| | ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠤᠷᠤᠨ ᠤ ᠲᠢᠩᠬᠢᠮ ᠠᠴᠠ ᠤᠶᠢᠯᠠᠭᠠᠭᠰᠠᠨ ᠢᠶᠠᠷ᠂ ᠬᠢᠨᠭ᠍ᠭᠠᠨ ᠠᠶᠢᠮᠠᠭ ᠤᠨ ᠳᠤᠲᠤᠷᠭ᠎ᠠ ᠲᠦᠷᠦᠭᠦᠬᠡᠨ ᠶᠠᠪᠤᠭᠳᠠᠭᠰᠠᠨ | 26 ᠳ᠋ᠤᠭᠠᠷ ᠬᠤᠭᠤᠴᠠᠭᠠᠨ ᠤ ᠣᠯᠠᠨ ᠤᠯᠤᠰ ᠤᠨ ᠴᠢᠨᠠᠷ ᠰᠠᠶᠢᠲᠠᠢ ᠳᠤᠲᠤᠷᠭ᠎ᠠ ᠶᠢᠨ ᠰᠢᠯᠭᠠᠷᠠᠭᠤᠯᠤᠯᠳᠠ ᠶᠢᠨ ᠶᠡᠭᠡ | ᠬᠤᠷᠠᠯ ᠳᠤ 5000 ᠭᠠᠷᠤᠶ ᠬᠤᠪᠢ ᠴᠢᠨᠠᠷ ᠰᠠᠶᠢᠲᠠᠶ ᠲᠤᠲᠤᠷᠭ᠎ᠠ ᠢᠢᠨ ᠥᠯᠢᠭᠡᠷ ᠡᠳ᠋ ᠤᠨ ᠳᠣᠲᠣᠷ᠎ᠠ ᠠᠴᠠ | ᠴᠣᠯᠭᠤᠷᠠᠨ ᠭᠠᠷᠴᠤ᠂ ᠣᠨᠴᠠ ᠰᠢᠯᠢᠳᠡᠭ ᠱᠠᠩᠨᠠᠯ ᠢ ᠭᠥᠷᠳᠡᠪᠠ᠃ | ᠬᠢᠩᠭᠠᠨ ᠠᠶᠢᠮᠠᠭ ᠤᠮᠠᠷᠠᠲᠤ ᠥᠷᠭᠡᠷᠢᠭ ᠤᠨ 46℃ ᠲᠤ ᠪᠠᠶᠢᠷᠢᠯᠠᠵᠤ᠂ ᠳᠤᠮᠳᠠᠳᠤ ᠤᠯᠤᠰ ᠤᠨ ᠲᠠᠯ᠎ᠠ | ᠨᠤᠲᠤᠭ ᠤᠨ ᠠᠮᠢ ᠠᠬᠤᠶ ᠶᠢᠨ ᠤᠰᠤᠨ ᠲᠤᠲᠤᠷᠭ᠎ᠠ ᠶᠢᠨ ᠲᠥᠪ ᠬᠡᠮᠡᠬᠦ ᠰᠠᠶᠢᠬᠠᠨ ᠠᠯᠳᠠᠷᠲᠠᠶ ᠶᠤᠮ᠃ ᠡ᠊ᠨᠳᠡ | ᠪᠠᠶᠢᠭᠠᠯᠢ ᠶᠢᠨ ᠨᠦᠭᠦᠴᠡᠯ ᠤᠨ ᠥᠪᠡᠷᠮᠢᠴᠡ ᠳᠠᠪᠠᠭᠤᠯᠢᠭ ᠲᠠᠢ ᠪᠤᠯᠬᠤᠷ ᠨᠡᠶᠢᠭᠡᠮ ᠨᠡᠶᠢᠲᠡ ᠳᠤ ᠮᠡᠳᠡᠷᠡᠭᠳᠡᠭᠰᠡᠨ | ᠬᠦᠢᠲᠡᠨ ᠤᠷᠤᠨ ᠤ ᠤᠰᠤᠨ ᠲᠤᠲᠤᠷᠭ᠎ᠠ ᠶᠢᠨ ᠰᠢᠵᠢᠷ ᠠᠯᠲᠠᠨ ᠲᠠᠷᠢᠮᠠᠯ ᠤᠨ ᠪᠦᠰᠡ᠂ ᠴᠢᠨᠠᠷ ᠰᠠᠶᠢᠲᠠᠶ | ᠲᠤᠲᠤᠷᠭ᠎ᠠ ᠶᠢᠨ ᠦᠢᠯᠡᠳᠪᠦᠷᠢᠯᠡᠯ ᠤᠨ ᠤᠷᠤᠨ ᠪᠤᠯᠵᠠᠢ᠃ ᠤᠶᠢᠯᠠᠭᠠᠭᠰᠠᠨ ᠢᠶᠠᠷ᠂ ᠲᠤᠰ ᠤᠳᠠᠭ᠎ᠠ ᠶᠢᠨ | ᠤᠷᠤᠯᠳᠤᠭᠠᠨ ᠳᠤ ᠤᠷᠤᠯᠴᠠᠭᠰᠠᠨ ᠳᠤᠲᠤᠷᠭ᠎ᠠ ᠶᠢᠨ ᠠᠮᠲᠠ ᠶᠢᠨ ᠬᠡᠮᠵᠢᠭᠳᠡᠯ ᠤᠨ ᠬᠠᠮᠤᠭ ᠤᠨ ᠳᠤᠤᠷ᠎ᠠ ᠲᠦᠪᠰᠢᠨ ᠢ | 81 ᠬᠤᠪᠢ ᠪᠠᠷ ᠲᠤᠭᠲᠠᠭᠠᠵᠤ᠂ ᠬᠢᠨᠭ᠍ᠭᠠᠨ ᠠᠶᠢᠮᠠᠭ ᠤᠨ ᠲᠤᠳᠤᠷᠭ᠎ᠠ ᠶᠢᠨ ᠠᠮᠲᠠ ᠶᠢᠨ ᠬᠡᠮᠵᠢᠭᠳᠡᠯ ᠬᠠᠮᠤᠭ ᠤᠨ | ᠦᠨᠳᠦᠷ ᠲᠡᠭᠡᠨ 96 ᠬᠤᠪᠢ ᠳᠤ ᠬᠦᠷᠴᠠᠢ᠃ ᠡᠨᠡ ᠨᠢ ᠬᠢᠩᠭᠠᠨ ᠠᠶᠢᠮᠠᠭ ᠤᠨ ᠴᠢᠨᠠᠷ ᠰᠠᠶᠢᠲᠠᠶ ᠤᠰᠤᠨ | ᠲᠤᠲᠤᠷᠭ᠎ᠠ ᠳᠠᠷᠢᠬᠤ ᠮᠡᠷᠭᠡᠵᠢᠯ ᠪᠣᠯᠤᠨ ᠭᠠᠷᠮᠠᠭᠠᠶ ᠴᠢᠨᠠᠷ ᠴᠢᠨᠰᠠᠭ᠎ᠠ ᠶᠢ ᠳᠡᠯᠡᠬᠡᠢ ᠳ᠋ᠠᠬᠢᠨ ᠳᠤ ᠮᠡᠳᠡᠷᠡᠭᠦᠯᠵᠥ᠂ | ᠬᠢᠩᠭᠠᠨ ᠠᠶᠢᠮᠠᠭ ᠤᠨ ᠲᠤᠲᠤᠷᠭ᠎ᠠ ᠶᠢᠨ ᠣᠯᠠᠨ ᠤᠯᠤᠰ ᠤᠨ ᠲᠠᠪᠴᠠᠩ ᠳᠠᠬᠢ ᠥᠷᠢᠰᠥᠯᠳᠦᠬᠦ ᠬᠦᠴᠦᠨ ᠢ | ᠢᠯᠡᠷᠡᠭᠦᠯᠦᠭᠰᠡᠨ ᠪᠥᠭᠡᠳ ᠨᠠᠩ ᠣᠯᠠᠨ ᠠᠵᠤ ᠠᠬᠤᠢᠢᠯᠠᠯ ᠤᠨ ᠭᠠᠷᠮᠠᠭᠠᠶ ᠠᠮᠵᠢᠯᠲᠠ ᠤᠯᠬᠤ ᠶᠢ ᠵᠣᠷᠢᠭᠵᠢᠭᠤᠯᠵᠤ᠂ | ᠦᠪᠤᠷ ᠮᠤᠩᠭᠤᠯ ᠤᠨ ᠤᠰᠤᠨ ᠲᠤᠲᠤᠷᠭ᠎ᠠ ᠶᠢᠨ ᠠᠵᠤ ᠦᠢᠯᠡᠰ ᠤᠨ ᠨᠠᠩ ᠴᠢᠨᠠᠷ ᠰᠠᠶᠢᠲᠠᠶ᠂ ᠨᠠᠩ ᠥᠨᠳᠥᠷ | ᠲᠦᠪᠰᠢᠨ ᠳᠠᠶᠢᠰᠢ ᠬᠥᠭᠵᠢᠬᠦ ᠶᠢ ᠠᠬᠢᠭᠤᠯᠬᠤ ᠪᠤᠯᠤᠨ᠎ᠠ᠃ |