ᠵᠠᠯᠠᠶᠢᠳ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠳᠠᠬᠢ ᠢᠳᠡᠭᠡᠨ ᠤᠮᠳᠠᠭᠠᠨ ᠤ ᠠᠮᠤᠷ ᠲᠦᠪᠰᠢᠨ ᠪᠠ ᠬᠤᠭᠤᠯᠠ ᠪᠤᠳᠠᠭ᠎ᠠ ᠶᠢᠨ ᠵᠠᠷᠤᠳᠠᠯ ᠤᠨ ᠬᠠᠮᠢᠶᠠᠷᠤᠯᠲᠠ ᠳᠤ ᠲᠤᠰᠬᠠᠶ ᠴᠡᠭᠴᠡᠯᠡᠨ ᠵᠠᠰᠠᠯᠳᠠ ᠬᠢᠬᠦ ᠲᠤᠬᠠᠶ ᠠᠯᠪᠠᠨ ᠵᠠᠷᠯᠠᠯ
ᠨᠡᠶᠢᠲᠡᠯᠡᠭᠰᠡᠨ ᠴᠠᠭ᠄
2024/11/8

︽︿ᠬᠢᠩᠭᠠᠨ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠳᠠᠬᠢ

ᠢᠳᠡᠭᠡᠨ ᠤᠮᠳᠠᠭᠠᠨ ᠤ ᠠᠮᠤᠷ ᠲᠦᠪᠰᠢᠨ ᠪᠠ ᠬᠤᠭᠤᠯᠠ ᠪᠤᠳᠠᠭ᠎ᠠ ᠶᠢᠨ ᠵᠠᠷᠤᠳᠠᠯ ᠤᠨ ᠬᠠᠮᠢᠶᠠᠷᠤᠯᠲᠠ ᠶᠢᠨ

ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠬᠢᠩᠭᠠᠨ

ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠮᠡᠳᠡᠭᠳᠡᠯ︾ ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ

ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ

ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠳᠠᠬᠢ ᠢᠳᠡᠭᠡᠨ ᠤᠮᠳᠠᠭᠠᠨ ᠤ ᠠᠮᠤᠷ ᠲᠦᠪᠰᠢᠨ

ᠪᠠ ᠬᠤᠭᠤᠯᠠ ᠪᠤᠳᠠᠭ᠎ᠠ ᠶᠢᠨ ᠵᠠᠷᠤᠳᠠᠯ ᠤᠨ ᠬᠠᠮᠢᠶᠠᠷᠤᠯᠲᠠ ᠳᠤ ᠲᠤᠰᠬᠠᠶ ᠴᠡᠭᠴᠡᠯᠡᠨ ᠵᠠᠰᠠᠯᠳᠠ ᠬᠢᠬᠦ ᠠᠵᠢᠯ ᠢ

ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ ᠡᠳᠦᠭᠡ ᠬᠠᠮᠢᠶ᠎ᠠ ᠪᠥᠬᠦᠶ ᠤᠴᠢᠷ ᠢ ᠳᠣᠤᠷᠠᠬᠢ ᠮᠡᠲᠦ ᠵᠠᠷᠯᠠᠯ᠎ᠠ᠃

ᠨᠢᠭᠡ᠂ ᠴᠡᠭᠴᠡᠯᠡᠨ ᠵᠠᠰᠠᠬᠤ ᠴᠠᠭ ᠤᠨ ᠲᠣᠬᠢᠷᠠᠭᠤᠯᠤᠯᠲᠠ

2024 ᠣᠨ ᠤ10 ᠰᠠᠷ᠎ᠠ ᠶᠢᠨ 31 ᠤ ᠡᠳᠦᠷ ᠠᠴᠠ 2024 ᠣᠨ ᠤ 11 ᠰᠠᠷ᠎ᠠ ᠶᠢᠨ 30 ᠤ ᠡᠳᠦᠷ ᠪᠣᠯᠲᠠᠯ᠎ᠠ

ᠶᠠᠪᠣᠭᠳᠠᠨ᠎ᠠ᠃

ᠬᠤᠶᠠᠷ᠂ ᠴᠡᠭᠴᠡᠯᠡᠨ ᠵᠠᠰᠠᠬᠤ ᠠᠵᠢᠯ ᠤᠨ ᠭᠤᠤᠯᠳᠠᠯᠭ᠎ᠠ

︵ᠨᠢᠭᠡ︶ ᠰᠤᠷᠭᠠᠭᠤᠯᠢ ᠶᠢᠨ ᠢᠳᠡᠭᠡᠨ ᠤᠮᠳᠠᠭᠠᠨ ᠤ ᠠᠶᠤᠯᠭᠦᠢ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ

ᠪᠠᠶᠢᠳᠠᠯ᠃ ᠰᠤᠷᠭᠠᠭᠤᠯᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠳᠦᠷᠢᠮ

ᠲᠣᠭᠲᠠᠭᠠᠯ ᠢ ᠲᠣᠭᠲᠠᠭᠠᠬᠤ ᠵᠢᠴᠢ ᠨᠠᠶᠢᠳᠠᠪᠤᠷᠢᠵᠢᠭᠤᠯᠬᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ

ᠨᠠᠶᠢᠳᠠᠪᠤᠷᠢᠵᠢᠭᠤᠯᠬᠤ᠂ ᠲᠤᠰᠬᠠᠶ ᠵᠦᠢᠯ ᠢᠶᠠᠷ ᠴᠡᠭᠴᠡᠯᠡᠨ ᠵᠠᠰᠠᠵᠤ ᠥᠪᠡᠰᠦᠪᠡᠨ ᠪᠠᠶᠢᠴᠠᠭᠠᠵᠤ ᠥᠪᠡᠰᠦᠪᠡᠨ

ᠵᠠᠯᠠᠷᠠᠭᠤᠯᠬᠤ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠨ᠎ᠠ ᠃

︵ᠬᠤᠶᠠᠷ︶ ᠰᠢᠮ᠎ᠡ ᠲᠡᠵᠢᠭᠡᠯᠳᠣ ᠬᠤᠭᠤᠯᠠ ᠤᠮᠳᠠᠭᠠᠨ ᠤ ᠨᠥᠬᠦᠪᠥᠷᠢ᠂ ᠰᠤᠷᠤᠭᠴᠢᠳ ᠤᠨ ᠬᠤᠭᠤᠯᠠ ᠪᠤᠳᠠᠭᠠᠨ ᠤ

ᠰᠦᠢᠳᠬᠡᠯ ᠵᠡᠷᠭᠡ ᠪᠡᠯᠡ ᠮᠥᠩᠭᠦ ᠶᠢᠨ ᠬᠠᠮᠢᠶᠠᠷᠤᠯᠲᠠ ᠶᠢᠨ ᠪᠠᠶᠢᠳᠠᠯ᠃ ᠰᠤᠷᠭᠠᠭᠤᠯᠢ ᠶᠢᠨ ᠵᠠᠷᠤᠳᠠᠯ ᠤᠨ ᠪᠠᠲᠤᠯᠠᠭ᠎ᠠ᠂

ᠰᠤᠷᠭᠠᠭᠤᠯᠢ ᠶᠢᠨ ᠬᠤᠭᠤᠯᠠᠨ ᠭᠡᠷ ᠤᠨ ᠡᠳ᠋ ᠤᠨ ᠶᠠᠪᠤᠳᠠᠯ ᠤᠨ ᠳᠦᠷᠢᠮ ᠤᠨ ᠪᠠᠶᠢᠭᠤᠯᠤᠯᠲᠠ ᠵᠢᠴᠢ

ᠨᠠᠶᠢᠳᠠᠪᠤᠷᠢᠵᠢᠭᠤᠯᠤᠯᠲᠠ᠂ ᠢᠳᠡᠭᠡᠨ ᠤᠮᠳᠠᠭᠠᠨ ᠤ ᠵᠠᠷᠤᠳᠠᠯ ᠵᠢᠴᠢ ᠰᠤᠷᠤᠭᠴᠢᠳ ᠤᠨ ᠬᠤᠭᠤᠯᠨ ᠪᠤᠳᠠᠭᠠᠨ ᠤ

ᠵᠠᠷᠤᠳᠠᠯ ᠤᠨ ᠬᠠᠮᠢᠶᠠᠷᠤᠯᠲᠠ᠂ ᠢᠳᠡᠭᠡᠨ ᠤᠮᠳᠠᠭᠠᠨ ᠤ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ

ᠵᠡᠷᠭᠡ ᠠᠰᠠᠭᠤᠳᠠᠯ ᠤᠳ ᠢ ᠭᠤᠤᠯᠳᠠᠯᠭ᠎ᠠ ᠲᠠᠢ ᠴᠡᠭᠴᠡᠯᠡᠨ ᠵᠠᠰᠠᠨ᠎ᠠ᠃

︵ᠭᠤᠷᠪᠠ︶ ᠰᠤᠷᠭᠠᠭᠤᠯᠢ ᠶᠢᠨ ᠬᠤᠭᠤᠯᠠᠨ ᠭᠡᠷ ᠤᠨ ᠬᠠᠮᠢᠶᠠᠷᠤᠯᠲᠠ ᠶᠢᠨ ᠪᠠᠶᠢᠳᠠᠯ᠃ ᠰᠤᠷᠭᠠᠭᠤᠯᠢ ᠶᠢᠨ ᠬᠤᠭᠤᠯᠠᠨ

ᠭᠡᠷ ᠨᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ᠂ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠵᠠᠷᠴᠢᠮ ᠢ

ᠪᠠᠷᠢᠮᠲᠠᠯᠠᠬᠤ᠂ ᠰᠤᠷᠤᠭᠴᠢ ᠶᠢᠨ ᠭᠡᠷ ᠤᠨ ᠠᠬᠠᠮᠠᠳ ᠠᠴᠠ ᠪᠠᠶᠢᠳᠠᠯ ᠢ ᠮᠡᠳᠡᠬᠦ ᠡᠷᠬᠡ᠂ ᠬᠢᠨᠠᠯᠲᠠ ᠲᠠᠯᠪᠢᠬᠤ

ᠡᠷᠬᠡ ᠶᠢᠨ ᠪᠠᠲᠤᠯᠠᠭ᠎ᠠ ᠶᠢᠨ ᠪᠠᠶᠢᠳᠠᠯ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠨ᠎ᠠ᠃

︵ᠲᠦᠷᠪᠡ︶ ᠢᠳᠡᠭᠡᠨ ᠤᠮᠳᠠᠭᠠᠨ ᠤ ᠠᠶᠦᠯᠭᠦᠢ ᠪᠠ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠪᠠᠶᠢᠳᠠᠯ

ᠰᠤᠷᠭᠠᠭᠤᠯᠢ ᠶᠢᠨ ᠬᠤᠭᠤᠯᠠᠨ ᠭᠡᠷ ᠤᠨ ᠪᠦᠲᠦᠭᠡᠨ ᠪᠠᠶᠢᠭᠤᠯᠤᠯᠲᠠ᠂ ᠬᠤᠭᠤᠯᠠ ᠪᠤᠳᠠᠭ᠎ᠠ ᠢᠳᠡᠬᠦ ᠣᠷᠴᠢᠨ

ᠲᠣᠭᠤᠷᠢᠨ᠂ ᠢᠳᠡᠭᠡᠨ ᠤᠮᠳᠠᠭᠠᠨ ᠤ ᠮᠠᠲ᠋ᠧᠷᠢᠶᠠᠯ ᠬᠤᠳᠠᠯᠳᠤᠨ ᠠᠪᠬᠤ᠂ ᠬᠠᠳᠠᠭᠠᠯᠠᠬᠤ᠂ ᠡᠳ᠋ᠰᠢᠭᠦᠯᠬᠦ᠂ ᠬᠤᠭᠤᠯᠠ

ᠪᠤᠳᠠᠭ᠎ᠠ ᠬᠠᠩᠭᠠᠬᠤ ᠵᠡᠷᠭᠡ ᠭᠤᠭᠴᠤᠭ᠎ᠠ᠂ ᠬᠤᠭᠤᠯᠠᠨ ᠭᠡᠷ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ᠂ ᠢᠳᠡᠭᠡᠨ

ᠤᠮᠳᠠᠭᠠᠨ ᠤ ᠠᠶᠦᠯᠭᠦᠢ ᠶᠢᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠬᠤ ᠵᠡᠷᠭᠡ ᠠᠰᠠᠭᠤᠳᠠᠯ ᠢ

ᠭᠤᠤᠯᠳᠠᠯᠭ᠎ᠠ ᠲᠠᠢ ᠴᠡᠭᠴᠡᠯᠡᠨ  ᠵᠠᠰᠠᠨ᠎ᠠ᠃

ᠭᠤᠷᠪᠠ᠂ ᠢᠯᠡᠴᠢᠯᠡᠨ ᠮᠡᠳᠡᠭᠦᠯᠬᠦ ᠳᠤ ᠬᠢᠨᠠᠯᠲᠠ ᠲᠠᠯᠪᠢᠬᠤ ᠠᠷᠭ᠎ᠠ

ᠥᠷᠭᠡᠨ ᠣᠯᠠᠨ ᠠᠷᠠᠳ ᠲᠦᠮᠡᠨ ᠪᠣᠯᠤᠨ ᠪᠠᠭᠰᠢ ᠰᠤᠷᠤᠭᠴᠢᠳ ᠤᠨ ᠬᠢᠨᠠᠯᠲᠠ ᠲᠠᠯᠪᠢᠬᠤ᠂ ᠬᠠᠮᠲᠤ ᠪᠠᠷ ᠵᠠᠰᠠᠵᠤ

ᠬᠠᠮᠲᠤ ᠪᠠᠷ ᠬᠠᠮᠢᠶᠠᠷᠬᠤ ᠶᠢ ᠪᠠᠶᠠᠷᠯᠠᠨ ᠤᠭᠲᠤᠵᠤ᠂ ᠮᠠᠨ ᠤ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ

ᠬᠦᠷᠢᠶᠡᠨ ᠳᠠᠬᠢ ᠢᠳᠡᠭᠡᠨ  ᠤᠮᠳᠠᠭᠠᠨ ᠤ ᠠᠮᠤᠷ ᠲᠦᠪᠰᠢᠨ ᠪᠣᠯᠤᠨ ᠬᠤᠭᠤᠯᠠ ᠪᠤᠳᠠᠭ᠎ᠠ ᠶᠢᠨ ᠵᠠᠷᠤᠳᠠᠯ ᠤᠨ

ᠬᠠᠮᠢᠶᠠᠷᠤᠯᠲᠠ ᠶᠢᠨ ᠠᠰᠠᠭᠤᠳᠠᠯ ᠢ ᠣᠯᠵᠤ ᠮᠡᠳᠡᠪᠡᠯ᠂ ᠳᠣᠤᠷᠠᠬᠢ ᠠᠷᠭ᠎ᠠ ᠮᠠᠶ᠋ᠢᠭ ᠢᠶᠠᠷ ᠬᠢᠨᠠᠯᠲᠠ ᠲᠠᠯᠪᠢᠨ ᠬᠠᠷᠢᠭᠤ

ᠲᠤᠰᠬᠠᠵᠤ ᠪᠤᠯᠤᠨ᠎ᠠ᠃

ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠢᠯᠡᠴᠢᠯᠡᠨ ᠮᠡᠳᠡᠭᠦᠯᠵᠦ ᠬᠢᠨᠠᠯᠲᠠ ᠲᠠᠯᠪᠢᠬᠤ

ᠤᠲᠠᠰᠤ᠄ 0482 — 6601069︔ ᠵᠠᠬᠢᠳᠠᠯ ᠤᠨ ᠬᠠᠶᠢᠷᠴᠠᠭ᠄ ᠥᠪᠥᠷ ᠮᠣᠩᠭᠤᠯ ᠤᠨ ᠬᠢᠩᠭᠠᠨ

ᠠᠶᠢᠮᠠᠭ ᠤᠨ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ 211 ᠠᠯᠪᠠᠨ ᠬᠡᠷ᠂ ᠰᠢᠤᠳᠠᠨ

ᠨᠣᠮᠧᠷ᠄ 137600︔ ᠢᠮᠧᠯ᠄ zqjyzzb@163.com ᠪᠤᠯᠤᠨ᠎ᠠ᠃

                  ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ

                          2024 ᠣᠨ ᠤ 10 ᠰᠠᠷ᠎ᠠ ᠶᠢᠨ 31 ᠤ ᠡᠳᠦᠷ

 
ᠢᠷᠡᠯᠲᠡ᠄ ᠵᠠᠯᠠᠶᠢᠳ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号