ᠶᠠᠭᠤᠨ ᠳᠤ ᠬᠦᠢᠲᠡᠨ ᠰᠠᠯᠬᠢᠨ ᠤ ᠨᠥᠯᠥᠭᠡᠯᠡᠯ ᠭᠠᠷᠳᠠᠭ ᠪᠣᠢ
ᠨᠡᠶᠢᠲᠡᠯᠡᠭᠰᠡᠨ ᠴᠠᠭ᠄
2024/12/18
     ᠬᠦᠢᠲᠡᠨ ᠰᠠᠯᠬᠢᠨ ᠤ ᠨᠥᠯᠥᠭᠡᠯᠡᠯ ᠪᠣᠯ ᠨᠢᠭᠡ ᠵᠦᠢᠯ ᠤᠨ ᠰᠠᠯᠬᠢᠨ ᠠᠴᠠ ᠪᠣᠯᠤᠭᠰᠠᠨ ᠪᠡᠶ᠎ᠡ ᠶᠢᠨ ᠰᠡᠷᠡᠯ ᠤᠨ ᠳᠤᠯᠠᠭᠠᠨ ᠤ ᠬᠡᠮᠵᠢᠶ᠎ᠡ ᠶᠢ ᠪᠣᠳᠠᠲᠤ ᠠᠭᠠᠷ ᠤᠨ ᠳᠤᠯᠠᠭᠠᠨ ᠠᠴᠠ ᠳᠣᠣᠷ᠎ᠠ ᠪᠣᠯᠭᠠᠬᠤ ᠦᠵᠡᠭᠳᠡᠯ ᠪᠣᠯᠤᠨ᠎ᠠ᠃     ᠬᠥᠮᠦᠨ ᠤ ᠪᠡᠶ᠎ᠡ ᠶᠢᠨ ᠳᠤᠯᠠᠭᠠᠨ ᠶᠡᠷᠦ ᠳᠡᠭᠡᠨ 36 ~ 37 ᠭᠷᠠᠳᠦ᠋ᠰ ᠪᠠᠶᠢᠵᠤ᠂ ᠣᠯᠠᠩᠬᠢ ᠪᠠᠶᠢᠳᠠᠯ ᠳᠤ ᠣᠷᠴᠢᠨ ᠲᠣᠭᠤᠷᠢᠨ ᠤ ᠠᠭᠠᠷ ᠤᠨ ᠳᠤᠯᠠᠭᠠᠨ ᠠᠴᠠ ᠥᠨᠳᠥᠷ ᠪᠠᠶᠢᠳᠠᠭ᠂ ᠰᠠᠯᠬᠢ ᠥᠬᠡᠶ ᠪᠤᠶᠤ ᠵᠥᠭᠡᠯᠡᠨ ᠰᠠᠯᠬᠢᠨ ᠤ ᠪᠠᠶᠢᠳᠠᠯ ᠳᠣᠤᠷ᠎ᠠ᠂ ᠬᠥᠮᠦᠨ ᠤ ᠪᠡᠶ᠎ᠡ ᠶᠢᠨ ᠣᠷᠴᠢᠨ ᠲᠣᠭᠤᠷᠢᠨ ᠤ ᠠᠭᠠᠷ ᠤᠨ ᠮᠣᠯᠧᠺᠦᠯ ᠤᠨ ᠰᠣᠯᠢᠯᠴᠠᠭ᠎ᠠ ᠮᠠᠰᠢ ᠪᠠᠭᠤᠷᠠᠶ ᠪᠠᠶᠢᠵᠤ᠂ ᠡᠨᠡ ᠨᠢ ᠬᠥᠮᠦᠨ ᠤ ᠪᠡᠶ᠎ᠡ ᠪᠣᠯᠤᠨ ᠠᠭᠠᠷ ᠤᠨ ᠬᠤᠭᠤᠷᠣᠨᠳᠣ ᠨᠢᠭᠡᠨ ᠨᠡᠯᠢᠶᠡᠳ ᠲᠣᠭᠲᠠᠪᠤᠷᠢᠲᠠᠶ ᠰᠢᠯᠵᠢᠯᠲᠡ ᠶᠢᠨ ᠳᠠᠪᠬᠤᠷᠭ᠎ᠠ ᠪᠣᠯᠤᠨ ᠪᠦᠷᠢᠯᠳᠦᠳᠡᠭ᠃     ᠠᠭᠠᠷ ᠤᠨ ᠤᠷᠤᠰᠬᠠᠯ ᠮᠠᠰᠢ ᠲᠦᠷᠭᠡᠨ ᠪᠣᠯᠬᠤ ᠦᠶᠡᠰ᠂ ᠬᠥᠮᠦᠨ ᠤ ᠪᠡᠶ᠎ᠡ ᠶᠢᠨ ᠣᠷᠴᠢᠨ ᠲᠣᠭᠤᠷᠢᠨ ᠤ ᠠᠭᠠᠷ ᠤᠨ ᠳᠤᠯᠠᠭᠠᠨ ᠬᠠᠳᠠᠭᠠᠯᠠᠬᠤ ᠳᠠᠪᠬᠤᠷᠭ᠎ᠠ ᠨᠢ ᠲᠠᠰᠤᠷᠠᠯᠲᠠ ᠥᠬᠡᠶ ᠰᠢᠨ᠎ᠡ ᠢᠷᠡᠭᠰᠡᠨ ᠬᠦᠢᠲᠡᠨ ᠠᠭᠠᠷ ᠢᠶᠠᠷ ᠣᠷᠣᠯᠠᠭᠳᠠᠵᠤ᠂ ᠢᠯᠴᠢ ᠶᠢᠨ ᠬᠡᠮᠵᠢᠶ᠎ᠡ ᠶᠢ ᠪᠠᠭᠤᠷᠠᠭᠤᠯᠳᠠᠭ᠃ ᠰᠠᠯᠬᠢᠨ ᠤ ᠬᠤᠷᠳᠤᠴᠠ ᠬᠡᠳᠦᠶ ᠶᠡᠭᠡ ᠪᠣᠯᠬᠤ ᠲᠤᠲᠤᠮ᠂ ᠬᠥᠮᠦᠨ ᠤ ᠪᠡᠶ᠎ᠡ ᠶᠢᠨ ᠰᠠᠷᠨᠢᠭᠤᠯᠬᠤ ᠢᠯᠴᠢ ᠶᠢᠨ ᠬᠡᠮᠵᠢᠶ᠎ᠡ ᠲᠡᠳᠦᠶ ᠲᠦᠷᠭᠡᠨ ᠪᠤᠯᠵᠤ᠂ ᠤᠯᠠᠮ ᠭᠦᠢᠳᠡᠨ ᠰᠠᠨᠠᠭᠳᠠᠭᠤᠯᠤᠨ᠎ᠠ᠃ ᠡᠨᠡ ᠨᠢ ᠳᠠᠷᠤᠶ ᠠᠭᠠᠷ ᠤᠨ ᠳᠤᠯᠠᠭᠠᠨ ᠠᠳᠠᠯᠢ ᠨᠥᠬᠦᠴᠡᠯ ᠳᠣᠣᠷ᠎ᠠ᠂ ᠰᠠᠯᠬᠢ ᠰᠠᠯᠬᠢᠯᠠᠬᠤ ᠨᠢ ᠰᠠᠯᠬᠢ ᠦᠭᠡᠶ ᠪᠤᠶᠤ ᠵᠥᠭᠡᠯᠡᠨ ᠰᠠᠯᠬᠢᠯᠠᠬᠤ ᠦᠶ᠎ᠡ ᠠᠴᠠ ᠬᠦᠢᠲᠡᠨ ᠰᠠᠨᠠᠭᠳᠠᠳᠠᠭ ᠤᠨ ᠰᠢᠯᠲᠠᠭᠠᠨ ᠪᠣᠯᠤᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号