ᠣᠶᠢᠷ᠎ᠠ ᠳᠤ᠂ ᠣᠯᠠᠨ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠬᠢᠨ ᠡᠮ | ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠪᠠᠨ ᠲᠠᠰᠤᠯᠳᠠᠭᠤᠯᠤᠭᠰᠠᠨ ᠠᠴᠠ ᠪᠣᠯᠵᠤ ᠡᠪᠡᠳᠴᠢᠨ | ᠦᠵᠡᠭᠦᠯᠦᠭᠰᠡᠨ ᠤ ᠳᠠᠷᠠᠭ᠎ᠠ ᠲᠠᠩᠰᠠ ᠲᠠᠶᠢᠯᠵᠤ ᠴᠢᠳᠠᠬᠤ ᠦᠭᠡᠢ ᠪᠣᠯᠤᠭᠰᠠᠨ ᠬᠡᠷᠡᠭ ᠤᠨ ᠵᠢᠱᠢᠶ᠎ᠡ ᠶᠢ ᠨᠡᠶᠢᠲᠡᠯᠡᠪᠡ᠃ | ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠨᠡᠶᠢᠲᠡᠯᠡᠭᠰᠡᠨ ᠲᠤᠭ᠎ᠠ | ᠪᠠᠷᠢᠮᠲᠠ ᠳᠤ ᠢᠯᠡᠷᠡᠭᠦᠯᠦᠭᠰᠡᠨ ᠢᠶᠠᠷ᠂ 2024 ᠣᠨ ᠤ 1 — 10 ᠰᠠᠷ᠎ᠠ ᠪᠣᠯᠲᠠᠯ᠎ᠠ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠢ ᠲᠥᠯᠥᠪᠵᠢᠬᠦᠯᠬᠦ ᠰᠠᠭᠤᠷᠢ | ᠮᠥᠩᠭᠦ ᠶᠢᠨ ᠣᠷᠣᠯᠭ᠎ᠠ 8744.57 ᠳ᠋ᠦᠩᠰᠢᠭᠤᠷ ᠲᠥᠭᠦᠷᠢᠭ ᠲᠤ ᠬᠦᠷᠴᠦ᠂ ᠵᠠᠷᠤᠯᠭ᠎ᠠ 8466.40 | ᠳ᠋ᠦᠩᠰᠢᠭᠤᠷ ᠲᠥᠭᠦᠷᠢᠭ ᠲᠤ ᠬᠦᠷᠴᠡᠢ᠃ | ᠹᠦᠳᠠᠨ ᠶᠡᠭᠡ ᠰᠤᠷᠭᠠᠭᠤᠯᠢ ᠶᠢᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠳᠡᠭᠡᠳᠦ ᠰᠤᠷᠭᠠᠭᠤᠯᠢ ᠶᠢᠨ | ᠫᠷᠤᠹᠧᠰᠰᠤᠷ ᠴᠧᠨ ᠸᠧᠨ ᠢᠯᠡᠳᠬᠡᠬᠦ ᠳᠡᠭᠡᠨ᠂ ᠡᠪᠡᠳᠴᠢᠯᠡᠬᠦ ᠨᠢ ᠶᠡᠷᠦ ᠠᠴᠠ ᠲᠣᠭᠲᠠᠪᠤᠷᠢ ᠦᠭᠡᠢ ᠴᠢᠨᠠᠷ ᠲᠠᠢ᠂ | ᠭᠡᠨᠡᠳᠲᠡ ᠶᠢᠨ ᠬᠦᠨᠳᠦ ᠡᠪᠡᠳᠴᠢᠨ ᠤ ᠡᠮᠦᠨ᠎ᠡ᠂ ᠬᠤᠪᠢ ᠬᠥᠮᠥᠨ ᠪᠠ ᠭᠡᠷ ᠪᠦᠯᠢ ᠶᠢᠨ ᠬᠢᠨ ᠡᠮᠴᠢᠯᠡᠭᠡᠨ ᠤ ᠥᠨᠳᠥᠷ | ᠵᠠᠷᠤᠳᠠᠯ ᠢ ᠭᠠᠭᠴᠠᠭᠠᠷ ᠢᠶᠠᠨ ᠳᠠᠭᠠᠭᠠᠵᠤ ᠳᠡᠶᠢᠯᠬᠦ ᠦᠭᠡᠢ ᠶᠤᠮ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ | ᠨᠠᠰᠤ ᠵᠢᠯ ᠢᠯᠭᠠᠬᠤ ᠦᠭᠡᠢ᠂ ᠡᠪᠡᠳᠴᠢᠨ ᠤ ᠪᠠᠶᠢᠳᠠᠯ ᠬᠡᠵᠦ ᠢᠯᠭᠠᠬᠤ ᠦᠭᠡᠢ ᠪᠠᠷ ᠥᠷᠭᠡᠨ ᠤᠯᠠᠨ ᠲᠦᠮᠡᠨ ᠳᠤ | ᠦᠨᠳᠦᠰᠦᠨ᠂ ᠨᠠᠶᠢᠳᠠᠪᠤᠷᠢᠲᠠᠢ᠂ ᠠᠮᠤᠷ ᠲᠦᠪᠰᠢᠨ ᠡᠮ ᠡᠮᠨᠡᠯᠭᠡ ᠶᠢᠨ ᠪᠠᠲᠤᠯᠠᠭ᠎ᠠ ᠶᠢ ᠬᠠᠩᠭᠠᠵᠤ᠂ ᠥᠷᠭᠡᠨ ᠤᠯᠠᠨ | ᠲᠦᠮᠡᠨ ᠤ ᠴᠠᠭ ᠲᠤᠬᠠᠢ ᠳᠤᠨᠢ ᠡᠮᠨᠡᠭᠦᠯᠬᠦ᠂ ᠡᠮ ᠡᠮᠨᠡᠯᠭᠡ ᠶᠢᠨ ᠵᠠᠷᠤᠳᠠᠯ ᠢ ᠬᠤᠪᠢᠶᠠᠨ ᠨᠣᠭᠳᠠᠭᠤᠯᠬᠤ ᠶᠢ ᠦᠨᠡᠨ ᠬᠦ | ᠪᠠᠲᠤᠯᠠᠵᠤ᠂ ᠪᠠᠰᠠ ᠬᠦᠨᠳᠦ ᠡᠪᠡᠳᠴᠢᠯᠡᠭᠰᠡᠨ ᠦᠶ᠎ᠡ ᠳᠤ ᠠᠪᠤᠷᠠᠨ ᠲᠤᠰᠠᠯᠠᠵᠤ᠂ ︽ᠡᠪᠡᠳᠴᠢᠨ ᠠᠴᠠ ᠪᠣᠯᠵᠤ | ᠶᠠᠳᠠᠭᠤᠷᠠᠬᠤ᠂ ᠡᠪᠡᠳᠴᠢᠨ ᠠᠴᠠ ᠪᠣᠯᠵᠤ ᠲᠠᠬᠢᠨ ᠶᠠᠳᠠᠭᠤᠷᠠᠬᠤ︾ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ᠎ᠡ | ᠭᠡᠵᠡᠢ᠃ | ᠡᠨᠡ ᠵᠢᠯ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠳᠠᠭᠠᠳᠬᠠᠯ ᠳᠤ ᠣᠷᠣᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠡᠶᠢᠲᠡᠯᠡᠵᠦ᠂ | ᠵᠠᠯᠭᠠᠭ᠎ᠠ ᠪᠠᠷ ᠳᠠᠭᠠᠳᠬᠠᠯ ᠳᠤ ᠣᠷᠣᠭᠰᠠᠨ ᠵᠢᠴᠢ ᠰᠠᠭᠤᠷᠢ ᠮᠥᠩᠭᠦ ᠠᠴᠠ ᠲᠠᠩᠰᠠ ᠲᠠᠶᠢᠯᠤᠭᠰᠠᠨ ᠦᠭᠡᠢ ᠶᠢ ᠱᠠᠩᠨᠠᠨ | ᠬᠥᠬᠢᠭᠦᠯᠪᠡ᠄ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠤᠷᠤᠭᠠᠳ ᠪᠦᠬᠦᠯᠢ 4 ᠵᠢᠯ ᠪᠣᠯᠤᠭᠰᠠᠨ | ᠳᠠᠭᠠᠳᠬᠠᠯ ᠳᠤ ᠣᠷᠣᠭᠰᠠᠳ ᠵᠠᠯᠭᠠᠭ᠎ᠠ ᠪᠠᠷ 1 ᠵᠢᠯ ᠲᠠᠭᠠᠳᠬᠠᠯ ᠳᠤ ᠤᠷᠤᠬᠤ ᠪᠦᠷᠢ᠂ ᠵᠢᠯ ᠪᠤᠯᠭᠠᠨ ᠬᠦᠨᠳᠦ | ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠲᠥᠯᠥᠬᠦ ᠬᠢᠵᠠᠭᠠᠷᠯᠠᠬᠤ ᠬᠡᠮᠵᠢᠶ᠎ᠡ ᠶᠢ 1000 | ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ︔ ᠲᠤᠬᠠᠢ ᠶᠢᠨ ᠵᠢᠯ ᠳᠤ ᠰᠠᠭᠤᠷᠢ ᠮᠥᠩᠭᠦ ᠠᠴᠠ ᠲᠠᠩᠰᠠ | ᠲᠠᠶᠢᠯᠤᠭᠰᠠᠨ ᠦᠭᠡᠢ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠤᠨ ᠳᠠᠷᠠᠭ᠎ᠠ ᠵᠢᠯ | ᠳ᠋ᠦᠨᠢ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠲᠥᠯᠥᠬᠦ ᠬᠢᠵᠠᠭᠠᠷ ᠲᠤᠭ᠎ᠠ ᠶᠢ | ᠳᠡᠭᠡᠭᠰᠢᠯᠡᠭᠦᠯᠵᠦ ᠪᠣᠯᠣᠨ᠎ᠠ᠃ | ᠡᠭᠦᠨ ᠲᠠᠢ ᠬᠠᠷᠠᠭᠠᠯᠵᠠᠵᠤ ᠪᠠᠶᠢᠭ᠎ᠠ ᠨᠢ ᠳᠠᠷᠤᠢ ᠰᠦᠢᠳᠬᠡᠯ ᠲᠤᠰᠢᠶᠠᠬᠤ ᠪᠠᠨ ᠲᠠᠰᠤᠯᠳᠠᠭᠤᠯᠬᠤ ᠪᠠᠶᠢᠳᠠᠯ | ᠲᠤᠤᠷᠠᠬᠢ ᠬᠢᠵᠠᠭᠠᠷᠯᠠᠯ ᠪᠣᠯᠣᠨ᠎ᠠ᠄ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠲᠥᠪᠯᠡᠷᠡᠭᠦᠯᠦᠨ | ᠣᠷᠣᠯᠴᠠᠭᠰᠠᠨ ᠬᠤᠭᠤᠴᠠᠭᠠᠨ ᠳᠤ ᠳᠠᠭᠠᠳᠬᠠᠯ ᠳᠤ ᠣᠷᠣᠭᠰᠠᠨ ᠦᠭᠡᠢ ᠪᠤᠶᠤ ᠵᠠᠯᠭᠠᠭ᠎ᠠ ᠪᠠᠷ ᠲᠠᠭᠠᠳᠬᠠᠯ ᠢᠶᠠᠨ | ᠲᠤᠰᠢᠶᠠᠬᠰᠠᠨ ᠦᠭᠡᠢ ᠬᠥᠮᠥᠰ ᠲᠤ᠂ ᠳᠠᠭᠠᠳᠬᠠᠯ ᠳᠤ ᠣᠷᠣᠭᠰᠠᠨ ᠤ ᠳᠠᠷᠠᠭᠠᠬᠢ ᠲᠣᠭᠲᠠᠮᠠᠯ ᠬᠠᠷᠠᠭᠠᠯᠵᠠᠯ ᠢ 3 | ᠰᠠᠷ᠎ᠠ ᠬᠦᠯᠢᠶᠡᠬᠦ ᠬᠤᠭᠤᠴᠠᠭ᠎ᠠ ᠲᠤᠬᠢᠷᠠᠭᠤᠯᠤᠨ᠎ᠠ︔ ᠡᠭᠦᠨ ᠳᠤ᠂ ᠵᠠᠯᠭᠠᠭ᠎ᠠ ᠪᠠᠷ ᠳᠠᠭᠠᠳᠬᠠᠯ ᠢᠶᠠᠨ ᠲᠤᠰᠢᠶᠠᠬᠰᠠᠨ | ᠦᠭᠡᠢ᠂ ᠰᠦᠢᠳᠭᠡᠯ ᠲᠤᠰᠢᠶᠠᠬᠤ ᠪᠠᠨ ᠢᠯᠡᠭᠦᠦ ᠨᠢᠭᠡ ᠵᠢᠯ ᠲᠠᠰᠤᠯᠳᠠᠭᠤᠯᠬᠤ ᠪᠦᠷᠢ ᠵᠠᠷᠴᠢᠮ ᠳᠡᠭᠡᠷ᠎ᠡ ᠪᠠᠨ | ᠲᠣᠭᠲᠠᠮᠠᠯ ᠬᠠᠷᠠᠭᠠᠯᠵᠠᠯ ᠢ ᠬᠦᠷᠳᠡᠬᠦ ᠶᠢ ᠬᠦᠯᠢᠶᠡᠬᠦ ᠬᠤᠭᠤᠴᠠᠭᠠᠨ ᠤ ᠰᠠᠭᠤᠷᠢᠨ ᠳᠡᠭᠡᠷ᠎ᠡ ᠬᠤᠪᠢᠷᠠᠯᠲᠠ ᠭᠠᠷᠤᠬᠰᠠᠨ | ᠬᠠᠷᠠᠭᠠᠯᠵᠠᠯ ᠬᠦᠷᠳᠡᠬᠦ ᠶᠢ ᠬᠦᠯᠢᠶᠡᠬᠦ ᠬᠤᠭᠤᠴᠠᠭ᠎ᠠ ᠶᠢ 1 ᠰᠠᠷ᠎ᠠ ᠨᠡᠮᠡᠨ᠎ᠡ᠃ | ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2018 ᠣᠨ ᠠᠴᠠ 2023 ᠣᠨ ᠪᠣᠯᠲᠠᠯ᠎ᠠ᠂ ᠡᠮ | ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠢ ᠲᠥᠯᠥᠪᠵᠢᠬᠦᠯᠦᠭᠰᠡᠨ ᠰᠠᠭᠤᠷᠢ ᠮᠥᠩᠭᠦ ᠶᠢᠨ ᠵᠠᠷᠤᠯᠭ᠎ᠠ ᠨᠡᠶᠢᠲᠡ 10. | 46 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ 11.6% ᠳᠤ | ᠬᠦᠷᠴᠦ᠂ ᠥᠷᠭᠡᠨ ᠣᠯᠠᠨ ᠠᠷᠠᠳ ᠲᠦᠮᠡᠨ ᠤ ᠡᠪᠡᠳᠴᠢᠨ ᠢᠶᠠᠨ ᠡᠮᠨᠡᠭᠦᠯᠬᠦ ᠳᠤ ᠬᠦᠴᠦᠲᠡᠢ ᠪᠠᠲᠤᠯᠠᠭ᠎ᠠ | ᠬᠠᠩᠭᠠᠭᠰᠠᠨ ᠪᠠᠶᠢᠨ᠎ᠠ᠃ |