ᠶᠡᠭᠡ ᠴᠠᠰᠤ ᠲᠠᠢ ᠴᠠᠭ ᠠᠭᠤᠷ ᠢ ᠰᠡᠷᠭᠡᠶᠢᠯᠡᠬᠦ ᠵᠦᠭᠯᠡᠭᠦᠷ
ᠨᠡᠶᠢᠲᠡᠯᠡᠭᠰᠡᠨ ᠴᠠᠭ᠄
2024/12/18
     1. ᠴᠢᠳᠠᠬᠤ ᠶᠢᠨ ᠬᠢᠷᠢ ᠪᠠᠷ ᠭᠡᠷ ᠲᠡᠭᠡᠨ ᠰᠠᠭᠤᠵᠤ᠂ ᠭᠠᠳᠠᠭᠤᠷ ᠶᠠᠪᠤᠬᠤ ᠦᠭᠡᠢ᠃     2. ᠭᠠᠳᠠᠨ᠎ᠠ ᠭᠠᠷᠪᠠᠯ ᠵᠠᠷ ᠮᠡᠳᠡᠭᠡ ᠶᠢᠨ ᠫᠠᠶᠢᠰᠠ᠂ ᠲᠦᠷ ᠴᠠᠭ ᠪᠤᠰᠬᠠᠵᠤ ᠪᠠᠶᠢᠭᠤᠯᠤᠭᠰᠠᠨ ᠪᠠᠷᠢᠯᠭ᠎ᠠ ᠪᠠ ᠬᠥᠭᠰᠢᠨ ᠮᠣᠳᠣ ᠠᠴᠠ ᠬᠤᠯᠠᠬᠠᠨ ᠪᠠᠶᠢᠵᠤ᠂ ᠤᠨᠠᠵᠤ ᠰᠢᠷᠬᠠᠲᠤᠭᠤᠯᠬᠤ ᠠᠴᠠ ᠵᠠᠶᠢᠯᠠᠰᠭᠢᠬᠦ ᠬᠡᠷᠡᠭᠲᠡᠶ᠃ ᠬᠥᠭᠦᠷᠭᠡ᠂ ᠬᠡᠷ ᠤᠨ ᠰᠠᠷᠠᠪᠴᠢ ᠵᠡᠷᠭᠡ ᠭᠠᠵᠠᠷ ᠢᠶᠠᠷ ᠥᠩᠭᠡᠷᠡᠬᠦ ᠳᠡᠭᠡᠨ ᠰᠠᠶᠢᠳᠤᠷ ᠠᠵᠢᠭᠯᠠᠨ ᠲᠣᠭᠤᠷᠢᠤ ᠵᠠᠮ ᠢᠶᠠᠷ ᠥᠩᠭᠡᠷᠡᠵᠦ᠂ ᠮᠥᠰᠥ ᠴᠠᠰᠤ ᠬᠠᠶᠢᠯᠵᠤ ᠪᠠᠭᠤᠭᠠᠳ ᠬᠥᠮᠦᠨ ᠢ ᠰᠢᠷᠬᠠᠲᠤᠭᠤᠯᠬᠤ ᠠᠴᠠ ᠰᠡᠷᠭᠡᠶᠢᠯᠡᠬᠦ ᠬᠡᠷᠡᠭᠲᠡᠶ᠃     3. ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠣᠭᠤᠳᠣᠯᠭ᠎ᠠ ᠶᠢ ᠰᠣᠨᠣᠰᠴᠤ᠂ ᠵᠠᠮ ᠨᠡᠪᠳᠡᠷᠡᠯᠭᠡ ᠶᠢᠨ ᠵᠢᠯᠣᠭᠤᠳᠤᠨ ᠲᠣᠬᠢᠷᠠᠭᠤᠯᠤᠯᠲᠠ ᠶᠢ ᠳᠠᠭᠠᠬᠤ ᠬᠡᠷᠡᠭᠲᠡᠶ᠃     4. ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠠ ᠵᠠᠮ ᠬᠠᠷᠢᠯᠴᠠᠭᠠᠨ ᠤ ᠮᠡᠳᠡᠭᠡ ᠵᠠᠩᠭᠢ ᠶᠢ ᠠᠩᠬᠠᠷᠤᠨ ᠰᠣᠨᠣᠰᠴᠤ᠂ ᠨᠢᠰᠭᠡᠯ ᠤᠨ ᠪᠠᠭᠤᠳᠠᠯ᠂ ᠲᠦᠷᠭᠡᠨ ᠤ ᠵᠠᠰᠠᠮᠠᠯ ᠵᠠᠮ᠂ ᠣᠩᠭᠤᠴᠠ ᠪᠠᠷ ᠭᠠᠲᠤᠯᠬᠤ ᠭᠠᠷᠠᠮ ᠵᠡᠷᠭᠡ ᠶᠢᠨ ᠠᠶᠠᠯᠠᠯ ᠵᠣᠭᠰᠣᠬᠤ ᠪᠤᠶᠤ ᠪᠢᠲᠡᠭᠦᠮᠵᠢᠯᠡᠬᠦ ᠠᠴᠠ ᠪᠣᠯᠵᠣ ᠭᠠᠳᠠᠭᠰᠢ ᠭᠠᠷᠬᠤ ᠶᠢ ᠰᠠᠭᠠᠲᠠᠭᠠᠬᠤ ᠠᠴᠠ ᠵᠠᠶᠢᠯᠠᠰᠭᠢᠬᠦ ᠬᠡᠷᠡᠭᠲᠡᠶ᠃     5. ᠮᠠᠰᠢᠨ ᠲᠡᠷᠭᠡ ᠵᠢᠯᠣᠭᠤᠳᠬᠤ ᠳᠠᠭᠠᠨ ᠠᠯᠭᠤᠷ ᠠᠭᠠᠵᠢᠮ ᠢᠶᠠᠷ ᠵᠢᠯᠣᠭᠤᠳᠬᠤ ᠶᠢᠨ ᠬᠠᠮᠲᠤ ᠡᠮᠦᠨᠡᠬᠢ ᠲᠡᠷᠭᠡ ᠠᠴᠠ ᠪᠠᠨ ᠵᠠᠶᠢᠲᠠᠶ ᠪᠠᠶᠢᠬᠤ ᠬᠡᠷᠡᠭᠲᠡᠶ᠃ ᠲᠡᠷᠭᠡ ᠮᠤᠷᠤᠢ ᠵᠠᠮ ᠳᠤ ᠤᠷᠤᠬᠤ ᠠᠴᠠ ᠪᠠᠨ ᠡᠮᠦᠨ᠎ᠡ ᠬᠤᠷᠳᠤᠴᠠ ᠪᠠᠨ ᠤᠷᠢᠳᠴᠢᠯᠠᠨ ᠪᠠᠭᠤᠷᠠᠭᠤᠯᠵᠤ᠂ ᠲᠣᠷᠮᠣᠰᠤᠯᠠᠭᠤᠷ ᠢᠶᠠᠨ ᠤᠬᠵᠤᠮ ᠭᠢᠰᠭᠢᠬᠦ ᠠᠴᠠ ᠵᠠᠶᠢᠯᠠᠰᠭᠢᠬᠦ ᠬᠡᠷᠡᠭᠲᠡᠶ᠃ ᠨᠥᠬᠦᠴᠡᠯ ᠲᠠᠢ ᠪᠣᠯ ᠭᠤᠯᠭᠤᠬᠤ ᠠᠴᠠ ᠰᠡᠷᠭᠡᠶᠢᠯᠡᠬᠦ ᠭᠢᠨᠵᠢ ᠲᠠᠭᠠᠷᠠᠭᠤᠯᠵᠤ᠂ ᠥᠩᠭᠡᠲᠦ ᠰᠢᠯ ᠵᠡᠭᠦᠬᠦ ᠬᠡᠷᠡᠭᠲᠡᠶ᠃     6. ᠵᠠᠮ ᠬᠠᠷᠢᠯᠴᠠᠭᠠᠨ ᠤ ᠡ᠊ᠨᠳᠡᠯ ᠭᠠᠷᠤᠭᠰᠠᠨ ᠤ ᠲᠠᠷᠠᠭ᠎ᠠ᠂ ᠲᠤᠬᠠᠶ ᠶᠢᠨ ᠲᠠᠯᠠᠪᠤᠷ ᠤᠨ ᠠᠷᠤ ᠲᠠᠯ᠎ᠠ ᠪᠠᠷ ᠢᠯᠡᠷᠬᠡᠶ ᠲᠡᠮᠳᠡᠭ ᠲᠠᠯᠪᠢᠵᠤ᠂ ᠵᠠᠯᠭᠠᠯᠳᠤᠭ᠎ᠠ ᠪᠠᠷ ᠲᠡᠷᠭᠡᠨ ᠡ᠊ᠨᠳᠡᠯ ᠭᠠᠷᠬᠤ ᠠᠴᠠ ᠰᠡᠷᠭᠡᠶᠢᠯᠡᠬᠦ ᠬᠡᠷᠡᠭᠲᠡᠶ᠃     7. ᠮᠠᠯᠵᠢᠬᠤ ᠲᠠᠷᠢᠶᠠᠯᠠᠬᠤ ᠣᠷᠣᠨ ᠠᠮᠤ ᠬᠦᠨᠡᠰᠦ ᠡᠪᠡᠰᠦ ᠪᠣᠷᠳᠤᠭ᠎ᠠ ᠪᠠᠨ ᠰᠠᠶᠢᠲᠤᠷ ᠨᠦᠬᠡᠴᠡᠯᠡᠵᠤ᠂ ᠮᠠᠯ ᠤᠨᠤᠭ᠎ᠠ ᠪᠠᠨ ᠬᠠᠰᠢᠶᠠᠨ ᠳᠠᠭᠠᠨ ᠳᠡᠵᠢᠭᠡᠪᠡᠯ ᠵᠤᠬᠢᠰᠳᠠᠢ᠃ ᠲᠠᠷᠢᠮᠠᠯ ᠳᠤ ᠬᠥᠯᠳᠡᠬᠦ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠬᠥᠯᠳᠡᠵᠤ ᠬᠤᠬᠢᠷᠠᠯ ᠳᠤ ᠤᠴᠠᠷᠠᠬᠤ ᠠᠴᠠ ᠰᠡᠷᠭᠡᠶᠢᠯᠡᠬᠦ ᠬᠡᠷᠡᠭᠲᠡᠶ᠃     ᠬᠠᠮᠤᠭ ᠰᠡᠭᠦᠯ ᠳᠤ᠂ ᠣᠯᠠᠨ ᠢᠶᠠᠷ ᠢᠶᠠᠨ ᠬᠠᠮᠤᠭ ᠰᠢᠨ᠎ᠡ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠠᠩᠬᠠᠷᠴᠤ᠂ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ ᠬᠢᠭᠡᠷᠡᠶ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号