ᠮᠠᠨ ᠤ ᠤᠷᠤᠨ ᠤ ᠨᠠᠰᠤᠨ ᠳᠤ ᠭᠦᠷᠦᠭᠰᠡᠳ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠠᠵᠢᠯ 12 ᠰᠠᠷ᠎ᠠ ᠶᠢᠨ 6 ᠠᠴᠠ ᠡᠬᠢᠯᠡᠨ᠎ᠡ
ᠨᠡᠶᠢᠲᠡᠯᠡᠭᠰᠡᠨ ᠴᠠᠭ᠄
2024/12/10
        ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠠᠴᠠ ᠤᠶᠢᠯᠠᠭᠠᠭᠰᠠᠨ ᠢᠶᠠᠷ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠨ ᠳᠤ ᠭᠦᠷᠦᠭᠰᠡᠳ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ 12 ᠰᠠᠷ᠎ᠠ ᠶᠢᠨ 6 ᠤ ᠡᠳᠦᠷ ᠠᠴᠠ ᠡᠬᠢᠯᠡᠨ᠎ᠡ᠃ ᠡᠯᠰᠡᠬᠦ ᠠᠵᠢᠯ ᠢ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ᠂ ᠰᠦᠯᠵᠢᠶᠡᠨ ᠳᠡᠭᠡᠷ᠎ᠡ ᠡᠯᠰᠡᠬᠦ ᠠᠷᠭ᠎ᠠ ᠪᠠᠷ ᠶᠠᠪᠤᠭᠤᠯᠤᠨ᠎ᠠ᠃       ᠰᠢᠯᠭᠠᠯᠲᠠ ᠠᠴᠠ ᠬᠡᠯᠳᠦᠷᠢᠬᠦᠯᠦᠭᠰᠡᠨ ᠰᠣᠷᠣᠭᠴᠢ 12 ᠰᠠᠷ᠎ᠠ ᠶᠢᠨ 6 ᠤ ᠡᠳᠦᠷ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠨ᠎ᠠ︔ ᠲᠤᠰᠬᠠᠢ ᠮᠡᠷᠬᠡᠵᠢᠯ ᠤᠨ ᠠᠩᠭᠢ ᠠᠴᠠ ᠵᠢᠩᠬᠢᠨᠢ ᠠᠩᠭᠢ ᠳᠤ ᠳᠡᠪᠰᠢᠬᠤ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠵᠢᠩᠬᠢᠨᠢ ᠠᠩᠭᠢ ᠳᠤ ᠳᠡᠪᠰᠢᠬᠤ ᠰᠢᠯᠭᠠᠭᠤᠯᠤᠭᠴᠢ 12 ᠰᠠᠷ᠎ᠠ ᠶᠢᠨ 7 ᠤ ᠡᠳᠦᠷ ᠰᠦᠯᠵᠢᠶᠡᠨ ᠳᠡᠭᠡᠷ᠎ᠡ ᠠᠩᠬ᠎ᠠ ᠤᠳᠠᠭ᠎ᠠ ᠡᠷᠡᠮᠡᠯᠵᠡᠯ ᠲᠠᠭᠯᠠᠨ᠎ᠠ︔ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠩᠭᠢ ᠳᠤ ᠳᠡᠪᠰᠢᠬᠤ ᠰᠤᠷᠤᠭᠴᠢᠳ 12 ᠰᠠᠷ᠎ᠠ ᠶᠢᠨ 11 ᠤ ᠡᠳᠦᠷ ᠰᠦᠯᠵᠢᠶᠡᠨ ᠳᠡᠭᠡᠷ᠎ᠡ ᠠᠩᠬ᠎ᠠ ᠤᠳᠠᠭ᠎ᠠ ᠡᠷᠡᠮᠡᠯᠵᠡᠯ ᠲᠠᠭᠯᠠᠨ᠎ᠠ᠃ ᠰᠢᠯᠭᠠᠭᠤᠯᠤᠭᠰᠠᠳ ︽ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾ ᠳᠤ ᠭᠠᠷᠴᠤ᠂ ︽2024 ᠣᠨ ᠤ ᠰᠢᠯᠭᠠᠯᠲᠠ ᠶᠢᠨ ᠰᠦᠯᠵᠢᠶᠡᠨ ᠳᠡᠭᠡᠷ᠎ᠡ ᠡᠷᠡᠮᠡᠯᠵᠡᠯ ᠮᠡᠳᠡᠭᠦᠯᠬᠦ ᠲᠤᠰᠬᠠᠢ ᠪᠤᠯᠤᠩ︾ ᠳᠤ ᠣᠷᠣᠵᠤ᠂ ᠡᠷᠡᠮᠡᠯᠵᠡᠯ ᠲᠠᠭᠯᠠᠬᠤ ᠠᠯᠪᠠᠨ ᠵᠠᠷ ᠪᠠ ᠰᠣᠷᠣᠭᠴᠢ ᠡᠯᠰᠡᠬᠦ ᠲᠥᠯᠥᠪᠯᠡᠭᠡ ᠪᠠᠨ ᠯᠠᠪᠯᠠᠨ᠎ᠠ᠃ ︽2024 ᠣᠨ ᠤ ᠨᠠᠰᠤᠨ ᠳᠤ ᠭᠦᠷᠦᠭᠰᠡᠳ ᠤᠨ ᠰᠢᠯᠭᠠᠯᠲᠠ ᠶᠢᠨ ᠡᠷᠡᠮᠡᠯᠵᠡᠯ ᠲᠠᠭᠯᠠᠬᠤ ᠴᠤᠩᠬᠤᠪᠴᠢ︾ ᠶᠢ ᠳᠠᠷᠤᠵᠤ ︽ᠰᠢᠯᠭᠠᠭᠤᠯᠤᠭᠰᠠᠳ ᠤᠨ ᠦᠢᠯᠡᠴᠢᠯᠡᠭᠡ ᠵᠢᠴᠢ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠲᠠᠪᠴᠠᠩ︾ ᠳᠤ ᠣᠷᠣᠵᠤ ᠥᠪᠡᠷ ᠤᠨ ᠡᠷᠡᠮᠡᠯᠵᠡᠯ ᠢᠶᠠᠨ ᠲᠠᠭᠯᠠᠨ᠎ᠠ᠃      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠨᠢ ᠰᠣᠷᠣᠭᠴᠢ ᠡᠯᠰᠡᠬᠦ ᠲᠥᠯᠥᠪᠯᠡᠭᠡ ᠪᠠ ᠰᠢᠯᠭᠠᠭᠤᠯᠤᠭᠴᠢ ᠶᠢᠨ ᠡᠷᠡᠮᠡᠯᠵᠡᠯ ᠢ ᠦᠨᠳᠦᠰᠦᠯᠡᠨ ᠰᠣᠷᠣᠭᠴᠢ ᠡᠯᠰᠡᠬᠦ ᠳᠡᠭᠡᠳᠦ ᠰᠤᠷᠭᠠᠭᠤᠯᠢ ᠳᠤ ᠰᠢᠯᠭᠠᠭᠤᠯᠤᠭᠴᠢ ᠶᠢᠨ ᠡᠯᠧᠺᠲᠷᠣᠨ ᠲᠠᠩᠰᠠ ᠡᠪᠬᠡᠮᠡᠯ ᠢ ᠲᠠᠷᠬᠠᠭᠠᠵᠤ᠂ ᠰᠣᠷᠣᠭᠴᠢ ᠡᠯᠰᠡᠬᠦ ᠳᠡᠭᠡᠳᠦ ᠰᠤᠷᠭᠠᠭᠤᠯᠢ ᠨᠢ ᠰᠢᠯᠭᠠᠭᠤᠯᠤᠭᠴᠢ ᠶᠢᠨ ᠲᠠᠩᠰᠠ ᠡᠪᠬᠡᠮᠡᠯ ᠥᠭᠭᠦᠭᠰᠡᠨ ᠬᠢᠷᠢ ᠪᠦᠲᠦᠮᠵᠢ ᠶᠢ ᠦᠨᠳᠦᠰᠦᠯᠡᠨ᠂ ᠥᠨᠳᠥᠷ ᠬᠤᠪᠢ ᠠᠴᠠ ᠳᠣᠣᠷ᠎ᠠ ᠬᠤᠪᠢ ᠬᠦᠷᠲᠡᠯ᠎ᠡ ᠰᠢᠯᠢᠳᠡᠭ ᠠᠴᠠ ᠨᠢ ᠰᠣᠩᠭᠤᠵᠤ ᠡᠯᠰᠡᠨ᠎ᠡ᠃ ᠲᠣᠰ ᠤᠳᠠᠭᠠᠨ ᠤ ᠡᠷᠡᠮᠡᠯᠵᠡᠯ ᠲᠠᠭᠯᠠᠬᠤ ᠠᠵᠢᠯ ᠳᠠᠭᠤᠰᠤᠭᠰᠠᠨ ᠤ ᠳᠠᠷᠠᠭ᠎ᠠ᠂ ᠰᠣᠷᠣᠭᠴᠢ ᠡᠯᠰᠡᠬᠦ ᠲᠥᠯᠥᠪᠯᠡᠭᠡ ᠪᠠᠨ ᠪᠡᠶᠡᠯᠡᠭᠦᠯᠦᠭᠰᠡᠨ ᠦᠭᠡᠢ ᠳᠡᠭᠡᠳᠦ ᠰᠤᠷᠭᠠᠭᠤᠯᠢ ᠦᠯᠡᠳᠡᠭᠰᠡᠨ ᠰᠣᠷᠣᠭᠴᠢ ᠡᠯᠰᠡᠬᠦ ᠲᠥᠯᠥᠪᠯᠡᠭᠡ ᠪᠠ ᠰᠣᠷᠣᠭᠴᠢ ᠶᠢᠨ ᠢᠷᠡᠯᠲᠡ ᠶᠢᠨ ᠪᠠᠶᠢᠳᠠᠯ ᠢ ᠦᠨᠳᠦᠰᠦᠯᠡᠨ᠂ ᠦᠨᠡᠨ ᠬᠦ ᠳᠠᠭᠢᠵᠤ ᠡᠷᠡᠮᠡᠯᠵᠡᠯ ᠴᠤᠭᠯᠠᠭᠤᠯᠬᠤ ᠴᠢᠬᠤᠯᠠᠲᠠᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠠᠴᠠ ᠦᠯᠡᠳᠡᠭᠰᠡᠨ ᠰᠣᠷᠣᠭᠴᠢ ᠡᠯᠰᠡᠬᠦ ᠲᠥᠯᠥᠪᠯᠡᠭᠡ ᠶᠢ ᠨᠡᠶᠢᠲᠡᠯᠡᠵᠦ ᠳᠠᠭᠢᠵᠤ ᠡᠷᠡᠮᠡᠯᠵᠡᠯ ᠴᠤᠭᠯᠠᠭᠤᠯᠬᠤ ᠶᠢᠨ ᠬᠠᠮᠲᠤ ᠰᠣᠷᠣᠭᠴᠢ ᠡᠯᠰᠡᠬᠦ ᠳᠡᠭᠡᠳᠦ ᠰᠤᠷᠭᠠᠭᠤᠯᠢ ᠳᠤ ᠴᠠᠭ ᠲᠤᠬᠠᠢ ᠳᠤᠨᠢ ᠲᠠᠩᠰᠠ ᠡᠪᠬᠡᠮᠡᠯ ᠥᠭᠴᠦ᠂ ᠡᠯᠰᠡᠬᠦ ᠠᠵᠢᠯ ᠤᠨ ᠶᠠᠪᠤᠴᠠ ᠶᠢ ᠳᠠᠭᠤᠰᠬᠠᠨ᠎ᠠ᠃      ᠰᠢᠯᠭᠠᠭᠤᠯᠤᠭᠴᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠤᠨ ᠠᠯᠪᠠᠨ ᠤ ᠰᠦᠯᠵᠢᠶ᠎ᠡ ᠳᠤ ᠭᠠᠷᠴᠤ᠂ ︽2024 ᠨᠠᠰᠤᠨ ᠳᠤ ᠭᠦᠷᠦᠭᠰᠡᠳ ᠤᠨ ᠰᠢᠯᠭᠠᠯᠲᠠ ᠶᠢᠨ ᠰᠦᠯᠵᠢᠶ᠎ᠡ ᠶᠢᠨ ᠡᠷᠡᠮᠡᠯᠵᠡᠯ ᠮᠡᠳᠡᠭᠦᠯᠬᠦ ᠲᠤᠰᠬᠠᠢ ᠪᠤᠯᠤᠩ︾ ᠳᠤ ︽2024 ᠨᠠᠰᠤᠨ ᠳᠤ ᠭᠦᠷᠦᠭᠰᠡᠳ ᠤᠨ ᠰᠢᠯᠭᠠᠯᠲᠠ ᠶᠢᠨ ᠡᠯᠰᠡᠭᠰᠡᠨ ᠦᠷ᠎ᠡ ᠳ᠋ᠦᠩ ᠢ ᠪᠠᠶᠢᠴᠠᠭᠠᠨ ᠯᠠᠪᠯᠠᠬᠤ︾ ᠶᠢ ᠲᠣᠪᠴᠢᠳᠠᠪᠠᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠤᠨ ᠰᠢᠯᠭᠠᠭᠤᠯᠤᠭᠰᠠᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ︾ ᠳᠤ ᠣᠷᠣᠵᠤ᠂ ︽ᠨᠠᠰᠤᠨ ᠳᠤ ᠭᠦᠷᠦᠭᠰᠡᠳ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ︾ ᠶᠢ ᠲᠣᠪᠴᠢᠳᠠᠪᠠᠯ ︽ᠡᠯᠰᠡᠭᠰᠡᠨ ᠢ ᠪᠠᠶᠢᠴᠠᠭᠠᠨ ᠯᠠᠪᠯᠠᠬᠤ︾ ᠶᠢ ᠰᠣᠩᠭᠤᠬᠤ ᠶᠢᠨ ᠬᠠᠮᠲᠤ ᠡᠯᠰᠡᠭᠳᠡᠭᠰᠡᠨ ᠦᠷ᠎ᠡ ᠳ᠋ᠦᠩ ᠢᠶᠠᠨ ᠪᠠᠶᠢᠴᠠᠭᠠᠨ ᠯᠠᠪᠯᠠᠵᠤ ᠪᠣᠯᠣᠨ᠎ᠠ᠃ 
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号