠠᠪᠯᠠᠯᠲᠠ ᠪᠣᠯᠭᠠᠭᠰᠠᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠭᠡᠷ᠎ᠡ ᠶᠢ ᠳᠠᠭᠠᠭᠠᠨ ᠭᠦᠢᠴᠡᠳᠬᠡᠬᠦ ᠪᠠᠩᠬᠢ ᠨᠢ ᠵᠢᠭᠡᠯᠡᠯᠭᠡ ᠵᠢᠭᠡᠯᠡᠭᠰᠡᠨ ᠰᠣᠷᠣᠭᠴᠢ ᠲᠠᠢ ᠵᠥᠪᠳᠡᠯᠴᠡᠵᠦ ᠪᠠᠶᠢᠭᠠᠳ ᠤᠤᠯ ᠤᠨ ᠭᠡᠷ᠎ᠡ ᠶᠢᠨ ᠬᠦᠦ ᠶᠢᠨ ᠨᠣᠷᠮ᠎ᠠ ᠶᠢ ᠠᠳᠠᠯᠢ ᠬᠤᠭᠤᠴᠠᠭᠠᠨ ᠤ ᠠᠳᠠᠯᠢ ᠲᠠᠰ ᠤᠨ LPR ᠶᠢ 70 ᠰᠠᠭᠤᠷᠢ ᠴᠡᠭ ᠪᠣᠯᠭᠠᠨ ᠲᠣᠬᠢᠷᠠᠭᠤᠯᠵᠤ ᠪᠣᠯᠣᠨ᠎ᠠ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号