| ︽ᠠᠪᠢᠶᠠᠯᠠᠬᠤ ᠦᠶᠡᠰ ᠠᠮᠠᠨ ᠬᠦᠨᠳᠡᠢ ᠬᠥᠳᠡᠯᠬᠦ ᠪᠠ ᠬᠡᠯᠡᠨ ᠤ ᠣᠷᠣᠨ ᠪᠠᠶᠢᠷᠢ ᠪᠠᠨ ᠠᠩᠬᠠᠷᠴᠤ᠂ | ᠵᠣᠷᠢᠭᠤᠳᠠ ᠬᠠᠮᠠᠷ ᠤᠨ ᠠᠪᠢᠶ᠎ᠠ ᠶᠢ ᠠᠪᠢᠶᠠᠯᠠᠬᠤ ᠴᠢᠬᠤᠯᠠ ᠦᠭᠡᠢ᠂ ᠠᠪᠢᠶᠠᠯᠠᠬᠤ ᠳᠤ ᠤᠷᠤᠰᠤᠮ᠎ᠠ ᠪᠠᠶᠢᠬᠤ ᠶᠢ | ᠪᠠᠳᠤᠯᠠᠭᠠᠷᠠᠢ ᠁︾ ᠵᠠᠯᠠᠶᠢᠳ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ᠂ | ᠦᠷᠭᠦᠯᠵᠢ ᠪᠠᠭᠰᠢ ᠨᠠᠷ ᠬᠠᠷᠢᠯᠴᠠᠨ ᠨᠡᠶᠢᠲᠡᠯᠢᠭ ᠬᠡᠯᠡ ᠶᠢ ᠪᠣᠯᠪᠠᠰᠤᠷᠠᠵᠤ ᠪᠠᠶᠢᠬᠤ ᠶᠢ ᠣᠯᠵᠤ ᠬᠠᠷᠠᠳᠠᠭ᠃ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ︽ᠰᠤᠷᠭᠠᠨ ᠬᠥᠮᠦᠵᠢᠯ ᠢ ᠳᠡᠮᠵᠢᠵᠦ | ᠰᠤᠷᠤᠯᠭ᠎ᠠ ᠶᠢ ᠲᠡᠳᠬᠦᠬᠦ︾ ᠠᠵᠢᠯᠯᠠᠭ᠎ᠠ ᠶᠢ ᠶᠠᠪᠤᠭᠳᠠᠭᠤᠯᠤᠭᠰᠠᠨ ᠠᠴᠠ ᠨᠠᠭᠠᠰᠢ ᠰᠤᠷᠭᠠᠭᠤᠯᠢ ᠶᠢᠨ | ᠦᠨᠳᠦᠰᠦᠲᠡᠨ ᠤ ᠦᠭᠡ ᠬᠡᠯᠡᠨ ᠤ ᠪᠠᠭᠰᠢ ᠶᠢᠨ ᠨᠡᠶᠢᠲᠡᠯᠢᠭ ᠬᠡᠯᠡ ᠨᠢᠭᠡᠨᠲᠡ ᠤᠯᠠᠮ ᠠᠴᠠ ᠤᠯᠠᠮ ᠪᠠᠷᠢᠮᠵᠢᠶ᠎ᠠ ᠪᠣᠯᠵᠤ | ᠪᠠᠶᠢᠨ᠎ᠠ᠃ ᠵᠠᠯᠠᠶᠢᠳ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︽ᠪᠢ ᠲᠠᠨ ᠳᠤ | ᠬᠠᠪᠰᠤᠷᠤᠶ᠎ᠠ︾ ᠭᠡᠬᠦ ᠲᠣᠭᠲᠠᠴᠠ ᠶᠢᠨ ᠰᠢᠨ᠎ᠡ ᠶᠢ ᠡᠭᠦᠳᠴᠦ᠂ ᠦᠨᠳᠦᠰᠦᠲᠡᠨ ᠤ ᠦᠭᠡ ᠬᠡᠯᠡᠨ ᠤ ᠪᠠᠭᠰᠢ ᠲᠣᠰ | ᠪᠡᠶ᠎ᠡ ᠶᠢᠨ ᠰᠢᠨᠵᠢᠯᠡᠭᠡᠨ ᠤ ᠣᠨᠴᠠᠯᠢᠭ᠂ ᠰᠤᠷᠤᠯᠴᠠᠨ ᠡᠵᠡᠮᠰᠢᠭᠰᠡᠨ ᠪᠠᠶᠢᠳᠠᠯ ᠵᠡᠷᠭᠡ ᠲᠠᠢ ᠪᠠᠨ ᠤᠶᠠᠯᠳᠤᠭᠤᠯᠤᠨ | ᠦᠪᠡᠷ ᠤᠨ ᠬᠠᠪᠰᠤᠷᠬᠤ ᠪᠠᠭᠰᠢ ᠪᠠᠨ ᠰᠣᠩᠭᠤᠵᠤ᠂ ᠰᠤᠷᠤᠯᠴᠠᠨ ᠬᠠᠪᠰᠤᠷᠬᠤ ᠦᠷ᠎ᠡ ᠪᠦᠲᠦᠮᠵᠢ ᠪᠠᠨ | ᠳᠡᠭᠡᠭᠰᠢᠯᠡᠭᠦᠯᠵᠤ ᠪᠤᠢ᠃ | ᠰᠤᠷᠪᠤᠯᠵᠢᠯᠠᠭᠴᠢ ᠬᠤᠰᠢᠭᠤᠨ ᠤ ᠢᠨᠳᠡᠷ ᠲᠠᠬᠢ ᠬᠤᠶᠠᠳᠤᠭᠠᠷ ᠪᠠᠭ᠎ᠠ ᠰᠤᠷᠭᠠᠭᠤᠯᠢ ᠪᠠᠷ ᠬᠦᠷᠬᠦ ᠳᠤ᠂ ᠢᠨᠳᠡᠷ | ᠲᠠᠬᠢ ᠵᠢᠷᠭᠤᠳᠤᠭᠠᠷ ᠪᠠᠭ᠎ᠠ ᠰᠤᠷᠭᠠᠭᠤᠯᠢ ᠠᠴᠠ ᠢᠷᠡᠭᠰᠡᠨ ᠵᠤᠤ ᠢᠦᠢ ᠬᠤᠸᠠᠨ ᠪᠠᠭᠰᠢ ᠰᠢᠨ᠎ᠡ ᠬᠢᠴᠢᠶᠡᠯ ᠵᠢᠭᠠᠵᠤ | ᠪᠠᠶᠢᠯ᠎ᠠ᠃ ᠲᠡᠷᠡ ᠬᠡᠦᠬᠡᠳ ᠤᠳ ᠢ ᠲᠤᠰ ᠲᠤᠰ ᠬᠢᠴᠢᠶᠡᠯ ᠤᠨ ᠳᠣᠲᠣᠷᠠᠬᠢ ᠳᠦᠷᠢ ᠤᠳ ᠢ ᠲᠣᠭᠯᠠᠭᠤᠯᠵᠤ᠂ | ᠲᠡᠳᠡᠨ ᠳᠤ ᠦᠯᠢᠭᠡᠷ ᠤᠨ ᠠᠭᠤᠯᠭ᠎ᠠ ᠪᠠ ᠰᠢᠨ᠎ᠡ ᠦᠭᠡ ᠶᠢᠨ ᠰᠠᠩ ᠢ ᠨᠡᠩ ᠲᠦᠷᠭᠡᠨ ᠣᠶᠢᠯᠠᠭᠠᠭᠤᠯᠤᠨ᠂ | ᠬᠡᠦᠬᠡᠳ ᠤᠳ ᠪᠦᠬᠦ ᠠᠩᠬᠠᠷᠤᠯ ᠢᠶᠠᠨ ᠲᠥᠪᠯᠡᠷᠡᠭᠦᠯᠤᠨ ᠨᠠᠷᠢᠨ ᠬᠢᠨᠠᠮᠠᠭᠠᠢ ᠰᠣᠨᠣᠰᠤᠨ᠎ᠠ᠃ ᠢᠨᠳᠡᠷ ᠲᠠᠬᠢ | ᠬᠤᠶᠠᠳᠤᠭᠠᠷ ᠪᠠᠭ᠎ᠠ ᠰᠤᠷᠭᠠᠭᠤᠯᠢ ᠳᠤ᠂ ᠵᠤᠤ ᠢᠦᠢ ᠬᠤᠸᠠᠨ ᠮᠡᠲᠦ ᠶᠢᠨ ᠠᠵᠢᠯ ᠤᠨ ᠪᠠᠶᠢᠷᠢ ᠡᠭᠡᠯᠵᠢᠯᠡᠵᠤ ᠪᠠᠶᠢᠭ᠎ᠠ | ᠪᠠᠭᠰᠢ ᠨᠡᠶᠢᠳᠡ 7 ᠪᠤᠢ᠃ ᠠᠵᠢᠯ ᠤᠨ ᠪᠠᠶᠢᠷᠢ ᠡᠭᠡᠯᠵᠢᠯᠡᠵᠤ ᠪᠠᠶᠢᠭ᠎ᠠ ᠪᠠᠭᠰᠢ ᠨᠠᠷ ᠲᠡᠷᠢᠭᠦᠨ ᠤ ᠵᠢᠭᠠᠨ | ᠰᠤᠷᠭᠠᠯᠲᠠ ᠶᠢᠨ ᠣᠶᠢᠯᠠᠭᠠᠭᠳᠠᠬᠤᠨ᠂ ᠵᠢᠭᠠᠨ ᠰᠤᠷᠭᠠᠯᠲᠠ ᠶᠢᠨ ᠠᠷᠭ᠎ᠠ ᠪᠣᠯᠤᠨ ᠡᠯᠪᠡᠭ ᠪᠠᠶᠠᠯᠢᠭ ᠵᠢᠭᠠᠨ | ᠰᠤᠷᠭᠠᠯᠲᠠ ᠶᠢᠨ ᠲᠤᠷᠰᠢᠯᠭ᠎ᠠ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠤᠭᠴᠠᠯᠠᠬᠤ ᠶᠠᠪᠤᠳᠠᠯ ᠢ ᠡᠳᠦᠷ ᠲᠤᠳᠤᠮ ᠤᠨ ᠵᠢᠭᠠᠨ ᠰᠤᠷᠭᠠᠯᠲᠠ ᠳᠤ ᠠᠭᠤᠰᠤᠯᠴᠠᠭᠤᠯᠤᠨ᠎ᠠ᠃ | ᠡᠳᠦᠭᠡ᠂ ᠵᠠᠯᠠᠶᠢᠳ ᠬᠤᠰᠢᠭᠤᠨ ᠤ ᠤᠤᠯ ᠤᠨ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ | ᠬᠡᠦᠬᠡᠳ ᠤᠨ ᠴᠡᠴᠡᠷᠯᠢᠭ ᠲᠤ ᠴᠥᠮ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠨ | ᠠᠰᠠᠷᠠᠨ ᠬᠥᠮᠦᠵᠢᠭᠦᠯᠬᠦ ᠬᠥᠮᠦᠵᠢᠯ ᠬᠢᠵᠤ ᠪᠤᠢ᠃ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ | 14 ᠰᠤᠷᠭᠠᠭᠤᠯᠢ ᠨᠤᠭᠤᠳ ᠤᠯᠤᠰ ᠤᠨ ︽ᠭᠤᠷᠪᠠᠨ ᠬᠢᠴᠢᠶᠡᠯ ᠲᠥᠷᠥᠯ︾ ᠤᠨ ᠨᠢᠭᠡᠳᠦᠯᠲᠡᠶ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤᠨ ᠤ ᠪᠥᠬᠦ ᠣᠨ ᠤ ᠶᠡᠷᠦᠩᠬᠡᠶ ᠰᠠᠯᠠᠭ᠎ᠠ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ | ᠪᠢᠴᠢᠭ ᠢᠶᠠᠷ ᠵᠢᠭᠠᠨ ᠰᠤᠷᠭᠠᠬᠤ ᠶᠢ ᠪᠡᠶᠡᠯᠡᠭᠦᠯᠪᠡ᠃ | ᠪᠦᠦ ᠢ ᠵᠢᠩ |