ᠡᠪᠦᠯ ᠤᠨ ᠤᠯᠠᠷᠢᠯ ᠳᠤ ᠬᠦᠢᠲᠡᠨ ᠤᠷᠤᠰᠬᠠᠯ ᠤᠨ ᠰᠡᠷᠡᠮᠵᠢ ᠶᠢᠨ ᠳᠤᠭᠢᠶ᠎ᠠ ᠶᠢ ᠬᠡᠷᠭᠢᠨ ᠲᠠᠨᠢᠬᠤ ᠪᠤᠢ
ᠨᠡᠶᠢᠲᠡᠯᠡᠭᠰᠡᠨ ᠴᠠᠭ᠄
2024/12/17
      ᠡᠪᠦᠯ ᠤᠨ ᠤᠯᠠᠷᠢᠯ ᠪᠤᠯᠤᠭᠰᠠᠭᠠᠷ ᠬᠥᠮᠦᠰ ᠳᠠᠭᠠᠷᠠᠵᠤ ᠪᠡᠭᠡᠷᠡᠨ᠂ ᠳᠠᠭᠵᠢᠷᠠᠨ ᠴᠡᠴᠡᠷᠡᠵᠤ᠂ ᠬᠦᠢᠳᠡᠨ ᠤᠷᠤᠰᠬᠠᠯ ᠬᠦᠷᠴᠤ ᠢᠷᠡᠭᠰᠡᠨ ᠢ ᠮᠡᠳᠡᠭᠳᠡᠳᠡᠭ᠃ ᠬᠦᠢᠳᠡᠨ ᠤᠷᠤᠰᠬᠠᠯ ᠬᠦᠷᠴᠤ ᠢᠷᠡᠪᠡᠯ ᠳᠤᠯᠠᠭᠠᠨ ᠤ ᠬᠡᠮᠵᠢᠶ᠎ᠡ ᠪᠠᠭᠤᠷᠠᠵᠤ᠂ ᠰᠠᠯᠬᠢ ᠰᠠᠯᠬᠢᠯᠠᠨ᠂ ᠴᠠᠰᠤ ᠤᠷᠤᠵᠤ᠂ ᠮᠦᠰᠦ ᠭᠦᠯᠳᠡᠨ᠎ᠡ᠃      ᠬᠦᠢᠲᠡᠨ ᠤᠷᠤᠰᠬᠠᠯ ᠤᠨ ᠰᠡᠷᠡᠮᠵᠢ ᠶᠢᠨ ᠳᠣᠬᠢᠶ᠎ᠠ ᠶᠢ ᠳᠥᠷᠪᠡᠨ ᠳᠡᠰ ᠬᠤᠪᠢᠶᠠᠵᠤ᠂ ᠳᠣᠣᠷ᠎ᠠ ᠠᠴᠠ ᠥᠨᠳᠥᠷ  ᠲᠠᠰᠢ ᠲᠤᠰ ᠲᠤᠰ ᠬᠥᠬᠡ᠂ ᠰᠢᠷ᠎ᠠ᠂ ᠤᠯᠠᠪᠤᠷ᠂ ᠤᠯᠠᠭᠠᠨ ᠭᠡᠵᠦ ᠬᠤᠪᠢᠶᠠᠨ᠎ᠠ᠃      ᠬᠥᠬᠡ ᠥᠩᠭᠡ᠄ 48 ᠴᠠᠭ ᠤᠨ ᠳᠣᠲᠣᠷ᠎ᠠ ᠬᠠᠮᠤᠭ ᠤᠨ ᠳᠣᠤᠷ᠎ᠠ ᠠᠭᠠᠷ ᠤᠨ ᠳᠤᠯᠠᠭᠠᠨ 8 ᠭᠷᠡᠳᠦ᠋ᠰ ᠳᠤᠷᠤᠭᠰᠢᠯᠠᠵᠤ᠂ ᠬᠠᠮᠤᠭ ᠤᠨ ᠳᠣᠤᠷ᠎ᠠ ᠠᠭᠠᠷ ᠤᠨ ᠳᠤᠯᠠᠭᠠᠨ 4 ᠭᠷᠡᠳᠦ᠋ᠰ ᠲᠤ ᠳᠤᠯᠵᠤ᠂ ᠡᠬᠡ ᠬᠠᠭᠤᠷᠠᠶ ᠶᠢᠨ ᠳᠤᠮᠳᠠᠴᠢ ᠰᠠᠯᠬᠢᠨ ᠤ ᠬᠦᠴᠦᠨ 5 ᠲᠠᠰ ᠠᠴᠠ ᠳᠡᠭᠡᠭᠰᠢ ᠪᠣᠯᠤᠨ᠎ᠠ᠃      ᠰᠢᠷ᠎ᠠ ᠥᠩᠭᠡ᠄ 24 ᠴᠠᠭ ᠤᠨ ᠳᠣᠲᠣᠷ᠎ᠠ ᠬᠠᠮᠤᠭ ᠤᠨ ᠳᠣᠤᠷ᠎ᠠ ᠠᠭᠠᠷ ᠤᠨ ᠳᠤᠯᠠᠭᠠᠨ 10 ᠭᠷᠡᠳᠦ᠋ᠰ ᠳᠣᠷᠣᠭᠰᠢᠯᠠᠵᠤ᠂ ᠬᠠᠮᠤᠭ ᠤᠨ ᠳᠣᠤᠷ᠎ᠠ ᠠᠭᠠᠷ ᠤᠨ ᠳᠤᠯᠠᠭᠠᠨ ᠨᠢ 4 ᠭᠷᠡᠳᠦ᠋ᠰ ᠠᠴᠠ ᠳᠤᠤᠷ᠎ᠠ ᠪᠤᠯᠵᠤ᠂ ᠡᠬᠡ ᠬᠠᠭᠤᠷᠠᠶ ᠶᠢᠨ ᠳᠤᠮᠳᠠᠴᠢ ᠰᠠᠯᠬᠢᠨ ᠤ ᠬᠦᠴᠦᠨ 6 ᠲᠠᠰ ᠠᠴᠠ ᠳᠡᠭᠡᠭᠰᠢ ᠪᠣᠯᠤᠨ᠎ᠠ᠃      ᠤᠯᠠᠪᠤᠷ ᠥᠩᠭᠡ᠄ 24 ᠴᠠᠭ ᠤᠨ ᠳᠣᠲᠣᠷ᠎ᠠ ᠬᠠᠮᠤᠭ ᠤᠨ ᠳᠣᠤᠷ᠎ᠠ ᠠᠭᠠᠷ ᠤᠨ ᠳᠤᠯᠠᠭᠠᠨ 12 ᠭᠷᠡᠳᠦ᠋ᠰ ᠳᠣᠷᠣᠭᠰᠢᠯᠠᠵᠤ᠂ ᠬᠠᠮᠤᠭ ᠤᠨ ᠳᠣᠤᠷ᠎ᠠ ᠠᠭᠠᠷ ᠤᠨ ᠳᠤᠯᠠᠭᠠᠨ 0 ᠭᠷᠡᠳᠦ᠋ᠰ ᠲᠤ ᠳᠤᠯᠵᠤ᠂ ᠡᠬᠡ ᠬᠠᠭᠤᠷᠠᠶ ᠶᠢᠨ ᠳᠤᠮᠳᠠᠴᠢ ᠰᠠᠯᠬᠢᠨ ᠤ ᠬᠦᠴᠦᠨ 6 ᠲᠠᠰ ᠠᠴᠠ ᠳᠡᠭᠡᠭᠰᠢ ᠪᠣᠯᠤᠨ᠎ᠠ᠃      ᠤᠯᠠᠭᠠᠨ ᠥᠩᠭᠡ᠄ 24 ᠴᠠᠭ ᠤᠨ ᠳᠣᠲᠣᠷ᠎ᠠ ᠬᠠᠮᠤᠭ ᠤᠨ ᠳᠣᠤᠷ᠎ᠠ ᠠᠭᠠᠷ ᠤᠨ ᠳᠤᠯᠠᠭᠠᠨ ᠨᠢ 16 ᠭᠷᠡᠳᠦ᠋ᠰ ᠳᠣᠷᠣᠭᠰᠢᠯᠠᠵᠤ᠂ ᠬᠠᠮᠤᠭ ᠤᠨ ᠳᠣᠤᠷ᠎ᠠ ᠠᠭᠠᠷ ᠤᠨ ᠳᠤᠯᠠᠭᠠᠨ 0 ᠭᠷᠡᠳᠦ᠋ᠰ ᠠᠴᠠ ᠳᠤᠤᠷ᠎ᠠ ᠪᠤᠯᠵᠤ᠂ ᠡᠬᠡ ᠬᠠᠭᠤᠷᠠᠶ ᠶᠢᠨ ᠳᠤᠮᠳᠠᠴᠢ ᠰᠠᠯᠬᠢᠨ ᠤ ᠬᠦᠴᠦᠨ 6 ᠲᠠᠰ ᠠᠴᠠ ᠳᠡᠭᠡᠭᠰᠢ ᠪᠣᠯᠤᠨ᠎ᠠ᠃     ᠬᠦᠢᠲᠡᠨ ᠤᠷᠤᠰᠬᠠᠯ ᠤᠨ ᠰᠡᠷᠡᠮᠵᠢ ᠶᠢᠨ ᠳᠣᠬᠢᠶ᠎ᠠ ᠶᠢ ᠣᠯᠵᠤ ᠮᠡᠳᠡᠭᠰᠡᠭᠡᠷ᠂ ᠬᠦᠮᠦᠰ ᠴᠠᠭ ᠲᠤᠬᠠᠶ ᠳᠤᠨᠢ ᠬᠤᠪᠴᠠᠰᠤ ᠪᠠᠨ ᠵᠤᠵᠠᠭᠠᠯᠠᠨ ᠳᠤᠯᠠᠭᠠᠯᠠᠵᠤ᠂ ᠬᠦᠢᠳᠡᠨ ᠰᠠᠯᠬᠢ ᠬᠦᠢᠲᠡᠨ ᠤᠷᠤᠰᠬᠠᠯ ᠠᠴᠠ ᠰᠡᠷᠭᠡᠶᠢᠯᠡᠬᠦ ᠬᠡᠷᠡᠭᠳᠡᠢ᠂ ᠤᠨᠴᠠᠭᠠᠶᠢᠯᠠᠨ ᠮᠠᠯ ᠠᠳᠤᠭᠤᠰᠤ ᠶᠢᠨ ᠬᠥᠯᠳᠡᠬᠦ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠢᠳᠡᠪᠬᠢᠲᠡᠶ ᠡᠪᠴᠤ᠂ ᠴᠢᠬᠤᠯᠠ ᠦᠭᠡᠢ ᠬᠤᠬᠢᠷᠠᠯ ᠢ ᠪᠠᠭᠠᠰᠬᠠᠬᠤ ᠬᠡᠷᠡᠭᠲᠡᠶ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号