︽ᠴᠠᠭᠠᠨ ᠰᠠᠷ᠎ᠠ — ᠳᠤᠮᠳᠠᠳᠤᠴᠤᠳ ᠤᠨ ᠤᠯᠠᠮᠵᠢᠯᠠᠯᠲᠤ ᠰᠢᠨ᠎ᠡ ᠵᠢᠯ ᠢᠶᠠᠨ ᠪᠡᠯᠭᠡᠯᠡᠬᠦ ᠨᠡᠶᠢᠭᠡᠮ ᠤᠨ ᠦᠢᠯᠡᠳᠦᠯᠭᠡ︾ ᠬᠥᠮᠥᠨ ᠲᠥᠷᠥᠯᠬᠢᠲᠡᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠭᠴᠢ ᠪᠦᠲᠦᠭᠡᠯ ᠢᠶᠠᠷ ᠪᠦᠷᠢᠳᠭᠡᠭᠳᠡᠪᠡ
ᠨᠡᠶᠢᠲᠡᠯᠡᠭᠰᠡᠨ ᠴᠠᠭ᠄
2024/12/10
      ᠳᠤᠮᠳᠠᠳᠤ ᠤᠯᠤᠰ ᠤᠨ ᠮᠡᠳᠡᠭᠦᠯᠦᠭᠰᠡᠨ ︽ᠴᠠᠭᠠᠨ ᠰᠠᠷ᠎ᠠ — ᠳᠤᠮᠳᠠᠳᠤᠴᠤᠳ ᠤᠨ ᠤᠯᠠᠮᠵᠢᠯᠠᠯᠲᠤ ᠰᠢᠨ᠎ᠡ ᠵᠢᠯ ᠢᠶᠠᠨ ᠪᠡᠯᠭᠡᠯᠡᠬᠦ ᠨᠡᠶᠢᠭᠡᠮ ᠤᠨ ᠦᠢᠯᠡᠳᠦᠯᠭᠡ︾ 4 ᠤ ᠡᠳᠦᠷ ᠫᠠᠷᠠᠭᠤᠸᠠᠢ ᠶᠢᠨ ᠠᠰᠦ᠋ᠨᠰᠢᠤᠨ ᠲᠤ ᠶᠠᠪᠤᠭᠳᠠᠭᠰᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠵᠠᠰᠠᠭ ᠤᠨ ᠣᠷᠳᠣᠨ ᠤ ᠬᠤᠭᠤᠷᠣᠨᠳᠣᠬᠢ ᠵᠥᠪᠯᠡᠯ ᠤᠨ 19 ᠳ᠋ᠤᠭᠡᠷ ᠬᠤᠭᠤᠴᠠᠭᠠᠨ ᠤ ᠪᠠᠶᠢᠩᠭᠤ ᠶᠢᠨ ᠬᠤᠷᠠᠯ ᠳᠡᠭᠡᠷ᠎ᠡ ᠬᠢᠨᠠᠨ ᠰᠢᠯᠭᠠᠷᠠᠭᠤᠯᠤᠯᠲᠠ ᠳᠤ ᠬᠢᠷᠢ ᠲᠡᠩᠴᠡᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠬᠥᠮᠥᠨ ᠲᠥᠷᠥᠯᠬᠢᠲᠡᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠭᠴᠢ ᠪᠦᠲᠦᠭᠡᠯ ᠤᠨ ᠨᠡᠷᠡᠰ ᠲᠤ ᠵᠢᠭᠰᠠᠭᠠᠭᠳᠠᠵᠠᠢ᠃ ᠡᠶᠢᠨ ᠬᠦ ᠳᠤᠮᠳᠠᠳᠤ ᠤᠯᠤᠰ ᠤᠨ 44 ᠲᠥᠷᠥᠯ ᠵᠦᠢᠯ ᠨᠢ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠵᠢᠭᠰᠠᠭᠠᠯᠲᠠ᠂ ᠨᠡᠷᠡᠰ ᠤᠨ ᠪᠦᠷᠢᠳᠬᠡᠯ ᠳᠤ ᠣᠷᠣᠵᠤ᠂ ᠶᠡᠷᠦᠩᠬᠡᠢ ᠲᠤᠭ᠎ᠠ ᠨᠢ ᠳᠡᠯᠡᠬᠡᠢ ᠶᠢᠨ ᠨᠢᠭᠡᠳᠦᠭᠡᠷ ᠲᠤ ᠣᠷᠣᠭᠰᠠᠨ ᠪᠠᠶᠢᠨ᠎ᠠ᠃      ᠴᠠᠭᠠᠨ ᠰᠠᠷ᠎ᠠ ᠪᠣᠯ ᠤᠳᠬ᠎ᠠ ᠪᠠᠷ ᠬᠠᠮᠤᠭ ᠤᠨ ᠭᠦᠨ᠂ ᠠᠭᠤᠯᠭ᠎ᠠ ᠪᠠᠷ ᠬᠠᠮᠤᠭ ᠤᠨ ᠪᠠᠶᠠᠯᠢᠭ᠂ ᠣᠷᠣᠯᠴᠠᠬᠤ ᠬᠥᠮᠥᠨ ᠤ ᠲᠤᠭ᠎ᠠ ᠪᠠᠷ ᠬᠠᠮᠤᠭ ᠤᠨ ᠣᠯᠠᠨ᠂ ᠨᠥᠯᠥᠭᠡ ᠪᠠᠷ ᠬᠠᠮᠤᠭ ᠤᠨ ᠥᠷᠭᠡᠨ ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠪᠣᠯᠣᠨ᠎ᠠ᠃ ᠴᠠᠭᠠᠨ ᠰᠠᠷ᠎ᠠ ᠶᠢᠨ ᠤᠷᠢᠳ ᠬᠤᠵᠢᠳ ᠢᠶᠠᠷ ᠪᠥᠬᠦ ᠳᠡᠯᠡᠬᠡᠢ ᠶᠢᠨ ᠳᠤᠮᠳᠠᠳᠤᠴᠤᠳ ᠬᠠᠭᠤᠴᠢᠨ ᠢᠶᠠᠨ ᠦᠳᠡᠵᠦ ᠰᠢᠨ᠎ᠡ ᠶᠢ ᠤᠭᠲᠤᠬᠤ᠂ ᠥᠯᠵᠡᠢ ᠪᠡᠯᠭᠡ ᠪᠠᠨ ᠳᠠᠭᠠᠳᠬᠠᠬᠤ᠂ ᠴᠤᠭᠯᠠᠷᠠᠨ ᠨᠠᠶᠢᠷᠠᠯᠳᠤᠬᠤ ᠭᠤᠣᠯ ᠰᠡᠳᠦᠪ ᠤᠨ ᠲᠣᠭᠤᠷᠢᠨ ᠳᠤ ᠡᠨᠡ ᠬᠦ ᠪᠠᠶᠠᠷ ᠤᠨ ᠡᠳᠦᠷ ᠢᠶᠠᠨ ᠪᠡᠯᠭᠡᠯᠡᠳᠡᠭ᠃ ᠬᠡᠳᠦᠨ ᠮᠢᠩᠭᠠᠨ ᠵᠢᠯ ᠤᠨ ᠲᠤᠷᠰᠢ᠂ ᠴᠠᠭᠠᠨ ᠰᠠᠷ᠎ᠠ ᠨᠢ ᠬᠤᠪᠢ ᠬᠥᠮᠥᠨ᠂ ᠭᠡᠷ ᠪᠦᠯᠢ ᠪᠠ ᠤᠯᠤᠰ ᠤᠨ ᠬᠠᠶᠢᠷ᠎ᠠ ᠰᠡᠳᠬᠢᠯᠭᠡ ᠶᠢᠨ ᠬᠤᠯᠪᠣᠭᠠᠰᠤ ᠶᠢ ᠲᠠᠰᠤᠷᠠᠯᠲᠠ ᠦᠭᠡᠢ ᠬᠠᠮᠠᠭᠠᠯᠠᠨ ᠴᠢᠩᠭᠠᠷᠠᠭᠤᠯᠵᠤ᠂ ᠳᠤᠮᠳᠠᠳᠤ ᠶᠢᠨ ᠪᠣᠯᠪᠠᠰᠤᠨ ᠤ ᠦᠷᠬᠦᠯᠵᠢᠯᠡᠯ ᠤᠯᠠᠮᠵᠢᠯᠠᠯ ᠳᠤ ᠴᠢᠬᠤᠯᠠ ᠦᠢᠯᠡᠳᠦᠯ ᠦᠵᠡᠭᠦᠯᠵᠡᠢ᠃ ᠭᠠᠳᠠᠭᠠᠳᠤ ᠳᠤ ᠤᠯᠠᠮᠵᠢᠯᠠᠨ ᠲᠠᠷᠬᠠᠬᠤ ᠬᠡᠪᠴᠢᠶ᠎ᠡ ᠶᠢᠨ ᠡᠳᠦᠷ ᠢᠷᠡᠬᠦᠶ᠎ᠡ ᠥᠷᠭᠡᠳᠬᠦ ᠶᠢ ᠳᠠᠭᠠᠯᠳᠤᠨ᠂ ᠴᠠᠭᠠᠨ ᠰᠠᠷ᠎ᠠ ᠨᠢ ᠨᠢᠭᠡᠨᠲᠡ ᠳᠡᠯᠡᠬᠡᠢ ᠨᠡᠶᠢᠲᠡ ᠪᠠᠷ ᠢᠶᠠᠨ ᠬᠦᠯᠢᠶᠡᠨ ᠠᠪᠬᠤ᠂ ᠮᠡᠳᠡᠷᠡᠬᠦ ᠪᠠ ᠪᠠᠭ᠋ᠠᠷᠬᠠᠬᠤ ᠳᠤᠮᠳᠠᠳᠤ ᠶᠢᠨ ᠰᠣᠶᠣᠯ ᠤᠨ ᠲᠡᠮᠳᠡᠭ ᠪᠣᠯᠤᠭᠰᠠᠨ ᠪᠠᠶᠢᠨ᠎ᠠ᠃      ︽ᠴᠠᠭᠠᠨ ᠰᠠᠷ᠎ᠠ — ᠳᠤᠮᠳᠠᠳᠤᠴᠤᠳ ᠤᠨ ᠤᠯᠠᠮᠵᠢᠯᠠᠯᠲᠤ ᠰᠢᠨ᠎ᠡ ᠵᠢᠯ ᠢᠶᠠᠨ ᠪᠡᠯᠭᠡᠯᠡᠬᠦ ᠨᠡᠶᠢᠭᠡᠮ ᠤᠨ ᠦᠢᠯᠡᠳᠦᠯᠭᠡ︾ ᠶᠢ ᠳᠤᠮᠳᠠᠳᠤᠴᠤᠳ ᠲᠤ ᠬᠠᠮᠳᠦ ᠪᠠᠷ ᠡᠳ᠋ᠯᠡᠭᠦᠯᠤᠨ᠂ ᠪᠦᠬᠦ ᠤᠯᠤᠰ ᠤᠨ ᠡᠯ᠎ᠡ ᠭᠠᠵᠠᠷ ᠲᠤ ᠥᠷᠭᠡᠨ ᠢᠶᠠᠷ ᠦᠢᠯᠡᠳᠦᠯᠭᠡᠵᠢᠭᠦᠯᠦᠭᠰᠡᠨ ᠢᠶᠠᠷ᠂ ᠳᠤᠮᠳᠠᠳᠤᠴᠤᠳ ᠤᠨ ᠬᠥᠮᠥᠨ ᠤ ᠡᠰᠢ ᠶᠣᠰᠣᠨ ᠤ ᠬᠠᠶᠢᠷ᠎ᠠ ᠰᠡᠳᠬᠢᠯᠭᠡ᠂ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠢᠯᠡᠳᠬᠡᠵᠦ᠂ ᠬᠥᠮᠥᠨ ᠪᠠᠶᠢᠭᠠᠯᠢ ᠡᠶ᠎ᠡ ᠵᠤᠬᠢᠴᠠᠩᠭᠤᠢ ᠪᠠᠷ ᠬᠠᠮᠲᠤ ᠣᠷᠣᠰᠢᠬᠤ᠂ ᠬᠥᠮᠥᠨ ᠬᠦᠮᠦᠨ ᠬᠤᠭᠤᠷᠤᠨᠳᠦ ᠪᠠᠨ ᠡᠶ᠎ᠡ ᠨᠠᠶᠢᠷᠲᠠᠢ ᠬᠠᠮᠲᠤ ᠣᠷᠣᠰᠢᠬᠤ ᠦᠷᠳᠡᠭ ᠤᠨ ᠣᠶᠢᠯᠠᠭᠠᠭᠳᠠᠬᠤᠨ ᠢ ᠢᠯᠡᠷᠡᠭᠦᠯᠵᠦ᠂ ᠭᠡᠷ ᠪᠦᠯᠢ ᠶᠢᠨ ᠡᠶ᠎ᠡ ᠨᠠᠶᠢᠷᠠᠮᠳᠠᠭᠤ᠂ ᠨᠡᠶᠢᠭᠡᠮ ᠤᠨ ᠡᠶ᠎ᠡ ᠵᠣᠬᠢᠴᠠᠯ᠂ ᠠᠵᠤ ᠠᠬᠤᠢ ᠶᠢᠨ ᠬᠥᠭᠵᠢᠯᠲᠡ᠂ ᠣᠷᠴᠢᠨ ᠠᠬᠤᠢ ᠶᠢᠨ ᠬᠠᠮᠠᠭᠠᠯᠠᠯᠲᠠ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠲᠤᠰ ᠰᠤᠶᠤᠯ ᠤᠨ ᠥᠪ ᠤᠨ ᠲᠦᠷᠦᠯ ᠵᠦᠢᠯ ᠨᠢ ᠬᠥᠮᠥᠨ ᠲᠥᠷᠥᠯᠬᠢᠲᠡᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠭᠴᠢ ᠪᠦᠲᠦᠭᠡᠯ ᠤᠨ ᠨᠡᠷᠡᠰ ᠲᠤ ᠵᠢᠭᠰᠠᠭᠠᠭᠳᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠰᠣᠶᠣᠯ ᠤᠨ ᠮᠡᠳᠡᠷᠡᠮᠵᠢ ᠶᠢ ᠨᠡᠮᠡᠭᠳᠡᠭᠦᠯᠬᠦ᠂ ᠪᠦᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠬᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号