| | | ᠤᠯᠠᠭᠠᠨᠬᠤᠲᠠ᠂ ᠵᠠᠯᠠᠶᠢᠳ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠬᠡᠷ᠂ ᠡᠷᠡᠭᠦᠯ ᠮᠡᠨᠳᠦ ᠶᠢᠨ ᠠᠵᠢᠯᠯᠠᠭ᠎ᠠ ᠶᠢ ᠠᠬᠢᠭᠤᠯᠬᠤ ᠠᠯᠪᠠᠨ ᠬᠡᠷ᠂ | ᠠᠶᠢᠮᠠᠭ ᠤᠨ ᠰᠢᠭᠤᠳ ᠬᠠᠷᠢᠶ᠎ᠠ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ᠂ ᠠᠶᠢᠮᠠᠭ ᠤᠨ ᠡᠪᠡᠳᠴᠢᠨ | ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠠᠶᠢᠮᠠᠭ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠬᠥᠭᠵᠢᠯᠲᠡ ᠶᠢᠨ ᠲᠥᠪ ᠲᠤ᠄ ᠡᠷᠡᠭᠦᠯ ᠡᠩᠬᠡ ᠬᠢᠩᠭᠠᠨ ᠤ ᠠᠵᠢᠯᠯᠠᠭ᠎ᠠ ᠶᠢ ᠴᠢᠨᠠᠭᠰᠢᠳᠠ | ᠠᠬᠢᠭᠤᠯᠬᠤ ᠶᠢᠨ ᠲᠥᠯᠥᠭᠡ᠂ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠠᠷᠭᠠᠴᠠᠬᠤ ᠤᠯᠤᠰ ᠤᠨ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠬᠢᠩᠭᠠᠨ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ︽ᠬᠢᠩᠭᠠᠨ ᠠᠶᠢᠮᠠᠭ ᠤᠨ ᠴᠢᠳᠠᠪᠤᠷᠢ ᠪᠠᠨ ᠠᠯᠳᠠᠭᠰᠠᠨ ᠣᠶᠤᠨ ᠢᠶᠠᠨ ᠠᠯᠳᠠᠭᠰᠠᠨ ᠨᠠᠰᠤᠲᠠᠶᠢᠴᠤᠳ ᠢ | ᠤᠷᠢᠳᠴᠢᠯᠠᠨ ᠰᠡᠷᠭᠡᠶᠢᠯᠡᠵᠦ ᠬᠠᠮᠢᠶᠠᠷᠬᠤ ᠲᠥᠷᠥᠯ ᠵᠦᠢᠯ ᠤᠨ ᠲᠤᠷᠰᠢᠯᠲᠠ ᠶᠢᠨ ᠬᠡᠷᠡᠭᠵᠢᠭᠦᠯᠬᠦ ᠲᠥᠰᠦᠯ ᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠬᠢᠩᠭᠠᠨ ᠡᠷᠡᠭᠦᠯ ᠬᠡᠷ ᠪᠦᠯᠢ ᠥᠰᠥᠭ ﹇2024﹈ 3 ᠳ᠋ᠤᠭᠠᠷ | ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠮᠠᠨ ᠤ ᠠᠶᠢᠮᠠᠭ ᠤᠨ | ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠦᠨᠡᠨᠬᠦ | ᠴᠢᠩᠭᠠᠳᠬᠠᠵᠤ᠂ ᠨᠠᠰᠤᠲᠠᠶᠢᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠠᠶᠢᠮᠠᠭ ᠤᠨ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠬᠡᠷ᠂ ᠡᠷᠡᠭᠦᠯ ᠡᠩᠬᠡ ᠬᠢᠩᠭᠠᠨ ᠠᠵᠢᠯᠯᠠᠭ᠎ᠠ ᠶᠢ | ᠠᠬᠢᠭᠤᠯᠬᠤ ᠠᠯᠪᠠᠨ ᠬᠡᠷ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠢᠩᠭᠠᠨ | ᠠᠶᠢᠮᠠᠭ ᠤᠨ ᠴᠢᠳᠠᠪᠤᠷᠢ ᠪᠠᠨ ᠠᠯᠳᠠᠭᠰᠠᠨ ᠣᠶᠤᠨ ᠢᠶᠠᠨ ᠠᠯᠳᠠᠭᠰᠠᠨ ᠨᠠᠰᠤᠲᠠᠶᠢᠴᠤᠳ ᠢ ᠤᠷᠢᠳᠴᠢᠯᠠᠨ | ᠰᠡᠷᠭᠡᠶᠢᠯᠡᠵᠦ ᠬᠠᠮᠢᠶᠠᠷᠬᠤ ᠲᠥᠷᠥᠯ ᠵᠦᠢᠯ ᠤᠨ ᠲᠤᠷᠰᠢᠯᠲᠠ ᠶᠢᠨ ᠴᠡᠭ — ᠡᠷᠡᠭᠦᠯ ᠮᠡᠨᠳᠦ ᠶᠢᠨ ︽ᠡᠭᠦᠳᠡ | ᠲᠣᠭᠰᠢᠬᠤ ᠠᠵᠢᠯᠯᠠᠭ᠎ᠠ︾ ᠥᠷᠨᠢᠭᠦᠯᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠥᠬᠦᠢ ᠤᠴᠢᠷ ᠢ ᠳᠣᠣᠷᠠᠬᠢ | ᠮᠡᠲᠦ ᠮᠡᠳᠡᠭᠳᠡᠶ᠎ᠡ᠄ | ᠨᠢᠭᠡ᠂ ᠠᠵᠢᠯ ᠤᠨ ᠬᠠᠷᠠᠯᠲᠠ ᠨᠠᠰᠤᠲᠠᠶᠢᠴᠤᠳ ᠤᠨ ᠴᠢᠳᠠᠪᠤᠷᠢ ᠪᠠᠨ ᠠᠯᠳᠠᠵᠤ ᠣᠶᠤᠨ ᠤᠬᠠᠭᠠᠨ ᠢᠶᠠᠨ | ᠠᠯᠳᠠᠬᠤ ᠶᠢ ᠤᠷᠢᠳᠴᠢᠯᠠᠨ ᠰᠡᠷᠭᠡᠶᠢᠯᠡᠵᠦ ᠭᠠᠷ ᠲᠦᠷᠦᠭᠦ ᠦᠷ᠎ᠡ ᠪᠦᠲᠦᠭᠡᠯ ᠢ ᠭᠦᠨᠵᠡᠭᠡᠶᠢᠷᠡᠭᠦᠯᠵᠦ ᠡᠷᠡᠭᠦᠯ | ᠮᠡᠨᠳᠦ ᠶᠢᠨ ᠮᠡᠳᠡᠯᠭᠡ ᠪᠠ ᠤᠷ᠎ᠠ ᠴᠢᠳᠠᠪᠤᠷᠢ ᠶᠢ ᠨᠠᠰᠤᠲᠠᠶᠢᠴᠤᠳ ᠤᠨ ᠳᠤᠮᠳᠠ ᠨᠡᠩ ᠥᠷᠭᠡᠨ ᠨᠡᠩ | ᠪᠦᠲᠦᠮᠵᠢᠲᠡᠶ ᠪᠠᠷ ᠤᠯᠠᠮᠵᠢᠯᠠᠨ ᠳᠡᠯᠭᠡᠷᠡᠭᠦᠯᠬᠦ ᠶᠢ ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠠᠵᠢᠯᠲᠠᠨ ᠤ ᠨᠠᠰᠤᠲᠠᠶᠢᠴᠤᠳ ᠤᠨ ᠴᠢᠳᠠᠪᠤᠷᠢ ᠪᠠᠨ ᠠᠯᠳᠠᠵᠤ ᠣᠶᠤᠨ ᠢᠶᠠᠨ ᠠᠯᠳᠠᠬᠤ ᠶᠢ | ᠤᠷᠢᠳᠴᠢᠯᠠᠨ ᠰᠡᠷᠭᠡᠶᠢᠯᠡᠵᠦ ᠬᠠᠮᠢᠶᠠᠷᠬᠤ ᠦᠵᠡᠯ ᠤᠬᠠᠮᠰᠠᠷ ᠪᠠ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠨ | ᠳᠡᠭᠡᠭᠰᠢᠯᠡᠭᠦᠯᠵᠦ᠂ ᠲᠤᠷᠰᠢᠯᠲᠠ ᠶᠢᠨ ᠴᠡᠭ ᠤᠨ ᠭᠠᠵᠠᠷ ᠣᠷᠣᠨ ᠤ ᠨᠠᠰᠤᠲᠠᠶᠢᠴᠤᠳ ᠤᠨ ᠴᠢᠳᠠᠪᠤᠷᠢ ᠪᠠᠨ ᠠᠯᠳᠠᠵᠤ | ᠣᠶᠤᠨ ᠢᠶᠠᠨ ᠠᠯᠳᠠᠬᠤ ᠶᠢ ᠤᠷᠢᠳᠴᠢᠯᠠᠨ ᠰᠡᠷᠭᠡᠶᠢᠯᠡᠬᠦ ᠪᠤᠶᠤ ᠤᠳᠠᠭᠠᠰᠢᠷᠠᠭᠤᠯᠵᠤ᠂ ᠨᠠᠰᠤᠲᠠᠶᠢᠴᠤᠳ ᠤᠨ ᠡᠷᠡᠭᠦᠯ | ᠮᠡᠨᠳᠦ ᠠᠮᠢᠳᠤᠷᠠᠯ ᠤᠨ ᠣᠷᠴᠢᠨ ᠲᠣᠭᠤᠷᠢᠨ ᠢ ᠪᠠᠶᠢᠭᠤᠯᠤᠨ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠡᠪ | ᠪᠣᠯᠪᠠᠰᠤᠷᠠᠯ ᠪᠠ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠤᠶᠠᠷ᠂ ᠠᠵᠢᠯᠯᠠᠭ᠎ᠠ ᠶᠢᠨ ᠬᠡᠪᠴᠢᠶ᠎ᠡ ᠵᠢᠴᠢ ᠴᠠᠭ ᠬᠤᠭᠤᠴᠠᠭ᠎ᠠ ︵ᠨᠢᠭᠡ︶ ᠠᠵᠢᠯᠯᠠᠭ᠎ᠠ ᠶᠢᠨ ᠬᠦᠷᠢᠶ᠎ᠡ | ᠬᠡᠪᠴᠢᠶ᠎ᠡ᠃ ᠤᠯᠠᠭᠠᠨᠬᠤᠲᠠ ᠶᠢᠨ ᠬᠤᠲᠠ ᠶᠢᠨ ᠲᠡᠭᠦᠷᠭᠡ ᠶᠢᠨ ᠬᠡᠷᠡᠭ ᠡᠷᠬᠢᠯᠡᠬᠦ ᠭᠠᠵᠠᠷ ᠤᠨ ᠬᠤᠸᠠᠨ ᠱᠠᠨ ᠨᠡᠶᠢᠭᠡᠮ | ᠲᠣᠭᠤᠷᠢᠭ᠂ ᠵᠠᠯᠠᠶᠢᠳ ᠬᠤᠰᠢᠭᠤᠨ ᠤ ᠪᠠᠶᠠᠨᠭᠤᠣᠯ ᠪᠠᠯᠭᠠᠰᠤᠨ ᠤ ᠪᠠᠶᠠᠨ ᠨᠡᠶᠢᠭᠡᠮ ᠲᠣᠭᠤᠷᠢᠭ᠃ ᠲᠤᠷᠰᠢᠯᠲᠠ ᠶᠢᠨ | ᠬᠠᠷᠢᠶ᠎ᠠ ᠣᠷᠣᠨ ᠤ ᠳᠣᠲᠣᠷᠠᠬᠢ ᠬᠤᠪᠢ ᠣᠯᠭᠤᠬᠤ ᠬᠤᠪᠢ ᠨᠢ 4 ᠬᠤᠪᠢ ᠠᠴᠠ ᠶᠡᠭᠡ ᠪᠠᠶᠢᠬᠤ ᠪᠦᠬᠦᠯᠢ 65 ᠨᠠᠰᠤ | ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠢ ᠪᠦᠬᠦᠨ ᠢ ᠬᠠᠮᠢᠶᠠᠷᠤᠯᠲᠠ ᠳᠤ ᠣᠷᠣᠭᠤᠯᠵᠤ᠂ ᠬᠤᠪᠢ | ᠣᠯᠭᠤᠬᠤ ᠬᠤᠪᠢ ᠨᠢ 0 — 3 ᠬᠤᠪᠢ ᠶᠢᠨ ᠪᠦᠬᠦᠯᠢ 65 ᠨᠠᠰᠤ ᠵᠢᠴᠢ ᠲᠡᠭᠦᠨ ᠠᠴᠠ ᠳᠡᠭᠡᠭᠰᠢᠬᠢ | ᠨᠠᠰᠤᠲᠠᠶᠢᠴᠤᠳ ᠢ ᠬᠠᠮᠢᠶᠠᠷᠤᠯᠲᠠ ᠳᠤ ᠣᠷᠣᠭᠤᠯᠬᠤ ᠬᠥᠮᠦᠨ ᠤ ᠲᠤᠭ᠎ᠠ ᠶᠢ 10% ᠠᠴᠠ ᠳᠣᠤᠷ᠎ᠠ ᠪᠠᠶᠢᠯᠭᠠᠵᠤ | ᠪᠣᠯᠬᠤ ᠥᠬᠡᠶ᠃ ︵ᠬᠤᠶᠠᠷ︶ ᠠᠵᠢᠯᠯᠠᠭᠠᠨ ᠤ ᠴᠠᠭ ᠬᠤᠭᠤᠴᠠᠭ᠎ᠠ᠃ 2024 ᠣᠨ ᠠᠴᠠ 2026 ᠣᠨ | ᠪᠣᠯᠲᠠᠯ᠎ᠠ᠃ | ᠭᠤᠷᠪᠠ᠂ ᠭᠤᠣᠯᠳᠠᠯᠭ᠎ᠠ ᠲᠠᠢ ᠡᠭᠦᠷᠭᠡ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ | ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠵᠤ᠂ ᠡᠷᠡᠭᠦᠯ ᠮᠡᠨᠳᠦ ᠠᠮᠢᠳᠤᠷᠠᠯ ᠢ ᠲᠦᠭᠡᠮᠡᠯᠵᠢᠭᠦᠯᠬᠦ᠂ | ᠡᠷᠡᠭᠦᠯ ᠮᠡᠨᠳᠦ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ᠂ ᠡᠷᠡᠭᠦᠯ ᠮᠡᠨᠳᠦ ᠶᠢᠨ ᠪᠠᠲᠤᠯᠠᠭ᠎ᠠ ᠶᠢ ᠲᠡᠭᠦᠯᠳᠡᠷᠵᠢᠭᠦᠯᠬᠦ᠂ | ᠡᠷᠡᠭᠦᠯ ᠮᠡᠨᠳᠦ ᠣᠷᠴᠢᠨ ᠲᠣᠭᠤᠷᠢᠨ ᠢ ᠪᠠᠶᠢᠭᠤᠯᠬᠤ ᠵᠡᠷᠭᠡ ᠪᠠᠷ ᠭᠤᠤᠯᠳᠠᠯᠭ᠎ᠠ ᠪᠣᠯᠭᠠᠨ᠂ ᠠᠵᠢᠯᠯᠠᠭᠠᠨ ᠤ | ᠠᠴᠢᠶᠠᠯᠠᠪᠤᠷᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠠᠵᠢᠯᠯᠠᠭᠠᠨ ᠤ ᠦᠷ᠎ᠡ ᠪᠦᠲᠦᠮᠵᠢ ᠶᠢ ᠳᠣᠪᠤᠶᠢᠯᠭᠠᠨ᠂ | ᠬᠢᠩᠭᠠᠨ ᠠᠶᠢᠮᠠᠭ ᠤᠨ ᠴᠢᠳᠠᠪᠤᠷᠢ ᠪᠠᠨ ᠠᠯᠳᠠᠭᠰᠠᠨ ᠣᠶᠤᠨ ᠢᠶᠠᠨ ᠠᠯᠳᠠᠭᠰᠠᠨ ᠨᠠᠰᠤᠲᠠᠶᠢᠴᠤᠳ ᠢ ᠤᠷᠢᠳᠴᠢᠯᠠᠨ | ᠰᠡᠷᠭᠡᠶᠢᠯᠡᠵᠦ ᠬᠠᠮᠢᠶᠠᠷᠬᠤ ᠠᠵᠢᠯ ᠢ ᠪᠥᠬᠦ ᠲᠠᠯ᠎ᠠ ᠪᠠᠷ ᠠᠬᠢᠭᠤᠯᠤᠨ᠎ᠠ᠃ ︵ᠨᠢᠭᠡ︶ ︽ᠡᠭᠦᠳᠡ ᠲᠣᠭᠰᠢᠬᠤ︾ | ᠡᠷᠡᠭᠦᠯ ᠮᠡᠨᠳᠦ ᠶᠢᠨ ᠬᠥᠮᠦᠵᠢᠯ ᠤᠨ ᠠᠵᠢᠯᠯᠠᠭ᠎ᠠ᠃ ᠲᠤᠷᠰᠢᠯᠲᠠ ᠬᠢᠬᠦ ᠨᠠᠰᠤᠲᠠᠶᠢᠴᠤᠳ ᠤᠨ ᠬᠡᠷᠡᠭᠴᠡᠭᠡ ᠳᠤ | ᠴᠢᠭᠯᠡᠭᠦᠯᠦᠨ᠂ ᠤᠳᠠᠭᠠᠨ ᠴᠢᠨᠠᠷᠲᠠᠶ ᠡᠪᠡᠳᠴᠢᠨ ᠤ ᠥᠪᠡᠷ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠢᠳᠡᠭᠡᠨ | ᠤᠮᠳᠠᠭᠠᠨ ᠤ ᠰᠢᠮ᠎ᠡ ᠲᠡᠵᠢᠭᠡᠯ᠂ ᠬᠥᠳᠡᠯᠭᠡᠭᠡᠨ ᠬᠢᠬᠦ ᠳᠤ ᠳᠣᠭᠢᠷᠠᠬᠤ᠂ ᠵᠢᠷᠦᠬᠡ ᠲᠠᠷᠢᠬᠢᠨ ᠤ ᠴᠢᠰᠤᠨ ᠰᠤᠳᠠᠯ ᠤᠨ | ᠡᠪᠡᠳᠴᠢᠨ ᠵᠢᠴᠢ ᠠᠶᠤᠯᠲᠠᠶ ᠬᠦᠴᠦᠨ ᠵᠦᠢᠯ ᠤᠨ ᠬᠠᠮᠢᠶᠠᠷᠤᠯᠲᠠ᠂ ᠢᠳᠡᠭᠡᠨ ᠤᠮᠳᠠᠭᠠᠨ ᠤ ᠬᠠᠮᠢᠶᠠᠷᠤᠯᠲᠠ᠂ | ᠪᠡᠶ᠎ᠡ ᠶᠢᠨ ᠬᠦᠨᠳᠦ ᠶᠢᠨ ᠬᠠᠮᠢᠶᠠᠷᠤᠯᠲᠠ᠂ ᠰᠤᠯᠠᠳᠬᠠᠬᠤ ᠪᠣᠯᠪᠠᠰᠤᠷᠠᠯ᠂ ᠰᠠᠭᠠᠲᠠᠯ ᠢ ᠡᠰᠡᠷᠭᠦᠴᠡᠬᠦ ᠪᠣᠯᠪᠠᠰᠤᠷᠠᠯ ᠵᠡᠷᠭᠡ | ᠠᠭᠤᠯᠭ᠎ᠠ ᠶᠢᠨ ᠲᠣᠭᠤᠷᠢᠨ ᠳᠤ᠂ ᠡᠷᠡᠭᠦᠯ ᠮᠡᠨᠳᠦ ᠶᠢᠨ ᠬᠥᠮᠦᠵᠢᠯ ᠤᠨ ᠮᠡᠳᠡᠯᠭᠡ ᠶᠢ ᠲᠦᠭᠡᠮᠡᠯᠵᠢᠭᠦᠯᠵᠦ᠂ ᠡᠷᠡᠭᠦᠯ | ᠮᠡᠨᠳᠦ ᠶᠢᠨ ᠵᠥᠪ ᠣᠶᠢᠯᠠᠭᠠᠭᠳᠠᠬᠤᠨ ᠢ ᠤᠯᠠᠮᠵᠢᠯᠠᠨ᠂ ᠨᠠᠰᠤᠲᠠᠶᠢᠴᠤᠳ ᠢ ᠬᠥᠲᠥᠯᠦᠨ ᠵᠢᠯᠣᠭᠤᠳᠴᠤ ᠪᠠᠶᠢᠭᠠᠳ | ᠡᠷᠡᠭᠦᠯ ᠮᠡᠨᠳᠦ ᠠᠮᠢᠳᠤᠷᠠᠯ ᠤᠨ ᠵᠥᠪ ᠳᠠᠳᠬᠠᠯ ᠪᠠ ᠡᠷᠡᠭᠦᠯ ᠮᠡᠨᠳᠦ ᠠᠮᠢᠳᠤᠷᠠᠯ ᠤᠨ ᠠᠷᠭ᠎ᠠ ᠮᠠᠶ᠋ᠢᠭ ᠲᠠᠢ ᠪᠣᠯᠭᠠᠨ᠎ᠠ᠃ | ᠵᠢᠯ ᠤᠨ ᠳᠣᠲᠣᠷ᠎ᠠ᠂ ᠰᠠᠷ᠎ᠠ ᠪᠦᠷᠢ ᠲᠤᠷᠰᠢᠯᠲᠠ ᠶᠢᠨ ᠴᠡᠭ ᠤᠨ ᠨᠡᠶᠢᠭᠡᠮ ᠲᠣᠭᠤᠷᠢᠭ ᠲᠤ ᠨᠠᠰᠤᠲᠠᠶᠢᠴᠤᠳ ᠤᠨ | ᠡᠷᠡᠭᠦᠯ ᠮᠡᠨᠳᠦ ᠶᠢᠨ ᠬᠥᠮᠦᠵᠢᠯ ᠤᠨ ᠲᠤᠰᠬᠠᠶ ᠰᠡᠳᠦᠪᠲᠦ ᠲᠠᠶᠢᠯᠤᠮᠵᠢ ᠶᠢ ᠨᠠᠭᠠᠳᠤ ᠵᠠᠬ᠎ᠠ ᠳᠠᠭᠠᠨ ᠨᠢᠭᠡ ᠤᠳᠠᠭ᠎ᠠ | ᠥᠷᠨᠢᠭᠦᠯᠬᠦ ᠶᠢᠨ ᠬᠠᠮᠲᠤ᠂ ᠨᠠᠭᠠᠳᠤ ᠵᠠᠬ᠎ᠠ ᠳᠠᠭᠠᠨ 10 ᠲᠤᠷᠰᠢᠯᠲᠠ ᠶᠢᠨ ᠴᠡᠭ ᠤᠨ ᠬᠡᠷ ᠪᠦᠯᠢ ᠳᠤ ︽ᠡᠭᠦᠳᠡ | ᠲᠣᠭᠰᠢᠵᠤ︾᠂ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠢ ᠨᠢᠭᠤᠷᠲᠠᠨ ᠥᠷᠨᠢᠭᠦᠯᠵᠦ᠂ ᠵᠢᠯ ᠤᠨ ᠡᠴᠦᠰ ᠠᠴᠠ | ᠡᠮᠦᠨ᠎ᠡ ᠲᠤᠷᠰᠢᠯᠲᠠ ᠶᠢᠨ ᠴᠡᠭ ᠤᠨ ᠬᠡᠷ ᠪᠦᠯᠢ ᠶᠢ ᠡᠷᠦᠬᠡ ᠳᠤ ᠣᠷᠣᠭᠤᠯᠬᠤ ᠶᠢ ᠪᠦᠬᠦᠨ ᠢ ᠬᠠᠮᠤᠷᠬᠤ ᠬᠡᠷᠡᠭᠲᠡᠶ᠃ | ︵ᠬᠤᠶᠠᠷ︶ ︽ᠡᠭᠦᠳᠡ ᠲᠣᠭᠰᠢᠵᠤ︾ ᠡᠮᠴᠢᠯᠡᠭᠡᠨ ᠤ ᠦᠢᠯᠡᠴᠢᠯᠡᠭᠡ ᠬᠦᠷᠭᠡᠬᠦ ᠠᠵᠢᠯᠯᠠᠭ᠎ᠠ᠃ ᠠᠶᠢᠮᠠᠭ ᠤᠨ | ᠱᠠᠲᠤᠨ ᠤ ︽ᠡᠭᠦᠳᠡ ᠲᠣᠭᠰᠢᠬᠤ︾ ᠡᠮᠴᠢᠯᠡᠭᠡᠨ ᠤ ᠰᠠᠯᠪᠤᠷᠢ ᠪᠠᠭ᠎ᠠ ᠠᠩᠭᠢ ᠶᠢ ᠵᠣᠬᠢᠶᠠᠨ ᠪᠠᠶᠢᠭᠤᠯᠵᠤ᠂ ᠬᠡᠰᠡᠭ | ᠬᠤᠪᠢᠶᠠᠨ ᠳᠠᠭᠠᠭᠠᠴᠢᠯᠠᠬᠤ ᠬᠡᠯᠪᠡᠷᠢ ᠶᠢ ᠠᠪᠴᠤ᠂ ︽ᠡᠷᠡᠭᠦᠯ ᠮᠡᠨᠳᠦ ᠶᠢ ᠪᠠᠲᠤᠯᠠᠬᠤ᠂ ᠭᠠᠷ ᠲᠦᠷᠦᠭᠦ ᠶᠢ | ᠴᠢᠩᠭᠠᠳᠬᠠᠬᠤ︾ ᠭᠤᠤᠯ ᠡᠭᠦᠷᠭᠡ ᠶᠢᠨ ᠲᠣᠭᠤᠷᠢᠨ ᠳᠤ᠂ ︽ᠰᠦᠯᠵᠢᠶᠡᠨ ᠤ ᠠᠵᠢᠯᠲᠠᠨ + ᠨᠡᠶᠢᠭᠡᠮ | ᠲᠣᠭᠤᠷᠢᠭ ᠤᠨ ᠺᠠᠳ᠋ᠷ + ᠬᠡᠷ ᠪᠦᠯᠢ ᠶᠢᠨ ᠡᠮᠴᠢ︾ ᠶᠢᠨ ᠦᠢᠯᠡᠴᠢᠯᠡᠭᠡᠨ ᠤ ᠳᠤᠭᠤᠶᠢᠯᠠᠩ ᠳᠤ ᠲᠦᠰᠢᠭᠯᠡᠨ᠂ | ᠲᠤᠷᠰᠢᠯᠲᠠ ᠶᠢᠨ ᠴᠡᠭ ᠤᠨ ᠬᠥᠮᠦᠰ ᠲᠤ ᠬᠡᠷ ᠲᠤᠨᠢ ᠬᠦᠷᠴᠦ ᠠᠯᠪᠠᠨ ᠵᠢᠷᠤᠮ ᠤᠨ ᠡᠮᠴᠢᠯᠡᠭᠡ ᠬᠢᠬᠦ᠂ | ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠡᠷᠡᠭᠦᠯ ᠮᠡᠨᠳᠦ ᠶᠢᠨ ᠬᠥᠮᠦᠵᠢᠯ ᠤᠨ ᠥᠪᠡᠷᠮᠢᠴᠡ ᠵᠣᠷ ᠢ | ᠲᠣᠭᠲᠠᠭᠠᠬᠤ ᠵᠡᠷᠭᠡ ᠡᠯᠪᠡᠭ ᠪᠠᠶᠠᠯᠢᠭ᠂ ᠨᠠᠷᠢᠯᠢᠭ ᠣᠨᠣᠴᠠᠲᠠᠶ᠂ ᠪᠦᠲᠦᠮᠵᠢᠲᠡᠶ ᠡᠷᠡᠭᠦᠯ ᠮᠡᠨᠳᠦ ᠶᠢᠨ ᠦᠢᠯᠡᠴᠢᠯᠡᠭᠡ | ᠬᠠᠩᠭᠠᠨ᠎ᠠ᠃ ᠡᠭᠦᠨ ᠤ ᠵᠡᠷᠭᠡ ᠳᠤ᠂ ᠭᠤᠤᠯᠳᠠᠯᠭ᠎ᠠ ᠲᠠᠢ ᠡᠪᠡᠳᠴᠢᠲᠡᠨ ᠳᠤ ᠴᠢᠭᠯᠡᠭᠦᠯᠦᠨ᠂ ᠡᠪᠡᠳᠴᠢᠨ ᠦᠵᠡᠭᠦᠯᠬᠦ | ᠪᠣᠬᠢᠷᠲᠤᠯ ᠥᠬᠡᠶ ᠵᠠᠮ ᠢ ᠨᠡᠭᠡᠭᠡᠵᠦ᠂ ᠡᠮᠨᠡᠯᠭᠡ ᠰᠢᠯᠵᠢᠭᠦᠯᠦᠨ ᠡᠮᠨᠡᠨ ᠵᠠᠰᠠᠬᠤ ᠳᠤ ᠬᠠᠮᠵᠢᠨ᠂ ᠡᠮᠴᠢᠯᠡᠭᠡᠨ ᠤ | ᠪᠠᠲᠤᠯᠠᠭ᠎ᠠ ᠶᠢᠨ ᠬᠠᠮᠤᠭ ᠡᠴᠦᠰ ᠤᠨ ᠨᠢᠭᠡ ᠺᠢᠯᠣᠮᠧᠲᠷ ᠢ ᠨᠡᠪᠲᠡᠷᠡᠭᠦᠯᠵᠦ᠂ ᠡᠷᠡᠭᠦᠯ ᠮᠡᠨᠳᠦ ᠶᠢᠨ ᠦᠢᠯᠡᠴᠢᠯᠡᠭᠡ ᠶᠢ | ᠣᠯᠠᠨ ᠲᠦᠮᠡᠨ ᠤ ︽ᠬᠡᠷ ᠤᠨ ᠡᠭᠦᠳᠡ︾ ᠳᠤ ᠬᠦᠷᠭᠡᠭᠰᠡᠨ ᠪᠠᠶᠢᠨ᠎ᠠ᠃ ᠵᠢᠯ ᠤᠨ ᠳᠣᠲᠣᠷ᠎ᠠ᠂ ︽ᠡᠭᠦᠳᠡ | ᠲᠣᠭᠰᠢᠬᠤ︾ ᠡᠮᠴᠢᠯᠡᠭᠡᠨ ᠤ ᠰᠠᠯᠪᠤᠷᠢ ᠪᠠᠭ᠎ᠠ ᠠᠩᠭᠢ ᠶᠢᠨ ᠬᠢᠨ ᠰᠠᠷ᠎ᠠ ᠪᠦᠷᠢ ᠨᠠᠭᠠᠳᠤ ᠵᠠᠬ᠎ᠠ ᠳᠠᠭᠠᠨ ᠨᠢᠭᠡ ᠤᠳᠠᠭ᠎ᠠ | ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠬᠦ ᠶᠢᠨ ᠬᠠᠮᠲᠤ᠂ ᠨᠠᠭᠠᠳᠤ ᠵᠠᠬ᠎ᠠ ᠳᠠᠭᠠᠨ 10 ᠡᠷᠦᠬᠡ ᠳᠤ | ︽ᠡᠭᠦᠳᠡ ᠲᠣᠭᠰᠢᠬᠤ︾ ᠲᠤᠷᠰᠢᠯᠲᠠ ᠶᠢᠨ ᠴᠡᠭ ᠤᠨ ᠬᠡᠷ ᠪᠦᠯᠢ ᠳᠤ ᠡᠷᠡᠭᠦᠯ ᠮᠡᠨᠳᠦ ᠬᠦᠷᠭᠡᠵᠦ᠂ ᠵᠢᠯ ᠤᠨ | ᠡᠴᠦᠰ ᠠᠴᠠ ᠡᠮᠦᠨ᠎ᠡ ᠲᠤᠷᠰᠢᠯᠲᠠ ᠶᠢᠨ ᠴᠡᠭ ᠤᠨ ᠬᠡᠷ ᠪᠦᠯᠢ ᠶᠢ ᠪᠦᠬᠦᠨ ᠢ ᠪᠦᠷᠬᠦᠭᠦᠯᠦᠨ᠎ᠡ᠃ ︵ᠭᠤᠷᠪᠠ︶ ︽ | ᠡᠭᠦᠳᠡ ᠲᠣᠭᠰᠢᠬᠤ︾ ᠪᠠᠷ ᠪᠡᠶ᠎ᠡ ᠴᠢᠭᠢᠷᠠᠭᠵᠢᠭᠤᠯᠬᠤ ᠶᠢ ᠬᠦᠷᠭᠡᠬᠦ ᠠᠵᠢᠯᠯᠠᠭ᠎ᠠ᠃ ᠨᠠᠰᠤᠲᠠᠶᠢᠴᠤᠳ ᠤᠨ ᠰᠢᠨᠵᠢᠯᠡᠬᠦ | ᠤᠬᠠᠭᠠᠨ ᠤ ᠬᠥᠳᠡᠯᠭᠡᠭᠡᠨ ᠤ ᠵᠢᠯᠣᠭᠤᠳᠣᠯᠭ᠎ᠠ ᠨᠠᠰᠤᠲᠠᠶᠢᠴᠤᠳ ᠤᠨ ᠰᠢᠨᠵᠢᠯᠡᠬᠦ ᠤᠬᠠᠭᠠᠨ ᠤ ᠬᠥᠳᠡᠯᠭᠡᠭᠡᠨ ᠤ ᠤᠷ᠎ᠠ | ᠴᠢᠳᠠᠪᠤᠷᠢ᠂ ᠠᠷᠭ᠎ᠠ ᠬᠡᠯᠪᠡᠷᠢ ᠪᠠ ᠠᠷᠭ᠎ᠠ ᠶᠢ ᠳᠡᠯᠭᠡᠷᠡᠭᠦᠯᠵᠦ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠤᠷᠢᠳᠴᠢᠯᠠᠨ | ᠰᠡᠷᠭᠡᠶᠢᠯᠡᠬᠦ ᠴᠢᠳᠠᠪᠤᠷᠢ ᠪᠠᠨ ᠠᠯᠳᠠᠬᠤ ᠵᠡᠷᠭᠡ ᠰᠢᠨᠵᠢᠯᠡᠬᠦ ᠤᠬᠠᠭᠠᠨ ᠤ ᠪᠡᠶ᠎ᠡ ᠶᠢᠨ ᠲᠠᠮᠢᠷ ᠤᠨ ᠮᠡᠳᠡᠯᠭᠡ ᠶᠢ | ᠤᠬᠠᠭᠤᠯᠵᠤ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠳᠣᠭᠢᠷᠠᠬᠤ ᠮᠡᠷᠭᠡᠵᠢᠯ ᠤᠨ ᠲᠤᠰᠬᠠᠶ ᠮᠡᠷᠭᠡᠵᠢᠯ ᠢ | ᠪᠠᠳᠠᠷᠠᠭᠤᠯᠤᠨ᠂ ᠨᠠᠰᠤᠲᠠᠶᠢᠴᠤᠳ ᠲᠤ ᠳᠣᠭᠢᠷᠠᠬᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠪᠡᠶ᠎ᠡ ᠰᠤᠪᠢᠯᠠᠬᠤ | ᠮᠡᠳᠡᠯᠭᠡ᠂ ᠮᠡᠷᠭᠡᠵᠢᠯ ᠪᠠ ᠠᠷᠭ᠎ᠠ ᠶᠢ ᠲᠦᠭᠡᠮᠡᠯᠵᠢᠭᠦᠯᠵᠦ᠂ ᠨᠡᠷᠡᠭᠦᠶ ᠨᠢᠳᠤᠷᠭ᠎ᠠ᠂ ᠪᠠ ᠳ᠋ᠤᠸᠠᠨ ᠶᠢᠨ ᠵᠡᠷᠭᠡ ᠬᠢᠲᠠᠳ | ᠡᠮᠨᠡᠯᠭᠡ ᠮᠣᠩᠭᠤᠯ ᠡᠮᠨᠡᠯᠭᠡ ᠶᠢᠨ ᠡᠷᠡᠭᠦᠯ ᠮᠡᠨᠳᠦ ᠶᠢᠨ ᠮᠡᠳᠡᠯᠭᠡ ᠪᠠ ᠤᠯᠠᠮᠵᠢᠯᠠᠯᠲᠤ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠲᠥᠷᠥᠯ ᠵᠤᠶᠢᠯ ᠢ ᠤᠯᠠᠮᠵᠢᠯᠠᠵᠤ᠂ ᠰᠢᠨᠵᠢᠯᠡᠬᠦ ᠤᠬᠠᠭᠠᠨᠴᠢ ᠪᠠᠷ ᠪᠡᠶ᠎ᠡ ᠪᠠᠨ ᠴᠢᠭᠢᠷᠠᠭᠵᠢᠭᠤᠯᠤᠨ | ᠨᠠᠰᠤᠲᠠᠶᠢᠴᠤᠳ ᠤᠨ ᠡᠷᠡᠭᠦᠯ ᠮᠡᠨᠳᠦ ᠳᠤ ᠬᠦᠴᠦ ᠨᠡᠮᠡᠷᠢᠯᠡᠵᠦ᠂ ᠴᠢᠳᠠᠪᠤᠷᠢ ᠪᠠᠨ ᠠᠯᠳᠠᠵᠤ ᠣᠶᠤᠨ ᠴᠢᠳᠠᠪᠤᠷᠢ ᠪᠠᠨ | ᠠᠯᠳᠠᠬᠤ ᠡᠭᠦᠰᠬᠦ ᠶᠢ ᠤᠷᠢᠳᠴᠢᠯᠠᠨ ᠰᠡᠷᠭᠡᠶᠢᠯᠡᠵᠦ ᠬᠠᠮᠢᠶᠠᠷᠤᠨ᠎ᠠ᠃ ᠡᠷᠡᠭᠦᠯᠵᠢᠭᠦᠯᠬᠦ ᠡᠮᠴᠢᠯᠡᠭᠡᠨ ᠤ ᠮᠡᠷᠭᠡᠵᠢᠯ ᠢ | ᠵᠣᠬᠢᠰᠲᠠᠶ ᠳᠡᠯᠭᠡᠷᠡᠭᠦᠯᠵᠦ᠂ ᠨᠠᠰᠤᠲᠠᠶᠢᠴᠤᠳ ᠢ ᠬᠠᠪᠰᠤᠷᠤᠨ ᠡᠷᠡᠭᠦᠯᠵᠢᠭᠦᠯᠬᠦ ᠣᠨᠣᠯᠵᠢᠬᠤᠨ ᠢ ᠨᠢ ᠳᠡᠭᠡᠭᠰᠢᠯᠡᠭᠦᠯᠦᠨ᠎ᠡ | ᠃ ᠵᠢᠯ ᠤᠨ ᠳᠣᠲᠣᠷ᠎ᠠ᠂ ᠰᠠᠷ᠎ᠠ ᠪᠦᠷᠢ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠨᠠᠰᠤᠲᠠᠶᠢᠴᠤᠳ ᠤᠨ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠥᠷᠨᠢᠭᠦᠯᠬᠦ ᠶᠢᠨ ᠬᠠᠮᠲᠤ᠂ ᠨᠠᠭᠠᠳᠤ ᠵᠠᠬ᠎ᠠ ᠳᠠᠭᠠᠨ | 10 ᠡᠷᠦᠬᠡ ᠶᠢᠨ ᠲᠤᠷᠰᠢᠯᠲᠠ ᠶᠢᠨ ᠴᠡᠭ ᠤᠨ ᠬᠡᠷ ᠪᠦᠯᠢ ᠳᠤ ︽ᠡᠭᠦᠳᠡ ᠲᠣᠭᠰᠢᠵᠤ︾ ᠡᠷᠡᠭᠦᠯ ᠮᠡᠨᠳᠦ ᠬᠦᠷᠭᠡᠵᠦ᠂ | ᠵᠢᠯ ᠤᠨ ᠡᠴᠦᠰ ᠠᠴᠠ ᠡᠮᠦᠨ᠎ᠡ ᠲᠤᠷᠰᠢᠯᠲᠠ ᠶᠢᠨ ᠴᠡᠭ ᠤᠨ ᠬᠡᠷ ᠪᠦᠯᠢ ᠶᠢ ᠡᠷᠦᠬᠡ ᠳᠤ ᠣᠷᠣᠭᠤᠯᠬᠤ ᠶᠢ ᠪᠦᠬᠦᠨ ᠢ | ᠪᠦᠷᠬᠦᠭᠦᠯᠦᠨ᠎ᠡ᠃ ︵ᠳᠥᠷᠪᠡ︶ ︽ᠡᠭᠦᠳᠡ ᠲᠣᠭᠰᠢᠬᠤ︾ ᠪᠠᠷ ᠠᠮᠤᠷ ᠲᠦᠪᠰᠢᠨ ᠢ ᠬᠦᠷᠭᠡᠬᠦ ᠠᠵᠢᠯᠯᠠᠭ᠎ᠠ᠃ | ᠤᠯᠠᠷᠢᠯ ᠪᠦᠷᠢ ᠳᠤ ᠠᠳᠠᠭ ᠲᠠᠭᠠᠨ ᠨᠢᠭᠡ ᠤᠳᠠᠭ᠎ᠠ ︽ᠠᠮᠤᠷ ᠲᠦᠪᠰᠢᠨ ᠢ ᠪᠠᠲᠤᠯᠠᠵᠤ᠂ ᠠᠮᠤᠷ ᠠᠮᠤᠭᠤᠯᠠᠩ ᠢ | ᠬᠦᠷᠭᠡᠬᠦ︾ ᠪᠠᠷ ᠭᠤᠤᠯ ᠰᠡᠳᠦᠪ ᠪᠣᠯᠭᠠᠭᠰᠠᠨ ︽ᠡᠭᠦᠳᠡ ᠲᠣᠭᠰᠢᠬᠤ︾ ᠠᠵᠢᠯᠯᠠᠭ᠎ᠠ ᠥᠷᠨᠢᠭᠦᠯᠵᠦ᠂ | ᠲᠤᠷᠰᠢᠯᠲᠠ ᠶᠢᠨ ᠴᠡᠭ ᠤᠨ ᠨᠡᠶᠢᠭᠡᠮ ᠲᠣᠭᠤᠷᠢᠭ᠂ ᠲᠤᠷᠰᠢᠯᠲᠠ ᠶᠢᠨ ᠴᠡᠭ ᠤᠨ ᠬᠡᠷ ᠪᠦᠯᠢ ᠳᠤ ᠠᠮᠤᠷ ᠲᠦᠪᠰᠢᠨ ᠤ | ᠮᠡᠳᠡᠯᠭᠡ ᠶᠢ ᠤᠯᠠᠮᠵᠢᠯᠠᠨ᠂ ᠠᠮᠤᠷ ᠲᠦᠪᠰᠢᠨ ᠤ ᠰᠡᠷᠡᠮᠵᠢ ᠶᠢᠨ ᠯᠣᠽᠦ᠋ᠩ ᠵᠢᠴᠢ ᠠᠮᠤᠷ ᠲᠦᠪᠰᠢᠨ ᠤ ᠮᠡᠳᠡᠯᠭᠡ ᠶᠢᠨ | ᠤᠬᠠᠭᠤᠯᠭ᠎ᠠ ᠶᠢᠨ ᠬᠠᠭᠤᠳᠠᠰᠤ ᠨᠠᠭᠠᠵᠤ᠂ ᠠᠮᠤᠷ ᠲᠦᠪᠰᠢᠨ ᠤ ᠤᠬᠠᠭᠤᠯᠭ᠎ᠠ ᠶᠢᠨ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠬᠤ ᠬᠡᠷᠡᠭᠲᠡᠶ᠃ ᠡᠭᠦᠨ ᠤ ᠬᠠᠮᠲᠤ᠂ ᠭᠠᠯ ᠤᠨᠲᠠᠷᠠᠭᠠᠬᠤ᠂ ᠴᠠᠬᠢᠯᠭᠠᠨ ᠬᠦᠴᠦᠨ ᠵᠡᠷᠭᠡ | ᠰᠠᠯᠠᠭ᠎ᠠ ᠮᠥᠴᠢᠷ ᠲᠠᠢ ᠬᠠᠮᠲᠤᠷᠠᠨ᠂ ᠲᠤᠷᠰᠢᠯᠲᠠ ᠶᠢᠨ ᠴᠡᠭ ᠤᠨ ᠨᠡᠶᠢᠭᠡᠮ ᠲᠣᠭᠤᠷᠢᠭ᠂ ᠲᠤᠷᠰᠢᠯᠲᠠ ᠶᠢᠨ ᠴᠡᠭ ᠤᠨ | ᠬᠡᠷ ᠪᠦᠯᠢ ᠳᠤ ᠴᠠᠬᠢᠯᠭᠠᠨ ᠬᠡᠷᠡᠭᠰᠡᠯ ᠤᠨ ᠱᠤᠭᠤᠮ᠂ ᠲᠣᠭᠤᠭᠠᠨ ᠬᠡᠷ ᠤᠨ ᠨᠡᠭᠦᠷᠡᠰᠦᠨ ᠬᠡᠶ ᠵᠢᠴᠢ ᠭᠠᠯ | ᠤᠨᠲᠠᠷᠠᠭᠠᠬᠤ ᠵᠠᠮ ᠵᠡᠷᠭᠡ ᠭᠤᠤᠯᠳᠠᠯᠭ᠎ᠠ ᠲᠠᠢ ᠬᠡᠰᠡᠭ ᠤᠨ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠵᠦ᠂ | ᠨᠠᠰᠤᠲᠠᠶᠢᠴᠤᠳ ᠲᠤ ᠠᠮᠤᠷ ᠲᠦᠪᠰᠢᠨ ᠪᠥᠭᠡᠳ ᠲᠣᠭᠲᠠᠭᠤᠨ ᠠᠮᠢᠳᠤᠷᠠᠯ ᠤᠨ ᠣᠷᠴᠢᠨ ᠲᠣᠭᠤᠷᠢᠨ ᠢ ᠪᠣᠶ | ᠪᠣᠯᠭᠠᠵᠤ ᠥᠭᠭᠦᠨ᠎ᠡ᠃ ᠵᠢᠯ ᠤᠨ ᠰᠡᠭᠦᠯᠴᠢ ᠠᠴᠠ ᠡᠮᠦᠨ᠎ᠡ ᠬᠡᠷ ᠪᠦᠯᠢ ᠶᠢ ᠡᠷᠦᠬᠡ ᠳᠤ ᠣᠷᠣᠭᠤᠯᠬᠤ ᠶᠢ ᠨᠡᠶᠢᠳᠡᠮ | ᠬᠠᠮᠤᠷᠤᠨ᠎ᠠ᠃ ︵ᠲᠠᠪᠤ︶ ︽ᠡᠭᠦᠳᠡ ᠲᠣᠭᠰᠢᠬᠤ︾ ᠴᠡᠪᠡᠷᠯᠡᠭᠡ ᠬᠦᠷᠭᠡᠬᠦ ᠠᠵᠢᠯᠯᠠᠭ᠎ᠠ᠃ ᠰᠦᠯᠵᠢᠶᠡᠨ ᠤ ᠠᠵᠢᠯᠲᠠᠨ | ᠂ ᠨᠡᠶᠢᠭᠡᠮ ᠲᠣᠭᠤᠷᠢᠭ ᠤᠨ ᠺᠠᠳ᠋ᠷ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢ ᠳᠤ ᠲᠦᠰᠢᠭᠯᠡᠨ | ᠡᠭᠦᠳᠡ ᠲᠣᠭᠰᠢᠵᠤ ᠠᠷᠢᠭᠤᠨ ᠴᠡᠪᠡᠷ ᠰᠠᠶᠢᠨ ᠳᠤᠷ᠎ᠠ ᠶᠢᠨ ᠠᠩᠭᠢ ᠶᠢ ᠵᠣᠬᠢᠶᠠᠨ ᠪᠠᠶᠢᠭᠤᠯᠵᠤ᠂ ᠲᠤᠷᠰᠢᠯᠲᠠ ᠶᠢᠨ | ᠴᠡᠭ ᠪᠣᠯᠬᠤ ᠬᠡᠷ ᠪᠦᠯᠢ ᠲᠠᠢ ᠬᠠᠮᠵᠢᠯᠴᠠᠨ ᠠᠮᠢᠳᠤᠷᠠᠯ ᠤᠨ ᠣᠷᠴᠢᠨ ᠲᠣᠭᠤᠷᠢᠨ ᠢ ᠠᠷᠢᠭᠤᠨ ᠴᠡᠪᠡᠷ ᠪᠠᠶᠢᠯᠭᠠᠬᠤ | ᠠᠵᠢᠯᠯᠠᠭ᠎ᠠ ᠶᠢ ᠥᠷᠨᠢᠭᠦᠯᠵᠦ᠂ ᠨᠠᠰᠤᠲᠠᠶᠢᠴᠤᠳ ᠤᠨ ᠬᠡᠷ ᠪᠦᠯᠢ ᠶᠢᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠤᠯᠠᠮ | ᠨᠢᠭᠡ ᠠᠯᠬᠤᠮ ᠳᠡᠭᠡᠭᠰᠢᠯᠡᠭᠦᠯᠦᠨ᠂ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ | ᠡᠷᠡᠭᠦᠯ ᠴᠢᠭᠢᠷᠠᠭ᠂ ᠠᠷᠢᠭᠤᠨ ᠴᠡᠪᠡᠷ ᠬᠡᠷ ᠪᠦᠯᠢ ᠶᠢᠨ ᠠᠮᠢᠳᠤᠷᠠᠯ ᠤᠨ ᠰᠢᠨ᠎ᠡ ᠣᠨᠣᠯᠵᠢᠬᠤᠨ ᠢ ᠪᠣᠶ ᠪᠣᠯᠭᠠᠵᠤ᠂ | ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠰᠢᠨ᠎ᠡ ᠬᠡᠷ ᠣᠷᠣᠨ ᠢ ᠬᠠᠮᠲᠤᠪᠠᠷ ᠪᠥᠲᠥᠭᠡᠨ | ᠪᠠᠶᠢᠭᠤᠯᠵᠤ᠂ ᠡᠷᠡᠭᠦᠯ ᠮᠡᠨᠳᠦ ᠶᠢᠨ ᠡᠰ — ᠡᠷᠡᠭᠦᠯ ᠡᠩᠬᠡ ᠬᠡᠷ ᠪᠦᠯᠢ ᠶᠢ ᠡᠭᠦᠳᠦᠨ ᠪᠠᠶᠢᠭᠤᠯᠬᠤ | ᠢᠨᠵᠧᠨᠧᠷᠢᠩ ᠳᠤ ᠬᠦᠴᠦ ᠨᠡᠮᠡᠷᠢᠯᠡᠨ᠎ᠡ᠃ ︵ᠵᠢᠷᠭᠤᠭ᠎ᠠ︶ ︽ᠡᠭᠦᠳᠡ ᠲᠣᠭᠰᠢᠬᠤ︾ ᠰᠡᠳᠬᠢᠴᠡ ᠶᠢᠨ | ᠦᠢᠯᠡᠴᠢᠯᠡᠭᠡᠨ ᠤ ᠠᠵᠢᠯᠯᠠᠭ᠎ᠠ᠃ ᠨᠠᠰᠤᠲᠠᠶᠢᠴᠤᠳ ᠤᠨ ᠣᠯᠠᠨ ᠡᠭᠦᠰᠳᠡᠭ ᠰᠡᠳᠬᠢᠴᠡ ᠶᠢᠨ ᠡᠪᠡᠳᠴᠢᠨ ᠳᠤ | ᠴᠢᠭᠯᠡᠭᠦᠯᠦᠨ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠶᠢ ᠬᠠᠨᠳᠤᠯᠭᠠᠲᠤ | ᠴᠢᠨᠠᠷᠲᠠᠶ ᠪᠠᠷ ᠥᠷᠨᠢᠭᠦᠯᠵᠦ᠂ ᠥᠪᠡᠷᠮᠢᠴᠡ ᠰᠡᠳᠬᠢᠴᠡ ᠶᠢᠨ ᠦᠢᠯᠡᠴᠢᠯᠡᠭᠡ ᠬᠠᠩᠭᠠᠵᠤ᠂ ᠨᠠᠰᠤᠲᠠᠶᠢᠴᠤᠳ ᠤᠨ ᠪᠡᠶ᠎ᠡ | ᠰᠡᠳᠬᠢᠯ ᠤᠨ ᠡᠷᠡᠭᠦᠯ ᠮᠡᠨᠳᠦ ᠳᠤ ᠪᠥᠬᠦ ᠶᠠᠪᠤᠴᠠ ᠪᠠᠷ ᠦᠢᠯᠡᠴᠢᠯᠡᠨ᠂ ᠨᠠᠰᠤᠲᠠᠶᠢᠴᠤᠳ ᠤᠨ ᠰᠡᠳᠬᠢᠴᠡ ᠶᠢᠨ | ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠯᠠᠷᠢᠯ ᠪᠦᠷᠢ ᠳᠤ ᠨᠠᠰᠤᠲᠠᠶᠢᠴᠤᠳ ᠤᠨ | ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠶᠢ ᠨᠠᠭᠠᠳᠤ ᠵᠠᠬ᠎ᠠ ᠳᠠᠭᠠᠨ 1 ᠤᠳᠠᠭ᠎ᠠ ᠥᠷᠨᠢᠭᠦᠯᠬᠦ ᠶᠢᠨ | ᠬᠠᠮᠲᠤ᠂ ᠨᠠᠭᠠᠳᠤ ᠵᠠᠬ᠎ᠠ ᠳᠠᠭᠠᠨ 10 ᠡᠷᠦᠬᠡ ᠶᠢᠨ ᠲᠤᠷᠰᠢᠯᠲᠠ ᠶᠢᠨ ᠴᠡᠭ ᠤᠨ ᠬᠡᠷ ᠪᠦᠯᠢ ᠳᠤ ︽ᠡᠭᠦᠳᠡ | ᠲᠣᠭᠰᠢᠵᠤ︾ ᠡᠷᠡᠭᠦᠯ ᠮᠡᠨᠳᠦ ᠬᠦᠷᠭᠡᠵᠦ᠂ ᠵᠢᠯ ᠤᠨ ᠡᠴᠦᠰ ᠠᠴᠠ ᠡᠮᠦᠨ᠎ᠡ ᠲᠤᠷᠰᠢᠯᠲᠠ ᠶᠢᠨ ᠴᠡᠭ ᠤᠨ ᠬᠡᠷ | ᠪᠦᠯᠢ ᠶᠢ ᠴᠥᠮ ᠡᠷᠦᠬᠡ ᠳᠤ ᠣᠷᠣᠭᠤᠯᠤᠨ᠎ᠠ᠃ ︵ᠳᠣᠯᠤᠭ᠎ᠠ︶ ︽ᠡᠭᠦᠳᠡ ᠲᠣᠭᠰᠢᠬᠤ︾ ᠡᠷᠡᠭᠦᠯ ᠮᠡᠨᠳᠦ | ᠡᠷᠡᠭᠦᠯᠵᠢᠯ ᠤᠨ ᠪᠠᠭᠠᠵᠢ ᠬᠡᠷᠡᠭᠰᠡᠯ ᠤᠨ ᠪᠣᠭᠤᠳᠠᠯ ᠬᠦᠷᠭᠡᠬᠦ ᠠᠵᠢᠯᠯᠠᠭ᠎ᠠ᠃ ᠨᠠᠰᠤᠲᠠᠶᠢᠴᠤᠳ ᠤᠨ ᠡᠷᠡᠭᠦᠯ ᠮᠡᠨᠳᠦ ᠶᠢᠨ | ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ︽ᠨᠠᠰᠤᠲᠠᠶᠢᠴᠤᠳ ᠤᠨ ᠡᠷᠡᠭᠦᠯ ᠮᠡᠨᠳᠦ ᠶᠢᠨ ᠭᠤᠤᠯᠯᠠᠬᠤ | ᠮᠡᠳᠡᠭᠡ ᠵᠠᠩᠭᠢ︾ ︽ᠨᠠᠰᠤᠲᠠᠶᠢᠴᠤᠳ ᠤᠨ ᠤᠨᠠᠬᠤ ᠶᠢ ᠤᠷᠢᠳᠴᠢᠯᠠᠨ ᠰᠡᠷᠭᠡᠶᠢᠯᠡᠬᠦ ᠭᠤᠤᠯᠯᠠᠬᠤ ᠮᠡᠳᠡᠭᠡ ᠵᠠᠩᠭᠢ︾ | ︽ᠴᠢᠳᠠᠪᠤᠷᠢ ᠪᠠᠨ ᠠᠯᠳᠠᠬᠤ ᠶᠢ ᠤᠷᠢᠳᠴᠢᠯᠠᠨ ᠰᠡᠷᠭᠡᠶᠢᠯᠡᠬᠦ ᠭᠤᠤᠯᠯᠠᠬᠤ ᠮᠡᠳᠡᠭᠡ ᠵᠠᠩᠭᠢ︾ ᠵᠡᠷᠭᠡ | ᠨᠠᠰᠤᠲᠠᠶᠢᠴᠤᠳ ᠤᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠤ ᠮᠡᠳᠡᠯᠭᠡ ᠪᠠ ᠨᠠᠰᠤᠲᠠᠶᠢᠴᠤᠳ ᠤᠨ ᠡᠷᠡᠭᠦᠯ | ᠮᠡᠨᠳᠦ ᠶᠢᠨ ᠤᠶᠢᠯᠡᠴᠢᠯᠡᠭᠡᠨ ᠤ ᠲᠥᠷᠥ ᠶᠢᠨ ᠪᠣᠳᠣᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ | ᠬᠡᠷᠡᠭᠯᠡᠭᠡᠨ ᠤ ᠴᠢᠨᠠᠷ ᠢᠶᠠᠷ ᠴᠢᠩᠭ᠎ᠠ ᠡᠷᠡᠭᠦᠯ ᠮᠡᠨᠳᠦ ᠶᠢᠨ ᠬᠥᠮᠦᠵᠢᠯ ᠤᠬᠠᠭᠤᠯᠭ᠎ᠠ ᠶᠢᠨ ᠤᠶᠢᠯᠡᠳᠭᠦᠨ ᠢ ᠨᠡᠭᠡᠭᠡᠨ | ᠬᠥᠭᠵᠢᠭᠦᠯᠦᠨ᠎ᠡ᠃ ᠪᠡᠶ᠎ᠡ ᠶᠢᠨ ᠳᠤᠯᠠᠭᠠᠨ ᠤ ᠬᠡᠮᠵᠢᠭᠦᠷ᠂ ᠪᠦᠰᠡᠯᠡᠭᠦᠷ ᠤᠨ ᠬᠡᠮᠵᠢᠶ᠎ᠡ᠂ ᠳᠠᠪᠤᠰᠤ ᠬᠢᠵᠠᠭᠠᠷᠯᠠᠬᠤ | ᠰᠢᠨᠠᠭ᠎ᠠ᠂ ᠴᠠᠩᠬ᠎ᠠ ᠬᠤᠰᠤᠬᠤ ᠬᠠᠪᠲᠠᠰᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠮᠡᠳᠡᠯᠭᠡ ᠶᠢᠨ ᠨᠤᠭᠤᠯᠤᠭᠠᠰᠤ | ᠵᠡᠷᠭᠡ ᠡᠷᠡᠭᠦᠯ ᠮᠡᠨᠳᠦ ᠶᠢᠨ ᠪᠠᠭᠠᠵᠢ ᠬᠡᠷᠡᠭᠰᠡᠯ ᠢ ᠪᠠᠭᠲᠠᠭᠠᠭᠰᠠᠨ ︽ᠨᠠᠰᠤᠲᠠᠶᠢᠴᠤᠳ ᠤᠨ ᠡᠷᠡᠭᠦᠯ ᠮᠡᠨᠳᠦ ᠡᠷᠡᠭᠦᠯ | ᠮᠡᠨᠳᠦ ᠶᠢ ᠬᠠᠮᠠᠭᠠᠯᠠᠬᠤ ᠪᠠᠭᠠᠵᠢ ᠬᠡᠷᠡᠭᠰᠡᠯ︾ ᠢ ᠲᠦᠭᠡᠭᠡᠨ ᠥᠭᠴᠦ᠂ ᠨᠠᠰᠤᠲᠠᠶᠢᠴᠤᠳ ᠢ ᠬᠠᠪᠰᠤᠷᠤᠨ ᠦᠷᠭᠦᠯᠵᠢ | ᠲᠣᠬᠢᠶᠠᠯᠳᠤᠬᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠡᠷᠡᠭᠦᠯᠵᠢᠭᠦᠯᠬᠦ᠂ ᠭᠡᠷ ᠤᠨ ᠬᠡᠷᠡᠭᠯᠡᠭᠡᠨ ᠤ ᠲᠦᠷᠭᠡᠨ | ᠠᠪᠤᠷᠠᠯᠲᠠ ᠶᠢᠨ ᠮᠡᠳᠡᠯᠭᠡ ᠵᠡᠷᠭᠡ ᠡᠷᠡᠭᠦᠯ ᠮᠡᠨᠳᠦ ᠡᠷᠡᠭᠦᠯ ᠮᠡᠨᠳᠦ ᠶᠢ ᠬᠠᠮᠠᠭᠠᠯᠠᠬᠤ ᠦᠨᠳᠦᠰᠦᠨ ᠮᠡᠳᠡᠯᠭᠡ ᠪᠠ | ᠴᠢᠳᠠᠪᠤᠷᠢ ᠶᠢ ᠡᠵᠡᠮᠰᠢᠭᠦᠯᠵᠦ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠪᠠ ᠦᠢᠯᠡ ᠠᠵᠢᠯᠯᠠᠭ᠎ᠠ ᠲᠠᠢ | ᠪᠣᠯᠭᠠᠨ᠎ᠠ᠃ ᠡᠷᠦᠬᠡ ᠪᠦᠷᠢ ᠳᠤ ᠨᠠᠭᠠᠳᠤ ᠵᠠᠬ᠎ᠠ ᠳᠠᠭᠠᠨ 1 ᠪᠠᠭᠠᠵᠢ ᠬᠡᠷᠡᠭᠰᠡᠯ ᠤᠨ ᠪᠣᠭᠤᠳᠠᠯ ᠣᠯᠭᠤᠨ᠎ᠠ᠃ | ᠳᠥᠷᠪᠡ᠂ ᠠᠵᠢᠯ ᠤᠨ ᠱᠠᠭᠠᠷᠳᠠᠯᠭ᠎ᠠ ︵ᠨᠢᠭᠡ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠶ | ᠵᠣᠬᠢᠶᠠᠨ ᠪᠠᠶᠢᠭᠤᠯᠬᠤ ᠬᠡᠷᠡᠭᠲᠡᠶ᠃ ᠡᠯ᠎ᠡ ᠭᠠᠵᠠᠷ ᠡᠯ᠎ᠡ ᠨᠢᠭᠡᠴᠢ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠰᠤᠲᠠᠶᠢᠴᠤᠳ ᠤᠨ | ᠴᠢᠳᠠᠪᠤᠷᠢ ᠪᠠᠨ ᠠᠯᠳᠠᠵᠤ ᠤᠬᠠᠭᠠᠨ ᠴᠢᠳᠠᠪᠤᠷᠢ ᠪᠠᠨ ᠠᠯᠳᠠᠬᠤ ᠶᠢ ᠤᠷᠢᠳᠴᠢᠯᠠᠨ ᠰᠡᠷᠭᠡᠶᠢᠯᠡᠬᠦ — ᠡᠷᠡᠭᠦᠯ | ᠮᠡᠨᠳᠦ ᠶᠢᠨ ︽ᠡᠭᠦᠳᠡ ᠲᠣᠭᠰᠢᠬᠤ ᠠᠵᠢᠯᠯᠠᠭ᠎ᠠ︾ ᠶᠢ ᠯᠠᠪᠳᠠᠭᠤᠨ ᠪᠠᠲᠤᠲᠠᠶ ᠥᠷᠨᠢᠭᠦᠯᠵᠦ᠂ ᠡᠯ᠎ᠡ ᠵᠤᠶᠢᠯ ᠤᠨ | ᠠᠵᠢᠯᠯᠠᠭ᠎ᠠ ᠳᠤ ᠬᠠᠷᠢᠭᠤᠴᠠᠯᠭᠠᠲᠠᠨ ᠤ ᠬᠠᠷᠢᠭᠤᠴᠠᠬᠤ ᠲᠦᠷᠢᠮ ᠢ ᠬᠡᠷᠡᠭᠵᠢᠭᠦᠯᠵᠦ᠂ ᠲᠤᠭ᠎ᠠ ᠨᠢ ᠲᠣᠳᠣᠷᠬᠠᠶ᠂ | ᠬᠠᠷᠠᠯᠲᠠ ᠨᠢ ᠲᠣᠳᠣᠷᠬᠠᠶ᠂ ᠠᠷᠭ᠎ᠠ ᠬᠡᠮᠵᠢᠶ᠎ᠡ ᠨᠢ ᠬᠦᠴᠦᠲᠡᠶ᠂ ᠪᠣᠳᠠᠲᠠᠶ ᠠᠬᠢᠭᠤᠯᠵᠤ᠂ ᠨᠠᠰᠤᠲᠠᠶᠢᠴᠤᠳ ᠤᠨ | ᠡᠷᠡᠭᠦᠯ ᠮᠡᠨᠳᠦ ᠶᠢᠨ ᠬᠡᠪ ᠪᠣᠯᠪᠠᠰᠤᠷᠠᠯ ᠪᠠ ᠡᠷᠡᠭᠦᠯ ᠮᠡᠨᠳᠦ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠬᠦ | ᠬᠡᠷᠡᠭᠲᠡᠶ᠃ ︵ᠬᠤᠶᠠᠷ︶ ᠨᠢᠭᠡᠳᠦᠯᠲᠡᠶ ᠲᠥᠯᠥᠪᠯᠡᠨ ᠠᠬᠢᠭᠤᠯᠵᠤ᠂ ᠥᠷᠭᠡᠨ ᠢᠶᠠᠷ ᠤᠬᠠᠭᠤᠯᠤᠨ᠎ᠠ᠃ ᠡᠯ᠎ᠡ ᠭᠠᠵᠠᠷ | ᠡᠯ᠎ᠡ ᠨᠢᠭᠡᠴᠡ ᠶᠢᠨ ᠬᠢᠨ ᠭᠠᠵᠠᠷ ᠣᠷᠣᠨ ᠪᠠ ᠠᠵᠢᠯ ᠲᠥᠷᠥᠯ ᠤᠨ ᠣᠨᠴᠠᠯᠢᠭ ᠢᠶᠠᠨ ᠳᠣᠪᠤᠶᠢᠯᠭᠠᠵᠤ᠂ ᠰᠦᠯᠵᠢᠶᠡᠨ | ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠬᠠᠭᠤᠯᠭ᠎ᠠ | ᠬᠥᠮᠦᠵᠢᠯ ᠤᠨ ᠪᠣᠯᠪᠠᠰᠤᠷᠠᠭᠤᠯᠤᠯ ᠤᠨ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠤᠨ᠂ ᠡᠷᠡᠭᠦᠯ ᠮᠡᠨᠳᠦ ᠶᠢᠨ | ᠬᠥᠮᠦᠵᠢᠯ ᠤᠨ ᠪᠠᠭᠰᠢ ᠶᠢᠨ ᠡᠩᠨᠡᠭᠡ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠡᠯ᠎ᠡ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠨᠤᠭᠤᠳ ᠠᠵᠢᠯᠯᠠᠬᠤ ᠳᠤᠭᠤᠶᠢᠯᠠᠩ ᠲᠠᠢ ᠢᠳᠡᠪᠬᠢᠲᠡᠶ ᠬᠠᠮᠵᠢᠯᠴᠠᠨ ᠡᠷᠡᠭᠦᠯ ᠮᠡᠨᠳᠦ ᠶᠢᠨ ︽ᠡᠭᠦᠳᠡ | ᠲᠣᠭᠰᠢᠬᠤ ᠠᠵᠢᠯᠯᠠᠭ᠎ᠠ︾ ᠶᠢ ᠰᠠᠶᠢᠲᠤᠷ ᠥᠷᠨᠢᠭᠦᠯᠵᠦ᠂ ᠣᠯᠠᠨ ᠬᠡᠯᠪᠡᠷᠢ ᠮᠠᠶ᠋ᠢᠭ ᠤᠨ ᠤᠬᠠᠭᠤᠯᠭ᠎ᠠ ᠶᠢᠨ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠯᠠᠭ᠎ᠠ ᠶᠢᠨ ᠨᠥᠯᠥᠭᠡᠯᠡᠬᠦ ᠬᠦᠴᠦᠨ ᠪᠠ ᠬᠠᠮᠤᠷᠬᠤ | ᠬᠡᠪᠴᠢᠶ᠎ᠡ ᠶᠢ ᠥᠷᠭᠡᠳᠬᠡᠨ᠂ ᠠᠵᠢᠯᠯᠠᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ︵ᠭᠤᠷᠪᠠ︶ | ᠬᠢᠨᠠᠮᠠᠭᠠᠶ ᠳ᠋ᠦᠩᠨᠡᠵᠦ᠂ ᠬᠢᠯᠠᠰ ᠴᠡᠭ ᠢ ᠠᠭᠤᠳᠠᠯᠤᠨ᠎ᠠ᠃ ᠤᠯᠠᠭᠠᠨᠬᠤᠲᠠ᠂ ᠵᠠᠯᠠᠶᠢᠳ ᠬᠤᠰᠢᠭᠤᠨ ᠤ ᠬᠢᠨ ᠬᠠᠭᠠᠰ | ᠵᠢᠯ ᠳᠤ ᠨᠢᠭᠡ ᠤᠳᠠᠭ᠎ᠠ ᠠᠵᠢᠯ ᠤᠨ ᠳ᠋ᠦᠩᠨᠡᠯᠲᠡ ᠪᠠᠨ ᠮᠡᠳᠡᠭᠦᠯᠦᠨ ᠬᠦᠷᠭᠡᠵᠦ᠂ ᠠᠵᠢᠯᠯᠠᠭ᠎ᠠ ᠶᠢᠨ ᠠᠵᠢᠯ ᠤᠨ ᠬᠢᠯᠠᠰ | ᠴᠡᠭ᠂ ᠣᠯᠠᠨ ᠲᠦᠮᠡᠨ ᠤ ᠬᠠᠷᠢᠭᠤ ᠲᠤᠰᠬᠠᠯ᠂ ᠢᠯᠡᠷᠡᠭᠦᠯᠦᠭᠰᠡᠨ ᠠᠰᠠᠭᠤᠳᠠᠯ ᠪᠠ ᠠᠵᠢᠯ ᠤᠨ ᠰᠠᠨᠠᠭᠤᠯᠭ᠎ᠠ | ᠵᠡᠷᠭᠡ ᠶᠢ ᠲᠥᠪᠯᠡᠷᠡᠭᠦᠯᠦᠨ ᠲᠤᠰᠬᠠᠵᠤ᠂ ᠥᠪᠡᠷᠮᠢᠴᠡ ᠣᠨᠴᠠᠯᠢᠭ᠂ ᠨᠡᠶᠢᠲᠡᠯᠢᠭ ᠵᠢᠱᠢᠶ᠎ᠡ᠂ ᠲᠤᠷᠰᠢᠯᠭ᠎ᠠ ᠭᠠᠷᠭᠠᠵᠤ᠂ | ᠨᠢᠭᠡ ᠪᠦᠯᠦᠭ ᠬᠠᠭᠤᠯᠪᠤᠷᠢᠯᠠᠵᠤ ᠪᠣᠯᠬᠤ᠂ ᠯᠠᠪᠯᠠᠯᠲᠠ ᠪᠣᠯᠭᠠᠵᠤ ᠪᠣᠯᠬᠤ᠂ ᠳᠡᠯᠭᠡᠷᠡᠭᠦᠯᠵᠦ ᠪᠣᠯᠬᠤ ᠤᠶᠢᠯᠡᠳᠤᠯᠭᠡ ᠶᠢᠨ | ᠦᠷ᠎ᠡ ᠪᠦᠲᠦᠭᠡᠯ ᠢ ᠪᠣᠶ ᠪᠣᠯᠭᠠᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠤᠶᠢᠯᠡᠴᠢᠯᠡᠭᠡᠨ ᠤ ᠰᠢᠰᠲ᠋ᠧᠮᠵᠢ ᠶᠢ | ᠪᠠᠶᠢᠭᠤᠯᠤᠨ ᠲᠡᠭᠦᠯᠳᠡᠷᠵᠢᠭᠦᠯᠬᠦ ᠳᠤ ᠰᠠᠭᠤᠷᠢ ᠲᠠᠯᠪᠢᠬᠤ ᠬᠡᠷᠡᠭᠲᠡᠶ᠃ | ᠳᠠᠭᠠᠯᠳᠤᠭᠤᠯᠤᠯ᠄ 1. ᠬᠢᠩᠭᠠᠨ ᠠᠶᠢᠮᠠᠭ ᠤᠨ ᠴᠢᠳᠠᠪᠤᠷᠢ ᠪᠠᠨ ᠠᠯᠳᠠᠭᠰᠠᠨ ᠣᠶᠤᠨ ᠢᠶᠠᠨ ᠠᠯᠳᠠᠭᠰᠠᠨ | ᠨᠠᠰᠤᠲᠠᠶᠢᠴᠤᠳ ᠢ ᠤᠷᠢᠳᠴᠢᠯᠠᠨ ᠰᠡᠷᠭᠡᠶᠢᠯᠡᠵᠦ ᠬᠠᠮᠢᠶᠠᠷᠬᠤ ᠲᠥᠷᠥᠯ ᠵᠦᠢᠯ ᠤᠨ ᠲᠤᠷᠰᠢᠯᠲᠠ ᠶᠢᠨ ᠴᠡᠭ — | ᠡᠷᠡᠭᠦᠯ ᠮᠡᠨᠳᠦ ᠶᠢᠨ ︽ᠡᠭᠦᠳᠡ ᠲᠣᠭᠰᠢᠬᠤ ᠠᠵᠢᠯᠯᠠᠭ᠎ᠠ︾ ᠶᠢᠨ ᠤᠳᠤᠷᠢᠳᠬᠤ ᠳᠤᠭᠤᠶᠢᠯᠠᠩ 2. ᠬᠢᠩᠭᠠᠨ | ᠠᠶᠢᠮᠠᠭ ᠤᠨ ᠴᠢᠳᠠᠪᠤᠷᠢ ᠪᠠᠨ ᠠᠯᠳᠠᠭᠰᠠᠨ ᠣᠶᠤᠨ ᠢᠶᠠᠨ ᠠᠯᠳᠠᠭᠰᠠᠨ ᠨᠠᠰᠤᠲᠠᠶᠢᠴᠤᠳ ᠢ ᠤᠷᠢᠳᠴᠢᠯᠠᠨ | ᠰᠡᠷᠭᠡᠶᠢᠯᠡᠵᠦ ᠬᠠᠮᠢᠶᠠᠷᠬᠤ ᠲᠥᠷᠥᠯ ᠵᠤᠶᠢᠯ ᠤᠨ ᠲᠤᠷᠰᠢᠯᠲᠠ ᠶᠢᠨ ᠴᠡᠭ — ᠡᠷᠡᠭᠦᠯ ᠮᠡᠨᠳᠦ ᠶᠢᠨ ︽ᠡᠭᠦᠳᠡ | ᠲᠣᠭᠰᠢᠬᠤ ᠠᠵᠢᠯᠯᠠᠭ᠎ᠠ︾ ᠠᠶᠢᠮᠠᠭ ᠤᠨ ᠲᠠᠰ ᠤᠨ ︽ᠡᠭᠦᠳᠡ ᠲᠣᠭᠰᠢᠬᠤ︾ ᠡᠮᠴᠢᠯᠡᠭᠡᠨ ᠤ ᠰᠠᠯᠪᠤᠷᠢ ᠪᠠᠭ᠎ᠠ | ᠠᠩᠭᠢ ᠶᠢᠨ ᠭᠡᠰᠢᠭᠦᠳ ᠤᠨ ᠨᠡᠷᠡᠰ ᠬᠢᠩᠭᠠᠨ ᠠᠶᠢᠮᠠᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠬᠥᠳᠡᠯᠭᠡᠭᠡᠨ ᠡᠷᠡᠭᠦᠯ ᠮᠡᠨᠳᠦ ᠬᠢᠩᠭᠠᠨ ᠠᠶᠢᠮᠠᠭ ᠤᠨ ᠠᠵᠢᠯᠯᠠᠭ᠎ᠠ ᠶᠢᠨ ᠵᠥᠪᠯᠡᠯ ᠤᠨ ᠠᠯᠪᠠᠨ ᠬᠡᠷ ᠤᠨ ᠠᠬᠢᠭᠤᠯᠬᠤ | ᠵᠥᠪᠯᠡᠯ ᠤᠨ ᠠᠯᠪᠠᠨ ᠬᠡᠷ | ᠬᠢᠩᠭᠠᠨ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | 2024 ᠣᠨ ᠤ 3 ᠰᠠᠷ᠎ᠠ ᠶᠢᠨ 11 ᠤ ᠡᠳᠦᠷ | ᠳᠠᠭᠠᠯᠳᠤᠭᠤᠯᠤᠯ ᠢ ᠬᠢᠩᠭᠠᠨ ᠠᠢᠮᠠᠭ ᠤᠨ ᠵᠠᠬᠢᠷᠭ᠎ᠠ ᠶᠢᠨ ᠬᠢᠲᠠᠳ ᠰᠦᠯᠵᠢᠶ᠎ᠡ ᠠᠴᠠ ᠦᠵᠡᠭᠡᠷᠡᠢ |