| ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ | ᠬᠡᠷ ᠤᠨ 12 ᠰᠠᠷ᠎ᠠ ᠢᠢᠨ 10 ᠤ ᠡᠳᠦᠷ ᠬᠤᠷᠠᠯᠳᠤᠭᠤᠯᠤᠭᠰᠠᠨ ︽ᠦᠪᠦᠷ ᠮᠤᠩᠭᠤᠯ ᠤᠨ ᠦᠪᠡᠷᠲᠡᠭᠡᠨ ᠵᠠᠰᠠᠬᠤ | ᠤᠷᠤᠨ ᠤ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠤᠬᠢᠷ ᠤᠰᠤ ᠶᠢ ᠰᠶᠢᠳᠪᠦᠷᠢᠯᠡᠬᠦ ᠠᠷᠭ᠎ᠠ︾ ᠶᠢᠨ | ᠲᠦᠷᠦ ᠶᠢᠨ ᠪᠤᠳᠤᠯᠭ᠎ᠠ ᠶᠢᠨ ᠲᠤᠬᠠᠢ ᠪᠠᠶᠢᠳᠠᠯ ᠢ ᠮᠡᠳᠡᠭᠳᠡᠬᠦ ᠵᠤᠷᠰᠢᠯᠳᠤ ᠬᠤᠷᠠᠯ ᠠᠴᠠ ᠤᠶᠢᠯᠠᠭᠠᠬᠰᠠᠨ ᠢᠶᠠᠷ᠂ | ᠤᠶᠢᠷ᠎ᠠ ᠶᠢᠨ ᠵᠢᠯ ᠠᠴᠠ ᠨᠠᠭᠠᠰᠢ᠂ ᠮᠠᠨ ᠤ ᠤᠷᠤᠨ ᠬᠤᠲᠠ ᠬᠥᠳᠡᠭᠡ ᠶᠢᠨ ᠬᠥᠮᠦᠰ ᠤᠨ ᠣᠷᠣᠰᠢᠨ ᠰᠠᠭᠤᠷᠢᠰᠢᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠶᠡᠭᠡ ᠪᠠᠷ ᠠᠬᠢᠭᠤᠯᠵᠤ᠂ ᠤᠰᠤᠨ ᠤ ᠪᠣᠬᠢᠷᠲᠤᠯ ᠢ ᠰᠡᠷᠭᠡᠶᠢᠯᠡᠨ | ᠵᠠᠰᠠᠬᠤ ᠪᠠ ᠪᠣᠬᠢᠷ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ | ᠮᠠᠨ ᠤ ᠣᠷᠣᠨ ᠤ ᠬᠤᠲᠠ ᠪᠠᠯᠭᠠᠰᠤ ᠶᠢᠨ ᠪᠣᠬᠢᠷ ᠤᠰᠤ ᠶᠢ ᠬᠤᠷᠢᠶᠠᠨ ᠴᠤᠭᠯᠠᠭᠤᠯᠬᠤ ᠴᠢᠳᠠᠪᠤᠷᠢ᠂ ᠪᠣᠬᠢᠷ | ᠤᠰᠤ ᠶᠢ ᠰᠢᠢᠳᠪᠦᠷᠢᠯᠡᠬᠦ ᠴᠢᠳᠠᠪᠤᠷᠢ ᠢᠯᠡᠳᠲᠡ ᠳᠡᠭᠡᠭᠰᠢᠯᠡᠪᠡ᠃ | 2023 ᠤᠨ ᠤ ᠰᠡᠭᠦᠯᠴᠢ ᠪᠤᠯᠲᠠᠯ᠎ᠠ᠂ ᠪᠥᠬᠦ ᠣᠷᠣᠨ ᠤ ᠤᠰᠤ ᠲᠠᠲᠠᠷᠠᠭᠤᠯᠬᠤ ᠬᠤᠭᠤᠯᠠᠶ ᠶᠢᠨ ᠶᠡᠷᠦᠩᠬᠡᠶ | ᠣᠷᠳᠣ 2.55 ᠲᠦᠮᠡᠨ ᠺᠢᠯᠣᠮᠧᠲᠷ ᠪᠠᠶᠢᠵᠤ᠂ ᠪᠥᠬᠦ ᠣᠷᠣᠨ ᠤ ᠬᠤᠲᠠ ᠪᠠᠯᠭᠠᠰᠤ ᠶᠢᠨ ᠪᠣᠬᠢᠷ ᠤᠰᠤ ᠶᠢ | ᠰᠢᠢᠳᠪᠦᠷᠢᠯᠡᠬᠦ 108 ᠦᠢᠯᠡᠳᠪᠦᠷᠢ ᠶᠢᠨ ᠪᠣᠳᠠᠲᠠᠶ ᠰᠢᠢᠳᠪᠦᠷᠢᠯᠡᠬᠦ ᠴᠢᠳᠠᠪᠤᠷᠢ ᠡᠳᠦᠷ ᠲᠤ 346 ᠲᠦᠮᠡᠨ ᠲᠣᠨ | ᠬᠦᠷᠴᠦ᠂ ᠪᠣᠬᠢᠷ ᠤᠰᠤ ᠶᠢ ᠰᠢᠢᠳᠪᠦᠷᠢᠯᠡᠬᠦ ᠨᠣᠷᠮ᠎ᠠ 99% ᠳᠤ ᠬᠦᠷᠴᠦ᠂ ᠪᠣᠬᠢᠷ ᠤᠰᠤ ᠶᠢ ᠰᠢᠢᠳᠪᠦᠷᠢᠯᠡᠬᠦ | ᠪᠠᠷᠢᠮᠵᠢᠶ᠎ᠠ ᠳᠤ ᠬᠦᠷᠦᠭᠰᠡᠨ ᠨᠣᠷᠮ᠎ᠠ 98% ᠳᠤ ᠬᠦᠷᠴᠡᠢ᠃ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ | ᠤᠰᠤ ᠶᠢ ᠰᠢᠢᠳᠪᠦᠷᠢᠯᠡᠬᠦ 108 ᠦᠢᠯᠡᠳᠪᠦᠷᠢ ᠶᠢᠨ ᠳᠣᠲᠣᠷ᠎ᠠ᠂ 103 ᠤᠶᠢᠯᠡᠳᠪᠤᠷᠢ ᠨᠢ ᠨᠢᠭᠡᠨᠲᠡ ᠪᠣᠬᠢᠷ | ᠤᠰᠤ ᠶᠢ ᠳᠠᠬᠢᠨ ᠠᠰᠢᠭᠯᠠᠬᠤ ᠶᠢ ᠪᠡᠶᠡᠯᠡᠭᠦᠯᠵᠦ᠂ ᠪᠥᠬᠦ ᠣᠷᠣᠨ ᠤ ᠳᠠᠬᠢᠯᠲᠠ ᠤᠰᠤᠨ ᠤ ᠠᠰᠢᠭᠯᠠᠯᠲᠠ ᠶᠢᠨ | ᠨᠣᠷᠮ᠎ᠠ 46.8% ᠳᠤ ᠬᠦᠷᠴᠦ᠂ ᠪᠥᠬᠦ ᠤᠯᠤᠰ ᠤᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 17. | 8 ᠬᠤᠪᠢ ᠦᠨᠳᠦᠷ ᠪᠤᠯᠪᠠ᠃ | ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠤᠬᠢᠷ ᠤᠰᠤ ᠶᠢ ᠰᠶᠢᠳᠪᠦᠷᠢᠯᠡᠬᠦ ᠬᠠᠮᠢᠶᠠᠷᠤᠯᠲᠠ ᠶᠢ ᠪᠦᠬᠦ | ᠲᠠᠯ᠎ᠠ ᠪᠠᠷ ᠴᠢᠩᠭᠠᠳᠬᠠᠵᠤ᠂ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠤᠬᠢᠷ ᠤᠰᠤ ᠶᠢ ᠰᠶᠢᠳᠪᠦᠷᠢᠯᠡᠬᠦ | ᠲᠦᠭᠦᠭᠡᠷᠦᠮᠵᠢ ᠶᠢᠨ ᠠᠮᠤᠷ ᠲᠦᠪᠰᠢᠨ ᠠᠵᠢᠯᠯᠠᠭ᠎ᠠ ᠶᠢ ᠪᠠᠲᠤᠯᠠᠨ᠂ ᠬᠤᠲᠠ ᠪᠠᠯᠭᠠᠰᠤ ᠶᠢᠨ ᠤᠰᠤᠨ ᠤ ᠪᠤᠬᠢᠷᠲᠤᠯ | ᠪᠠ ᠤᠰᠤᠳᠤᠯ ᠤᠨ ᠭᠠᠮᠰᠢᠭ ᠢ ᠰᠡᠷᠭᠡᠶᠢᠯᠡᠨ ᠵᠠᠰᠠᠬᠤ ᠶᠢᠨ ᠲᠦᠯᠦᠭᠡ᠂ ᠲᠦᠷᠦᠭᠦᠭᠡᠨ᠂ ᠮᠠᠨ ᠤ ᠤᠷᠤᠨ ︽ᠦᠪᠦᠷ | ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠤᠬᠢᠷ ᠤᠰᠤ ᠶᠢ | ᠰᠶᠢᠳᠪᠦᠷᠢᠯᠡᠬᠦ ᠠᠷᠭ᠎ᠠ︾ ᠶᠢ ᠲᠤᠬᠲᠠᠭᠠᠵᠤ᠂ 2024 ᠤᠨ ᠤ 12 ᠰᠠᠷ᠎ᠠ ᠶᠢᠨ 1 ᠤ ᠡᠳᠦᠷ ᠠᠴᠠ ᠡᠬᠢᠯᠡᠨ | ᠬᠡᠷᠡᠭᠵᠢᠭᠦᠯᠪᠡ᠃ ᠲᠤᠰ ᠠᠷᠭ᠎ᠠ ᠶᠢ ᠲᠤᠬᠲᠠᠭᠠᠬᠰᠠᠨ ᠨᠢ ᠮᠠᠨ ᠤ ᠤᠷᠤᠨ ᠤ ᠬᠤᠲᠠ ᠪᠠᠯᠭᠠᠰᠤ ᠢᠢᠨ ᠤᠰᠤ | ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ ᠶᠢ ᠤᠯᠠᠮ ᠴᠢᠨᠠᠬᠰᠢᠲᠠ ᠵᠢᠷᠤᠮᠵᠢᠭᠤᠯᠤᠨ᠂ ᠬᠤᠲᠠ ᠪᠠᠯᠭᠠᠰᠤ | ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠶᠢ ᠴᠤᠭᠯᠠᠭᠤᠯᠤᠨ ᠰᠢᠢᠳᠪᠦᠷᠢᠯᠡᠬᠦ ᠦᠷ᠎ᠡ ᠠᠰᠢᠭ ᠢ ᠳᠡᠭᠡᠭᠰᠢᠯᠡᠭᠦᠯᠵᠦ᠂ | ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠬᠰᠠᠨ ᠪᠠᠶᠢᠨ᠎ᠠ᠃ |