ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤᠮᠳᠠᠳᠤ ᠤᠯᠤᠰ ᠤᠨ ᠡᠨᠧᠷᠭᠢ ᠶᠢᠨ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/8
     11 ᠰᠠᠷ᠎ᠠ ᠶᠢᠨ 7 ᠤ ᠡᠳᠦᠷ᠂ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤᠮᠳᠠᠳᠤ ᠤᠯᠤᠰ ᠤᠨ ᠡᠨᠧᠷᠭᠢ ᠶᠢᠨ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠲᠥᠷᠥᠯ ᠵᠦᠢᠯ ᠤᠨ ᠶᠠᠷᠢᠯᠴᠠᠬᠤ ᠬᠤᠷᠠᠯ ᠬᠤᠷᠠᠯᠳᠤᠭᠤᠯᠵᠠᠢ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢ ᠬᠤᠤ ᠳᠤᠮᠳᠠᠳᠤ ᠤᠯᠤᠰ ᠤᠨ ᠡᠨᠧᠷᠭᠢ ᠶᠢᠨ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠵᠠᠯᠠᠶᠢᠳ ᠬᠤᠰᠢᠭᠤᠨ ᠤ ᠰᠢᠨ᠎ᠡ ᠡᠨᠧᠷᠭᠢ ᠶᠢᠨ ᠬᠠᠮᠢᠶ᠎ᠠ ᠪᠥᠬᠦᠶ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠶ ᠰᠣᠯᠢᠯᠴᠠᠪᠠ᠃     ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ᠂ ᠠᠭᠠᠷ ᠤᠨ ᠡᠨᠧᠷᠭᠢ ᠬᠠᠳᠠᠭᠠᠯᠠᠬᠤ ᠶᠢ ᠪᠠᠭᠠᠰᠬᠠᠬᠤ ᠵᠢᠴᠢ ᠬᠤᠯᠪᠣᠭᠳᠠᠯ ᠪᠦᠬᠦᠢ ᠠᠵᠤ ᠦᠢᠯᠡᠰ ᠤᠨ ᠲᠦᠷᠦᠯ ᠵᠦᠢᠯ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠨ ᠶᠠᠷᠢᠯᠴᠠᠭᠰᠠᠨ ᠪᠥᠭᠡᠳ ᠣᠷᠣᠨ ᠪᠦᠰᠡ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠢᠨ᠎ᠡ ᠡᠨᠧᠷᠭᠢ ᠶᠢᠨ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠦ ᠢᠯᠡᠳᠬᠡᠪᠡ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号