ᠴᠠᠰᠤ ᠣᠷᠣᠵᠤ ᠬᠦᠢᠲᠡᠷᠡᠨ᠎ᠠ
ᠨᠡᠶᠢᠲᠡᠯᠡᠭᠰᠡᠨ ᠴᠠᠭ᠄
2024/12/17
      ᠦᠪᠡᠷᠲᠡᠭᠡᠨ ᠵᠠᠰᠠᠬᠤ ᠤᠷᠤᠨ ᠤ ᠴᠠᠭ ᠠᠭᠤᠷ ᠤᠨ ᠬᠤᠷᠢᠶ᠎ᠠ ᠠᠴᠠ ᠤᠶᠢᠯᠠᠭᠠᠭᠰᠠᠨ ᠢᠶᠠᠷ᠂ ᠬᠦᠢᠲᠡᠨ ᠠᠭᠠᠷ ᠤᠨ ᠨᠥᠯᠥᠭᠡᠯᠡᠯ ᠢᠶᠠᠷ 18 ᠤ ᠤᠷᠤᠢ ᠠᠴᠠ ᠡᠬᠢᠯᠡᠨ ᠮᠠᠨ ᠤ ᠣᠷᠣᠨ ᠤ ᠪᠠᠷᠠᠭᠤᠨ ᠪᠡᠶ᠎ᠠ ᠶᠢᠨ ᠵᠡᠭᠦᠨ ᠬᠡᠰᠡᠭ ᠠᠴᠠ ᠵᠡᠭᠦᠨ ᠪᠡᠶ᠎ᠠ ᠶᠢᠨ ᠪᠠᠷᠠᠭᠤᠨ ᠬᠡᠰᠡᠭ ᠬᠦᠷᠲᠡᠯᠡᠬᠢ ᠭᠠᠵᠠᠷ ᠲᠤ ᠴᠠᠰᠤ ᠣᠷᠣᠵᠤ᠂ ᠳᠤᠯᠠᠭᠠᠨ ᠤ ᠬᠡᠮᠵᠢᠶ᠎ᠠ 4 — 10 ᠭᠷᠠᠳᠦ᠋ᠰ ᠪᠠᠭᠤᠷᠠᠨ᠎ᠠ᠃      12 ᠰᠠᠷ᠎ᠠ ᠶᠢᠨ 18 ᠤ ᠡᠳᠦᠷ ᠤᠨ 20 ᠴᠠᠭ ᠠᠴᠠ 21 ᠤ ᠡᠳᠦᠷ ᠤᠨ 8 ᠴᠠᠭ ᠪᠣᠯᠲᠠᠯ᠎ᠠ᠂ ᠮᠠᠨ ᠤ ᠤᠷᠤᠨ ᠤ ᠪᠠᠷᠠᠭᠤᠨ ᠪᠡᠶ᠎ᠠ ᠶᠢᠨ ᠵᠡᠭᠦᠨ ᠬᠡᠰᠡᠭ᠂ ᠳᠤᠮᠳᠠ ᠪᠡᠶ᠎ᠠ᠂ ᠵᠡᠭᠦᠨ ᠪᠡᠶ᠎ᠠ ᠶᠢᠨ ᠪᠠᠷᠠᠭᠤᠨ ᠬᠡᠰᠡᠭ ᠲᠤ ᠪᠠᠭ᠎ᠠ ᠴᠠᠰᠤ ᠤᠷᠤᠵᠤ᠂ ᠬᠤᠷ᠎ᠠ ᠲᠤᠨᠳᠠᠰᠤᠨ ᠤ ᠬᠤᠷᠠᠮᠳᠤᠯ ᠤᠨ ᠬᠡᠮᠵᠢᠶ᠎ᠡ 0.1 — 2.5 ᠮᠢᠯᠢᠮᠧᠲᠷ ᠬᠦᠷᠤᠨ᠎ᠠ︔ ᠪᠠᠶᠠᠨᠨᠠᠭᠤᠷ ᠬᠤᠲᠠ ᠶᠢᠨ ᠵᠡᠭᠦᠨ ᠡᠮᠦᠨ᠎ᠠ ᠪᠡᠶ᠎ᠠ᠂ ᠣᠷᠳᠣᠰ ᠬᠤᠲᠠ ᠶᠢᠨ ᠬᠤᠶᠢᠲᠤ ᠪᠡᠶ᠎ᠠ᠂ ᠤᠯᠠᠭᠠᠨᠴᠠᠪ ᠬᠤᠲᠠ ᠶᠢᠨ ᠬᠤᠶᠢᠲᠤ ᠪᠡᠶ᠎ᠠ ᠶᠢᠨ ᠬᠡᠰᠡᠭ ᠭᠠᠵᠠᠷ ᠲᠤ ᠲᠤᠮᠳᠠ ᠵᠡᠷᠬᠡ ᠶᠢᠨ ᠴᠠᠰᠤ ᠤᠷᠤᠵᠤ᠂ ᠬᠤᠷ᠎ᠠ ᠲᠤᠨᠳᠠᠰᠤᠨ ᠤ ᠬᠤᠷᠠᠮᠳᠤᠯ ᠤᠨ ᠬᠡᠮᠵᠢᠶ᠎ᠡ 2.5 — 5.0 ᠮᠢᠯᠢᠮᠧᠲᠷ ᠬᠦᠷᠦᠨ᠎ᠠ᠃      12 ᠰᠠᠷ᠎ᠠ ᠶᠢᠨ 19 ᠤ ᠡᠳᠦᠷ ᠤᠨ 8 ᠴᠠᠭ ᠠᠴᠠ 21 ᠤ ᠡᠳᠦᠷ ᠤᠨ 8 ᠴᠠᠭ ᠪᠣᠯᠲᠠᠯ᠎ᠠ᠂ ᠮᠠᠨ ᠤ ᠤᠷᠤᠨ ᠤ ᠪᠠᠷᠠᠭᠤᠨ ᠪᠡᠶ᠎ᠠ ᠶᠢᠨ ᠵᠡᠭᠦᠨ ᠬᠡᠰᠡᠭ ᠠᠴᠠ ᠵᠡᠭᠦᠨ ᠪᠡᠶ᠎ᠠ ᠶᠢᠨ ᠪᠠᠷᠠᠭᠤᠨ ᠬᠡᠰᠡᠭ ᠪᠠ ᠡᠮᠦᠨ᠎ᠡ ᠬᠡᠰᠡᠭ ᠬᠦᠷᠲᠡᠯᠡᠬᠢ ᠭᠠᠵᠠᠷ ᠤᠨ ᠳᠤᠯᠠᠭᠠᠨ ᠤ ᠬᠡᠮᠵᠢᠶ᠎ᠠ 4 — 6 ᠭᠷᠠᠳᠦ᠋ᠰ ᠪᠠᠭᠤᠷᠠᠨ᠎ᠠ︔ ᠪᠠᠷᠠᠭᠤᠨ ᠪᠡᠶ᠎ᠠ ᠶᠢᠨ ᠵᠡᠭᠦᠨ ᠬᠤᠶᠢᠲᠤ ᠬᠡᠰᠡᠭ᠂ ᠳᠤᠮᠳᠠ ᠪᠡᠶ᠎ᠠ᠂ ᠵᠡᠭᠦᠨ ᠡᠮᠦᠨ᠎ᠠ ᠪᠡᠶ᠎ᠠ ᠶᠢᠨ ᠡᠮᠦᠨ᠎ᠡ ᠬᠡᠰᠡᠭ ᠪᠤᠯᠤᠨ ᠵᠡᠭᠦᠨ ᠬᠤᠶᠢᠲᠤ ᠪᠡᠶ᠎ᠠ ᠶᠢᠨ ᠪᠠᠷᠠᠭᠤᠨ ᠬᠡᠰᠡᠭ ᠤᠨ ᠳᠤᠯᠠᠭᠠᠨ ᠤ ᠬᠡᠮᠵᠢᠶ᠎ᠠ 6 — 10 ᠭᠷᠠᠳᠦ᠋ᠰ ᠪᠠᠭᠤᠷᠠᠵᠤ᠂ ᠬᠡᠰᠡᠭ ᠭᠠᠵᠠᠷ ᠤᠨ ᠳᠤᠯᠠᠭᠠᠨ ᠤ ᠬᠡᠮᠵᠢᠶ᠎ᠠ 10 ᠭᠷᠠᠳᠦ᠋ᠰ ᠠᠴᠠ ᠳᠡᠭᠡᠭᠰᠢ ᠪᠠᠭᠤᠷᠠᠨ᠎ᠠ᠃      12 ᠰᠠᠷ᠎ᠠ ᠶᠢᠨ 20 ᠤ ᠡᠳᠦᠷ ᠤᠨ 8 ᠴᠠᠭ ᠠᠴᠠ 21 ᠤ ᠡᠳᠦᠷ ᠤᠨ 20 ᠴᠠᠭ ᠪᠣᠯᠲᠠᠯ᠎ᠠ᠂ ᠮᠠᠨ ᠤ ᠤᠷᠤᠨ ᠤ ᠪᠠᠷᠠᠭᠤᠨ ᠪᠡᠶ᠎ᠠ ᠶᠢᠨ ᠵᠡᠭᠦᠨ ᠬᠡᠰᠡᠭ᠂ ᠳᠤᠮᠳᠠ ᠪᠡᠶ᠎ᠠ ᠶᠢᠨ ᠶᠡᠬᠡᠩᠬᠢ ᠭᠠᠵᠠᠷ᠂ ᠵᠡᠭᠦᠨ ᠪᠡᠶ᠎ᠠ ᠶᠢᠨ ᠡᠮᠦᠨ᠎ᠠ ᠬᠡᠰᠡᠭ ᠲᠤ 4 — 5 ᠲᠠᠰ ᠤᠨ ᠰᠠᠯᠬᠢ ᠰᠠᠯᠬᠢᠯᠡᠵᠤ᠂ ᠣᠬᠤᠷ ᠬᠤᠭᠤᠴᠠᠭᠠᠨ ᠳᠤ 6 — 7 ᠲᠠᠰ ᠤᠨ ᠶᠡᠭᠡ ᠰᠠᠯᠬᠢ ᠰᠠᠯᠬᠢᠯᠠᠨ᠎ᠠ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号