| ᠣᠶᠢᠷ᠎ᠠ ᠶᠢᠨ ᠵᠢᠯ ᠤᠳ ᠲᠤ᠂ ᠵᠠᠯᠠᠶᠢᠳ ᠬᠤᠰᠢᠭᠤᠨ ᠤ ᠡᠭᠦᠯᠳᠡᠷ ᠤᠨ ᠮᠠᠯ ᠢ ᠦᠷᠡᠵᠢᠬᠦᠯᠬᠦ ᠲᠥᠪ ᠨᠤᠲᠤᠭ | ᠪᠡᠯᠴᠢᠭᠡᠷ ᠤᠨ ᠮᠠᠯ ᠠᠵᠤ ᠠᠬᠤᠶ ᠶᠢᠨ ᠠᠰᠠᠭᠤᠳᠠᠯ ᠤᠨ ᠳᠤᠮᠳᠠᠬᠢ ︽ᠬᠥᠮᠦᠨ᠂ ᠪᠡᠯᠴᠢᠭᠡᠷ᠂ ᠮᠠᠯ︾ ᠤᠨ | ᠵᠥᠷᠢᠴᠡᠯ ᠢ ᠰᠢᠢᠳᠪᠦᠷᠢᠯᠡᠬᠦ ᠲᠣᠭᠤᠷᠢᠨ ᠳᠤ᠂ ᠬᠠᠰᠢᠶᠠᠯᠠᠨ ᠲᠡᠵᠢᠭᠡᠬᠦ ᠮᠡᠷᠭᠡᠵᠢᠯ ᠢ ᠢᠳᠡᠪᠬᠢᠲᠡᠶ ᠳᠡᠯᠭᠡᠷᠡᠭᠦᠯᠵᠦ᠂ | ᠲᠡᠵᠢᠭᠡᠨ ᠦᠷᠡᠵᠢᠭᠦᠯᠬᠦ ᠡᠷᠦᠬᠡ ᠶᠢ ᠪᠠᠷᠢᠮᠵᠢᠶᠠᠵᠢᠭᠰᠠᠨ ᠬᠠᠰᠢᠶ᠎ᠠ ᠰᠠᠷᠠᠪᠴᠢ ᠪᠠᠶᠢᠭᠤᠯᠬᠤ ᠶᠢ ᠬᠥᠲᠥᠯᠦᠨ | ᠵᠢᠯᠣᠭᠤᠳᠴᠤ᠂ ᠤᠯᠠᠮᠵᠢᠯᠠᠯᠲᠤ ᠰᠤᠯᠠ ᠲᠡᠵᠢᠭᠡᠬᠦ ᠠᠷᠭ᠎ᠠ ᠮᠠᠶ᠋ᠢᠭ ᠢ ᠬᠡᠪᠴᠢᠶᠡᠵᠢᠭᠰᠡᠨ᠂ ᠡᠷᠴᠢᠮᠵᠢᠭᠰᠡᠨ᠂ | ᠮᠠᠰᠢᠨᠴᠢᠯᠠᠭᠰᠠᠨ ᠣᠲᠣ ᠦᠶ᠎ᠡ ᠶᠢᠨ ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ ᠲᠠᠶᠢᠰᠢ ᠬᠤᠪᠢᠷᠠᠭᠤᠯᠵᠤ ᠪᠠᠶᠢᠨ᠎ᠠ | ︽ᠪᠢ ᠬᠠᠰᠢᠶ᠎ᠠ ᠰᠠᠷᠠᠪᠴᠢ ᠪᠠᠨ ᠪᠠᠷᠢᠵᠤ ᠲᠠᠭᠤᠰᠬᠠᠯ᠎ᠠ᠂ ᠲᠠᠷᠠᠭᠠᠴᠢ ᠪᠠᠷ ᠮᠠᠯ ᠤᠨᠤᠭ᠎ᠠ ᠪᠠᠨ ᠬᠠᠰᠢᠶᠠᠯᠠᠨ | ᠲᠡᠵᠢᠭᠡᠬᠦ ᠪᠠᠷ ᠪᠠᠶᠢᠨ᠎ᠠ᠃ ᠬᠠᠰᠢᠶᠠᠯᠠᠨ ᠲᠡᠵᠢᠭᠡᠬᠦ ᠨᠢ ᠦᠷ᠎ᠡ ᠠᠰᠢᠭ ᠢᠶᠠᠷ ᠥᠨᠳᠥᠷ᠂ ᠬᠠᠮᠢᠶᠠᠷᠬᠤ ᠳᠤ ᠳᠥᠭᠦᠮ᠃ | ᠡᠨᠡᠬᠦ ᠬᠠᠰᠢᠶ᠎ᠠ ᠰᠠᠷᠠᠪᠴᠢ ᠪᠠᠷᠢᠬᠤ ᠲᠥᠬᠦᠭᠡᠷᠦᠮᠵᠢ ᠶᠢ ᠬᠤᠳᠠᠯᠳᠤᠨ ᠠᠪᠬᠤ ᠳᠤ ᠤᠯᠤᠰ ᠠᠴᠠ ᠨᠥᠬᠦᠪᠥᠷᠢ | ᠦᠭᠭᠦᠯ᠎ᠡ︾ ᠭᠡᠵᠦ ᠡᠭᠦᠯᠳᠡᠷ ᠤᠨ ᠮᠠᠯ ᠢ ᠦᠷᠡᠵᠢᠬᠦᠯᠬᠦ ᠲᠦᠪ ᠤᠨ ᠲᠠᠰᠢ ᠭᠠᠴᠠᠭᠠᠨ ᠤ ᠲᠡᠵᠢᠭᠡᠨ ᠦᠷᠡᠵᠢᠭᠦᠯᠬᠦ | ᠡᠷᠦᠬᠡ ᠶᠢᠨ ᠭᠦᠸᠧ ᠰᠢ ᠬᠡᠯᠡᠪᠡ᠃ | ᠶᠢᠨ ᠭᠦᠸᠧ ᠰᠢ ᠪᠣᠯ ᠡᠭᠦᠯᠳᠡᠷ ᠤᠨ ᠮᠠᠯ ᠢ ᠦᠷᠡᠵᠢᠬᠦᠯᠬᠦ ᠲᠥᠪ ᠤᠨ ᠲᠠᠰᠢ ᠭᠠᠴᠠᠭ᠎ᠠ ᠶᠢᠨ 10 ᠭᠠᠷᠤᠶ ᠵᠢᠯ | ᠦᠬᠡᠷ ᠲᠡᠵᠢᠭᠡᠭᠰᠡᠨ ᠲᠤᠷᠰᠢᠯᠭ᠎ᠠ ᠲᠠᠢ ᠲᠡᠵᠢᠭᠡᠨ ᠦᠷᠡᠵᠢᠭᠦᠯᠬᠦ ᠲᠣᠮᠣ ᠡᠷᠦᠬᠡ ᠪᠤᠯᠤᠨ᠎ᠠ᠃ ᠡᠨᠡ | ᠵᠢᠯ ᠣᠳᠣᠬᠢᠴᠢᠯᠠᠭᠰᠠᠨ 1600 ᠲᠡᠭᠰᠢ ᠳᠥᠷᠪᠡᠯᠵᠢᠨ ᠮᠧᠲᠷ ᠬᠠᠰᠢᠶ᠎ᠠ ᠰᠠᠷᠠᠪᠴᠢ ᠪᠠᠷᠢᠭᠰᠠᠨ ᠨᠢ ᠲᠡᠳᠠᠨᠠᠶᠢᠬᠢᠨ | ᠬᠠᠮᠤᠭ ᠤᠨ ᠶᠡᠭᠡ ᠪᠠᠶᠠᠰᠤᠯ ᠪᠤᠯᠵᠠᠢ᠃ ᠣᠳᠣᠬᠠᠨ ᠳᠤ ᠲᠡᠷᠡ ᠡᠪᠡᠰᠦ ᠪᠣᠷᠳᠤᠭ᠎ᠠ ᠪᠠᠨ ᠨᠦᠭᠡᠴᠡᠯᠡᠨ᠂ ᠬᠠᠰᠢᠶᠠᠯᠠᠨ | ᠲᠡᠵᠢᠭᠡᠬᠦ ᠳᠤ ᠭᠦᠢᠴᠡᠳ ᠪᠡᠯᠡᠳᠬᠡᠯ ᠬᠢᠵᠦ ᠪᠠᠶᠢᠨ᠎ᠠ᠃ | ᠬᠠᠰᠢᠶ᠎ᠠ ᠰᠠᠷᠠᠪᠴᠢ ᠶᠢᠨ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠳᠡᠮᠵᠢᠬᠦ ᠠᠴᠠ ᠭᠠᠳᠠᠨ᠎ᠠ᠂ | ᠡᠭᠦᠯᠳᠡᠷ ᠤᠨ ᠮᠠᠯ ᠦᠷᠡᠵᠢᠭᠦᠯᠬᠦ ᠲᠥᠪ ᠠᠴᠠ ᠪᠠᠰᠠ ᠲᠡᠵᠢᠭᠡᠨ ᠦᠷᠡᠵᠢᠭᠦᠯᠬᠦ ᠡᠷᠦᠬᠡ ᠶᠢᠨ ᠮᠠᠰᠢᠨ ᠲᠥᠬᠦᠭᠡᠷᠦᠮᠵᠢ | ᠬᠤᠳᠠᠯᠳᠤᠨ ᠠᠪᠬᠤ ᠶᠢ ᠵᠣᠷᠢᠭᠵᠢᠭᠤᠯᠵᠤ᠂ ᠲᠡᠵᠢᠭᠡᠨ ᠦᠷᠡᠵᠢᠭᠦᠯᠬᠦ ᠠᠷᠭ᠎ᠠ ᠬᠡᠯᠪᠡᠷᠢ ᠶᠢ ᠬᠡᠪᠴᠢᠶᠡᠵᠢᠭᠰᠡᠨ᠂ | ᠡᠷᠴᠢᠮᠵᠢᠭᠰᠡᠨ᠂ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠵᠠᠭᠪᠤᠷ ᠲᠡᠶᠢᠰᠢ ᠬᠤᠪᠢᠷᠠᠭᠤᠯᠬᠤ ᠶᠢ ᠠᠬᠢᠭᠤᠯᠪᠠ᠃ | ᠣᠳᠣᠬᠠᠨ᠂ ᠡᠭᠦᠯᠳᠡᠷ ᠤᠨ ᠮᠠᠯ ᠢ ᠦᠷᠡᠵᠢᠭᠦᠯᠬᠦ ᠲᠥᠪ ᠲᠤ 1.2 ᠲᠦᠮᠡ ᠭᠠᠷᠤᠶ ᠦᠬᠡᠷ᠂ 5 ᠲᠦᠮᠡ ᠭᠠᠷᠤᠶ | ᠬᠤᠨᠢ ᠪᠤᠢ᠂ 2024 ᠣᠨ ᠳᠤ ᠰᠢᠨ᠎ᠡ ᠬᠠᠰᠢᠶ᠎ᠠ ᠰᠠᠷᠠᠪᠴᠢ ᠶᠢᠨ ᠪᠥᠲᠥᠭᠡᠨ ᠪᠠᠶᠢᠭᠤᠯᠤᠯᠲᠠ ᠨᠢ ᠨᠡᠶᠢᠲᠡ 135 | ᠡᠷᠦᠬᠡ ᠳᠤ ᠠᠰᠢᠭ ᠬᠦᠷᠲᠡᠭᠡᠭᠰᠡᠨ ᠪᠠᠶᠢᠨ᠎ᠠ᠃ | | |  ︽ᠲᠠᠷᠠᠭᠠᠴᠢ ᠪᠠᠷ ᠮᠠᠨ ᠤ ᠲᠥᠪ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠯᠭᠦᠬᠦ ᠠᠵᠢᠯ ᠤᠨ | ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠮᠠᠯᠴᠢᠨ ᠲᠠᠷᠢᠶᠠᠴᠢᠨ ᠤ ᠠᠮᠢ ᠠᠬᠤᠶ ᠶᠢ ᠬᠠᠮᠠᠭᠠᠯᠠᠬᠤ | ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠂ ᠬᠠᠰᠢᠶᠠᠯᠠᠨ ᠲᠡᠵᠢᠭᠡᠵᠦ ᠠᠷᠠᠴᠢᠯᠠᠬᠤ᠂ ᠮᠠᠯ ᠰᠦᠷᠦᠭ ᠤᠨ | ᠪᠦᠲᠦᠴᠡ ᠶᠢ ᠰᠢᠯᠢᠳᠡᠭᠵᠢᠭᠦᠯᠬᠦ ᠵᠡᠷᠭᠡ ᠪᠠᠷ ᠳᠠᠮᠵᠢᠭᠤᠯᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠨ | ᠰᠠᠶᠢᠵᠢᠷᠠᠭᠤᠯᠤᠨ᠎ᠠ︾ ᠭᠡᠵᠤ ᠵᠠᠯᠠᠶᠢᠳ ᠬᠤᠰᠢᠭᠤᠨ ᠤ ᠡᠭᠦᠯᠳᠡᠷ ᠤᠨ ᠮᠠᠯ ᠢ ᠦᠷᠡᠵᠢᠬᠦᠯᠬᠦ ᠲᠥᠪ ᠤᠨ ᠳᠡᠳ᠋ | ᠡᠷᠬᠢᠯᠡᠭᠴᠢ ᠪᠦᠦ ᠫᠢᠩ ᠬᠡᠯᠡᠪᠡ᠃ | |