ᠬᠦᠢᠳᠡᠨ ᠤᠷᠤᠰᠬᠠᠯ ᠤᠨ ᠴᠠᠭ ᠠᠭᠤᠷ ᠢ ᠰᠡᠷᠭᠡᠶᠢᠯᠡᠬᠦ ᠵᠦᠭᠯᠡᠭᠦᠷ
ᠨᠡᠶᠢᠲᠡᠯᠡᠭᠰᠡᠨ ᠴᠠᠭ᠄
2024/12/17
     1. ᠬᠤᠪᠴᠠᠰᠤ ᠬᠤᠨᠠᠷ ᠢᠶᠠᠨ ᠵᠤᠵᠠᠭᠠᠯᠠᠨ᠎ᠠ᠄ ᠬᠦᠢᠲᠡᠨ ᠤᠷᠤᠰᠬᠠᠯ ᠢᠷᠡᠬᠦ ᠦᠶᠡᠰ᠂ ᠠᠭᠠᠷ ᠤᠨ ᠳᠤᠯᠠᠭᠠᠨ ᠭᠡᠨᠡᠳᠲᠡ ᠳᠣᠷᠣᠭᠰᠢᠯᠠᠨ᠎ᠠ᠂ ᠴᠠᠭ ᠠᠭᠤᠷ ᠤᠨ ᠪᠠᠶᠢᠳᠠᠯ ᠢ ᠦᠨᠳᠦᠰᠦᠯᠡᠨ ᠬᠤᠪᠴᠠᠰᠤ ᠬᠤᠨᠠᠷ ᠢᠶᠠᠨ ᠵᠤᠵᠠᠭᠠᠯᠠᠬᠤ ᠬᠡᠷᠡᠭᠲᠡᠶ᠂ ᠢᠯᠠᠩᠭᠤᠶ᠎ᠠ ᠭᠠᠷ᠂ ᠬᠠᠴᠠᠷ ᠨᠢᠭᠤᠷ᠂ ᠴᠢᠬᠢ ᠶᠢᠨ ᠢᠶᠠᠨ ᠳᠤᠯᠠᠭᠠᠨ ᠢ ᠬᠠᠮᠠᠭᠠᠯᠠᠬᠤ ᠬᠡᠷᠡᠭᠳᠡᠢ᠃     2. ᠡᠭᠦᠳᠡ ᠴᠣᠩᠬᠤ ᠪᠠᠨ ᠰᠠᠶᠢᠳᠤᠷ ᠬᠠᠭᠠᠨ᠎ᠠ᠄ ᠬᠦᠢᠲᠡᠨ ᠤᠷᠤᠰᠬᠠᠯ ᠢᠷᠡᠬᠦ ᠦᠶᠡᠰ᠂ ᠡᠭᠦᠳᠡ ᠴᠣᠩᠬᠤ ᠪᠠᠨ ᠰᠠᠶᠢᠲᠤᠷ ᠬᠠᠭᠠᠵᠤ᠂ ᠬᠡᠷ ᠳᠣᠲᠣᠷᠠᠬᠢ ᠳᠤᠯᠠᠭᠠᠨ ᠢᠶᠠᠨ ᠪᠠᠲᠤᠯᠠᠨ᠂ ᠬᠦᠢᠲᠡᠨ ᠠᠭᠠᠷ ᠤᠨ ᠣᠷᠣᠵᠤ ᠢᠷᠡᠬᠦ ᠶᠢ ᠰᠡᠷᠭᠡᠶᠢᠯᠡᠬᠦ ᠬᠡᠷᠡᠭᠲᠡᠶ᠃     3. ᠭᠠᠳᠠᠨ᠎ᠠ ᠭᠠᠷᠬᠤ ᠪᠠᠨ ᠪᠠᠭᠠᠰᠬᠠᠨ᠎ᠠ᠄ ᠭᠡᠷ ᠤᠨ ᠭᠠᠳᠠᠨᠠᠬᠢ ᠬᠥᠳᠡᠯᠭᠡᠭᠡᠨ ᠳᠤ ᠠᠯᠢ ᠴᠢᠳᠠᠬᠤ ᠪᠠᠷ ᠴᠦᠬᠡᠨ ᠤᠷᠤᠯᠴᠠᠨ᠎ᠡ᠂ ᠣᠨᠴᠠᠭᠠᠶᠢᠯᠠᠨ ᠨᠠᠰᠤᠲᠠᠶᠢᠴᠤᠳ᠂ ᠬᠡᠦᠬᠡᠳ᠂ ᠵᠢᠷᠮᠦᠰᠦᠨ ᠡᠮᠡᠭᠲᠡᠶ ᠪᠠ ᠪᠡᠶ᠎ᠡ ᠮᠠᠭᠤᠲᠠᠶ ᠬᠥᠮᠦᠰ ᠭᠠᠳᠠᠭᠤᠷ ᠶᠠᠪᠤᠬᠤ ᠪᠠᠨ ᠪᠠᠭᠠᠰᠬᠠᠪᠠᠯ ᠵᠣᠬᠢᠨ᠎ᠠ᠃ ᠭᠠᠳᠠᠭᠤᠷ ᠶᠠᠪᠤᠬᠤ ᠴᠢᠬᠤᠯᠠ ᠲᠠᠢ ᠪᠣᠯ ᠵᠤᠵᠠᠭᠠᠯᠠᠨ ᠡᠮᠦᠰᠴᠤ ᠳᠤᠯᠠᠭᠠᠨ ᠢ ᠪᠠᠳᠤᠯᠠᠨ᠂ ᠬᠢᠮᠤᠷᠠᠬᠤ ᠪᠠ ᠬᠥᠯᠳᠡᠬᠦ ᠠᠴᠠ ᠰᠡᠷᠭᠡᠶᠢᠯᠡᠬᠦ ᠬᠡᠷᠡᠭᠲᠡᠶ᠃      4. ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠤᠨ᠎ᠠ᠄ ᠬᠦᠢᠲᠡᠨ ᠤᠷᠤᠰᠬᠠᠯ ᠤᠨ ᠠᠭᠤᠷ ᠠᠮᠢᠰᠬᠤᠯ ᠠᠴᠠ ᠪᠣᠯᠵᠣ ᠵᠠᠮ ᠤᠨ ᠭᠡᠰᠡᠭ ᠲᠤ ᠮᠥᠰᠥ ᠬᠥᠯᠳᠡᠬᠦ᠂ ᠦᠵᠡᠭᠳᠡᠴᠡ ᠶᠢᠨ ᠬᠡᠮᠵᠢᠶ᠎ᠡ ᠳᠤᠤᠷ᠎ᠠ ᠵᠡᠷᠭᠡ ᠠᠰᠠᠭᠤᠳᠠᠯ ᠭᠠᠷᠳᠠᠭ᠂ ᠡᠶᠢᠮᠤ ᠠᠴᠠ ᠨᠠᠭᠠᠰᠢ ᠴᠠᠭᠠᠰᠢ ᠶᠠᠪᠤᠵᠤ ᠰᠠᠭᠤᠬᠤ ᠳᠠᠭᠠᠨ ᠵᠠᠮ ᠬᠠᠷᠢᠯᠴᠠᠭᠠᠨ ᠤ ᠠᠮᠤᠷ ᠲᠦᠪᠰᠢᠨ ᠢ ᠣᠨᠴᠠᠭᠠᠶᠢᠯᠠᠨ ᠠᠩᠬᠠᠷᠬᠤ ᠬᠡᠷᠡᠭᠲᠡᠶ᠃     5. ᠲᠠᠷᠢᠶᠠᠯᠠᠩ ᠮᠠᠯ ᠠᠵᠤ ᠠᠬᠤᠶ ᠶᠢᠨ ᠠᠮᠤᠷ ᠳᠦᠪᠰᠢᠨ ᠢ ᠪᠠᠳᠤᠯᠠᠨ᠎ᠠ᠄ ᠨᠢᠮᠭᠡᠨ ᠪᠦᠷᠬᠦᠭᠦᠯ ᠪᠦᠷᠬᠦᠬᠦ᠂ ᠳᠤᠯᠠᠭᠠᠨ ᠢ ᠬᠠᠮᠠᠭᠠᠯᠠᠬᠤ ᠲᠥᠬᠦᠭᠡᠷᠦᠮᠵᠢ ᠶᠢ ᠨᠡᠮᠡᠭᠳᠡᠭᠦᠯᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠬᠦᠢᠳᠡᠨ ᠤᠷᠤᠰᠬᠠᠯ ᠤᠨ ᠲᠠᠷᠢᠶᠠᠯᠠᠩ ᠮᠠᠯ ᠠᠵᠤ ᠠᠬᠤᠶ ᠳᠤ ᠤᠴᠠᠷᠠᠭᠤᠯᠬᠤ ᠬᠤᠣᠷ ᠬᠥᠨᠥᠭᠡᠯ ᠢ ᠪᠠᠭᠠᠰᠬᠠᠬᠤ ᠬᠡᠷᠡᠭᠲᠡᠶ᠃     6. ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠰᠠᠶᠢᠲᠤᠷ ᠪᠡᠯᠡᠳᠭᠡᠨ᠎ᠡ᠄ ᠭᠡᠷ ᠲᠡᠭᠡᠨ ᠪᠠᠴᠢᠮ ᠪᠠᠶᠢᠳᠠᠯ ᠢ ᠠᠷᠭᠠᠴᠠᠭᠠᠬᠤ ᠴᠢᠬᠤᠯᠠ ᠪᠦᠬᠦᠢ ᠡᠳ᠋ ᠪᠣᠳᠠᠰ ᠢ ᠪᠡᠯᠡᠳᠭᠡᠵᠤ ᠳᠠᠯᠪᠢᠬᠤ ᠬᠡᠷᠡᠭᠳᠡᠢ᠂ ᠵᠢᠱᠢᠶᠡᠯᠡᠪᠡᠯ ᠡᠮ ᠤᠨ ᠵᠦᠢᠯ᠂ ᠢᠳᠡᠭᠡᠨ᠂ ᠤᠰᠤ ᠵᠡᠷᠭᠡ ᠶᠢ ᠪᠡᠯᠡᠳᠭᠡᠵᠦ᠂ ᠭᠡᠨᠡᠳᠲᠡ ᠶᠢᠨ ᠬᠡᠷᠡᠭᠴᠡᠭᠡ ᠳᠤ ᠪᠡᠯᠡᠳᠭᠡᠨ᠎ᠡ᠃     ᠬᠠᠮᠤᠭ ᠰᠡᠭᠦᠯ ᠳᠤ᠂ ᠣᠯᠠᠨ ᠢᠶᠠᠷ ᠢᠶᠠᠨ ᠴᠠᠭ ᠲᠤᠬᠠᠶ ᠳᠤᠨᠢ ᠬᠠᠮᠤᠭ ᠰᠢᠨ᠎ᠡ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠠᠩᠬᠠᠷᠴᠤ᠂ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠪᠠᠨ ᠰᠠᠶᠢᠲᠤᠷ ᠬᠢᠬᠦ ᠶᠢ ᠬᠦᠰᠡᠵᠦ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号