| ᠤᠶᠢᠷ᠎ᠠ ᠳᠤ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠦ ᠶᠢᠨ ᠬᠡᠷᠡᠭᠵᠢᠬᠦᠯᠦᠭᠰᠡᠨ | ᠬᠤᠳᠠ ᠪᠠᠯᠭᠠᠰᠦ ᠶᠢᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠨᠡᠮᠡᠭᠳᠡᠯ ᠪᠤᠯᠤᠨ ᠬᠦᠳᠡᠭᠡ | ᠲᠤᠰᠬᠤᠨ ᠤ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠠᠰᠤᠭᠳᠠᠯ ᠢ ᠬᠤᠯᠪᠤᠬᠤ ᠲᠦᠷᠦᠯ ᠵᠦᠢᠯ ᠲᠠᠢ | ᠬᠤᠯᠪᠤᠭᠳᠠᠭᠰᠠᠨ ᠡᠤ ᠵᠢᠶᠠ ᠽᠢ᠂ ᠰᠢᠶᠠᠨ ᠹᠧᠩ᠂ ᠶᠦᠩ ᠰᠢᠩ᠂ ᠶᠦᠩ ᠲᠢᠶᠠᠨ ᠵᠡᠷᠭᠡ ᠲᠦᠷᠪᠡᠨ ᠲᠤᠰᠬᠤᠨ ᠤ | 898 ᠡᠷᠤᠭᠡ ᠰᠢᠪᠠᠭ᠎ᠠ ᠰᠤᠭᠤᠯᠬᠤ ᠬᠡᠯᠪᠡᠷᠢ ᠪᠠᠷ ᠰᠢᠨ᠎ᠡ ᠠᠰᠠᠷ ᠢᠶᠠᠨ ᠬᠤᠪᠢᠶᠠᠨ ᠤᠯᠪᠡ᠃ | ︽ᠨᠢᠭᠡᠨ ᠰᠡᠳᠬᠢᠯ ᠬᠠᠨᠤᠮᠵᠢᠳᠠᠢ ᠠᠰᠠᠷ ᠤᠨ ᠲᠠᠪᠬᠤᠷᠭ᠎ᠠ ᠤᠯᠬᠤ ᠶᠢ ᠬᠦᠰᠡᠵᠦ ᠪᠠᠶᠢᠨ᠎ᠠ︾ ᠭᠡᠵᠦ ᠰᠢᠪᠠᠭ᠎ᠠ | ᠰᠤᠭᠤᠯᠬᠤ ᠪᠠᠷ ᠬᠦᠯᠢᠶᠡᠵᠦ ᠪᠠᠶᠢᠭᠰᠠᠨ ᠶᠢᠨ ᠱᠦ ᠹᠠᠩ ᠬᠦᠰᠡᠯ ᠡᠷᠡᠮᠡᠯᠵᠡᠯ ᠢᠶᠠᠨ ᠶᠠᠷᠢᠵᠦ ᠪᠠᠶᠢᠪᠠ᠃ ᠲᠡᠷᠡ | ᠭᠠᠷ ᠢᠶᠠᠨ ᠰᠢᠪᠠᠭ᠎ᠠ ᠰᠤᠭᠤᠯᠬᠤ ᠬᠠᠶᠢᠷᠴᠠᠭ ᠲᠤ ᠬᠢᠵᠦ᠂ ᠭᠡᠳᠦ ᠤᠳᠠᠭ᠎ᠠ ᠲᠡᠮᠳᠡᠷᠢᠭᠡᠳ ᠰᠤᠭᠤᠯᠠᠭᠰᠠᠨ | ᠰᠢᠪᠠᠭ᠎ᠠ ᠪᠠᠨ ᠭᠠᠷᠭᠠᠨ ᠦᠵᠡᠪᠡ᠃ ︽ᠴᠠᠬᠢᠯᠭᠠᠨ ᠱᠠᠳᠦ ᠲᠠᠢ ᠠᠰᠠᠷ ᠤᠨ ᠲᠦᠷᠪᠡᠳᠦᠭᠡᠷ ᠲᠠᠪᠬᠤᠷᠭ᠎ᠠ᠂ ᠶᠡᠭᠡ | ᠰᠡᠳᠬᠢᠯ ᠬᠠᠨᠤᠮᠵᠢᠳᠠᠢ ᠪᠠᠶᠢᠨ᠎ᠠ︾ ᠭᠡᠵᠦ ᠶᠢᠨ ᠱᠦ ᠹᠠᠩ ᠪᠠᠶᠠᠷᠯᠠᠨ ᠬᠡᠯᠡᠨ᠎ᠡ᠃ ᠶᠢᠨ ᠱᠦ ᠹᠠᠩ ᠲᠠᠢ ᠠᠳᠠᠯᠢ ᠪᠠᠷ | 65 ᠨᠠᠰᠤᠳᠠᠢ ᠯᠢ ᠱᠦ ᠷᠦᠩ ᠪᠠᠰᠠ ᠴᠠᠬᠢᠯᠭᠠᠨ ᠱᠠᠳᠦ ᠲᠠᠢ ᠠᠰᠠᠷ ᠤᠨ ᠭᠤᠷᠪᠠᠳᠤᠭᠠᠷ ᠲᠠᠪᠬᠤᠷᠭ᠎ᠠ ᠶᠢ ᠰᠤᠭᠤᠯᠵᠥ | ᠤᠯᠪᠠ᠃ ︽ᠪᠢ ᠨᠢᠭᠡᠨᠳᠡ ᠭᠡᠷ ᠤᠨ ᠭᠡᠷᠡᠭᠰᠡᠯ ᠢᠶᠠᠨ ᠵᠠᠬᠢᠶᠠᠯᠠᠵᠤ᠂ ᠪᠢᠳᠡ ᠰᠢᠨ᠎ᠡ ᠭᠡᠷ ᠲᠡᠭᠡᠨ ᠰᠢᠨᠡᠯᠡᠬᠦ ᠪᠠᠷ | ᠲᠦᠯᠦᠪᠯᠡᠵᠦ ᠪᠠᠶᠢᠨ᠎ᠠ︾ ᠭᠡᠵᠦ ᠯᠢ ᠱᠦ ᠷᠦᠩ ᠬᠡᠯᠡᠵᠦ ᠪᠠᠶᠢᠯ᠎ᠠ᠃ | ᠰᠢᠨ᠎ᠡ ᠠᠰᠠᠷ ᠤᠨ ᠡᠬᠦᠳᠡᠨ ᠲᠦᠯᠬᠢᠭᠦᠷ ᠢᠶᠠᠨ ᠣᠯᠤᠭᠰᠠᠨ ᠡᠦ ᠵᠢᠶᠠ ᠽᠢ ᠲᠣᠰᠬᠤᠨ ᠤ ᠳ᠋ᠦᠩ ᡁᠢ | ᠵᠢᠶᠠᠩ ᠳᠤ ᠠᠪᠴᠤ ᠬᠡᠯᠡᠪᠡᠯ᠂ ᠰᠢᠨ᠎ᠡ ᠠᠰᠠᠷ ᠬᠤᠪᠢᠶᠠᠨ ᠤᠯᠤᠭᠰᠠᠨ ᠨᠢ ᠨᠢᠭᠡᠨ ᠮᠠᠰᠢ ᠵᠢᠷᠭᠠᠯᠳᠠᠢ ᠶᠠᠪᠤᠳᠠᠯ | ᠪᠤᠯᠤᠭᠰᠠᠨ ᠶᠤᠮ᠃ ︽ᠬᠠᠭᠠᠰ ᠨᠠᠰᠦ ᠪᠠᠷ ᠢᠶᠠᠨ ᠪᠠᠶᠢᠰᠢᠩ ᠭᠡᠷ ᠲᠤ ᠰᠠᠭᠤᠵᠠᠢ᠂ ᠬᠤᠶᠠᠷ ᠨᠠᠰᠤᠳᠠᠨ ᠤ ᠠᠰᠠᠷ ᠲᠤ | ᠰᠠᠭᠤᠬᠤ ᠬᠦᠰᠡᠯ ᠡᠷᠡᠮᠡᠯᠵᠡᠯ ᠡᠨᠡ ᠵᠢᠯ ᠲᠡᠷᠭᠡᠯᠰᠢᠯᠡ᠂ ᠰᠢᠨ᠎ᠡ ᠰᠠᠭᠤᠭᠠᠯᠢ ᠠᠷᠠᠳ ᠤᠨ ᠲᠤᠭᠤᠷᠢᠭ ᠴᠤ ᠮᠠᠰᠢ | ᠭᠤᠶᠤ ᠪᠠᠶᠢᠨ᠎ᠠ᠂ ᠡᠯ᠎ᠡ ᠵᠦᠢᠯ ᠤᠨ ᠰᠠᠭᠤᠷᠢ ᠲᠦᠬᠦᠭᠡᠷᠦᠮᠵᠢ ᠨᠢ ᠬᠤᠳᠠ ᠶᠢᠨ ᠬᠢᠨ ᠲᠠᠢ ᠠᠳᠠᠯᠢ ᠪᠠᠶᠢᠨ᠎ᠠ︾ ᠭᠡᠵᠦ | ᠳ᠋ᠦᠩ ᡁᠢ ᠵᠢᠶᠠᠩ ᠬᠡᠯᠡᠨ᠎ᠠ᠃ | 2023 ᠣᠨ ᠠᠴᠠ ᠨᠠᠭᠠᠰᠢ᠂ ᠬᠤᠯᠪᠤᠭ᠎ᠠ ᠪᠠᠯᠭᠠᠰᠤ ᠪᠦᠬᠦ ᠤᠷᠤᠨ ᠤ ᠪᠦᠬᠦ ᠤᠷᠤᠨ ᠪᠦᠰᠡ ᠶᠢᠨ ᠭᠠᠵᠠᠷ | ᠰᠢᠷᠤᠢ ᠶᠢ ᠶᠡᠷᠦᠩᠭᠡᠶᠢᠯᠡᠨ ᠵᠠᠰᠠᠬᠤ ᠲᠤᠷᠰᠢᠯᠳᠠ ᠶᠢᠨ ᠴᠡᠭ ᠤᠨ ᠰᠢᠶᠠᠩ ᠪᠠᠯᠭᠠᠰᠦ ᠪᠤᠯᠤᠭᠰᠠᠨ ᠤ ᠬᠤᠪᠢ ᠳᠤ ᠰᠢᠶᠠᠨ | ᠹᠧᠩ᠂ ᠶᠦᠩ ᠲᠢᠶᠠᠨ᠂ ᠶᠦᠩ ᠰᠢᠩ᠂ ᠡᠤ ᠵᠢᠶᠠ ᠽᠢ ᠵᠡᠷᠭᠡ 4 ᠲᠤᠰᠬᠤᠨ ᠢ ᠰᠤᠩᠭᠤᠨ ᠬᠤᠳᠠ ᠪᠠᠯᠭᠠᠰᠦ ᠶᠢᠨ | ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠨᠡᠮᠡᠭᠳᠡᠯ ᠪᠤᠯᠤᠨ ᠬᠦᠳᠡᠭᠡ ᠲᠤᠰᠬᠤᠨ ᠤ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠠᠰᠤᠭᠳᠠᠯ ᠢ ᠬᠤᠯᠪᠤᠬᠤ ᠲᠦᠷᠦᠯ ᠵᠦᠢᠯ ᠢ ᠬᠡᠷᠡᠭᠵᠢᠬᠦᠯᠵᠦ᠂ ᠨᠢᠭᠡ | ᠲᠤᠰᠬᠤᠨ ᠢᠶᠠᠷ ᠲᠦᠪᠬᠢᠨᠡᠭᠦᠯᠬᠦ ᠪᠠ ᠤᠯᠠᠨ ᠲᠤᠰᠬᠤᠨ ᠢ ᠬᠠᠮᠳᠤᠷᠠᠨ ᠪᠠᠶᠢᠭᠤᠯᠬᠤ ᠬᠡᠯᠪᠡᠷᠢ ᠳᠤ ᠲᠦᠪᠯᠡᠷᠡᠭᠦᠯᠦᠨ | ᠲᠦᠪᠬᠢᠨᠡᠭᠦᠯᠬᠦ ᠰᠠᠭᠤᠭᠠᠯᠢ ᠠᠷᠠᠳ ᠤᠨ ᠲᠤᠭᠤᠷᠢᠭ ᠢ 3 ᠪᠠᠶᠢᠭᠤᠯᠵᠤ᠂ ᠨᠡᠶᠢᠳᠡ 898 ᠡᠷᠤᠬᠡ ᠲᠤᠬᠢᠷᠠᠭᠤᠯᠤᠨ | ᠪᠠᠶᠢᠭᠤᠯᠬᠤ ᠶᠢᠨ ᠬᠠᠮᠳᠣ ᠡᠷᠤᠭᠡ ᠪᠦᠷᠢ ᠳᠤ8 ᠲᠡᠭᠰᠢ ᠲᠦᠷᠪᠡᠯᠵᠢᠨ ᠮᠧᠲᠷ ᠤᠨ ᠰᠠᠩ ᠬᠦᠮᠦᠷᠭᠡ ᠢᠵᠢ | ᠪᠦᠷᠢᠳᠤᠭᠦᠯᠦᠨ ᠦᠭᠪᠡ᠃ ᠡᠭᠦᠨ ᠤ ᠵᠡᠷᠭᠡᠪᠡᠷ᠂ ᠨᠠᠮ ᠤᠨ ᠭᠡᠰᠢᠭᠦᠨ ᠤᠯᠠᠨ ᠲᠦᠮᠡᠨ ᠳᠤ ᠤᠶᠢᠯᠡᠴᠢᠯᠡᠬᠦ ᠲᠦᠪ᠂ | ᠠᠳᠠᠯ ᠠᠬᠤᠢ ᠶᠢᠨ ᠬᠠᠮᠢᠶᠠᠷᠤᠯᠳᠠ ᠶᠢᠨ ᠲᠦᠪ᠂ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠦᠷᠲᠡᠭᠡ ᠵᠢᠴᠢ | ᠬᠤᠳᠠᠯᠳᠤᠭᠠᠨ ᠤ ᠦᠢᠯᠡᠴᠢᠯᠡᠭᠡᠨ ᠤ ᠤᠷᠤᠨ ᠵᠡᠷᠭᠡ ᠶᠢ ᠲᠤᠬᠢᠷᠠᠭᠤᠯᠵᠠᠢ᠃ | ︽ᠮᠠᠨ ᠤ ᠬᠤᠯᠪᠤᠭ᠎ᠠ ᠪᠠᠯᠭᠠᠰᠤ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠨᠡᠮᠡᠭᠳᠡᠯ ᠪᠤᠯᠤᠨ ᠬᠥᠳᠡᠭᠡ ᠲᠤᠰᠬᠤᠨ ᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠬᠠᠰᠤᠭᠳᠠᠯ ᠢ ᠬᠤᠯᠪᠣᠬᠤ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠤ ᠵᠣᠯ ᠵᠢᠷᠭᠠᠯᠲᠤ | ᠲᠥᠷᠥᠭᠳᠡᠯ᠂ ᠠᠵᠢᠯ ᠣᠯᠭᠤᠬᠤ ᠨᠤᠷᠮ᠎ᠠ᠂ ᠬᠠᠮᠲᠤ ᠶᠢᠨ ᠠᠵᠤ ᠠᠬᠤᠶ ᠶᠢᠨ ᠣᠷᠣᠯᠭ᠎ᠠ ᠵᠡᠷᠭᠡ ᠶᠢ ᠳᠡᠭᠡᠭᠰᠢᠯᠡᠭᠦᠯᠪᠡ᠃ | ᠤᠯᠠᠨ ᠲᠦᠮᠡᠨ ᠢ ᠲᠦᠪᠬᠢᠨᠡᠭᠦᠯᠦᠭᠰᠡᠨ ᠤ ᠲᠠᠷᠠᠭᠠᠬᠢ ᠭᠠᠵᠠᠷ ᠰᠢᠷᠣᠶ ᠶᠢ ᠲᠠᠬᠢᠨ ᠬᠠᠭᠠᠯᠪᠤᠷᠢᠯᠠᠨ ᠲᠠᠷᠢᠶᠠᠯᠠᠬᠤ | ᠡᠵᠡᠩᠨᠡᠯᠳᠠ ᠶᠢᠨ ᠤᠷᠤᠯᠭ᠎ᠠ ᠶᠢ ᠣᠯᠠᠨ ᠲᠦᠮᠡᠨ ᠤ ᠳᠤᠯᠠᠭᠠᠯᠠᠭ᠎ᠠ᠂ ᠤᠰᠤ ᠴᠠᠬᠢᠯᠭᠠᠨ ᠵᠡᠷᠭᠡ ᠦᠢᠯᠡᠳᠪᠦᠷᠢᠯᠡᠯ | ᠠᠮᠢᠳᠤᠷᠠᠯ ᠤᠨ ᠵᠠᠷᠤᠳᠠᠯ ᠢ ᠨᠥᠬᠦᠪᠥᠷᠢᠯᠡᠬᠦ ᠳᠤ ᠬᠡᠷᠡᠭᠯᠡᠬᠦ ᠪᠤᠯᠤᠨ᠎ᠠ᠃ ᠬᠥᠳᠡᠭᠡ ᠲᠣᠰᠬᠤᠨ ᠤ ᠵᠢᠭᠤᠯᠴᠢᠯᠠᠯ ᠲᠠᠢ | ᠤᠶᠠᠯᠳᠤᠭᠤᠯᠤᠨ᠂ ᠲᠠᠷᠢᠶᠠᠯᠠᠩ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠥᠪ ᠪᠠᠶᠢᠭᠤᠯᠵᠤ᠂ ᠣᠯᠠᠨ | ᠲᠦᠮᠡᠨ ᠤ ᠣᠷᠣᠯᠭ᠎ᠠ ᠶᠢ ᠨᠡᠮᠡᠭᠳᠡᠭᠦᠯᠦᠨ᠎ᠡ︾ ᠭᠡᠵᠤ ᠬᠤᠯᠪᠣᠭ᠎ᠠ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ | ᠂ ᠪᠠᠯᠭᠠᠰᠤᠨ ᠳᠠᠷᠤᠭ᠎ᠠ ᠲᠠᠩ ᠽᠢ ᠵᠢᠶᠠᠨ ᠬᠡᠯᠡᠵᠤ ᠪᠠᠶᠢᠯ᠎ᠠ᠃ | | | |