ᠪᠤᠯᠭᠠᠨᠬᠤᠸᠠ ᠭᠤᠤᠯ ᠰᠤᠷᠭᠠᠭᠤᠯᠢ ᠬᠤᠤᠰ ᠬᠡᠯᠡᠨ ᠤ ᠤᠷᠠᠨ ᠤᠩᠰᠢᠯᠭ᠎ᠠ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2024/12/2
       ᠲᠤᠮᠳᠠᠳᠣ ᠶᠢᠨ ᠰᠢᠯᠢᠳᠡᠭ ᠤᠯᠠᠮᠵᠢᠯᠠᠯᠳᠤ ᠰᠤᠶᠤᠯ ᠢ ᠤᠯᠠᠮᠵᠢᠯᠠᠨ ᠪᠠᠳᠠᠷᠠᠭᠤᠯᠵᠤ᠂ ᠲᠤᠮᠳᠠᠳᠤ ᠶᠢᠨ ᠦᠨᠳᠤᠰᠤᠲᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ᠂ ᠤᠶᠢᠷ᠎ᠠ ᠳᠤ᠂ ᠵᠠᠯᠠᠶᠢᠳ ᠬᠤᠰᠢᠭᠤᠨ ᠤ ᠪᠤᠯᠭᠠᠨᠬᠤᠸᠠ ᠭᠤᠤᠯ ᠰᠤᠷᠭᠠᠭᠤᠯᠢ ᠬᠤᠤᠰ ᠬᠡᠯᠡᠨ ᠤ ᠤᠷᠠᠨ ᠤᠩᠰᠢᠯᠭ᠎ᠠ ᠶᠢᠨ ᠤᠷᠤᠯᠳᠤᠭᠠᠨ ᠶᠠᠪᠤᠭᠤᠯᠪᠠ᠃      ᠤᠷᠤᠯᠳᠤᠭᠠᠨ ᠳᠤ ᠤᠷᠤᠯᠴᠠᠭᠰᠠᠳ ᠮᠤᠩᠭᠤᠯ ᠬᠢᠳᠠᠳ ᠬᠡᠯᠡ ᠪᠠᠷ ᠡᠷᠲᠡᠨ ᠤ ᠰᠤᠩᠭᠤᠳᠠᠭ ᠰᠢᠯᠦᠭ ᠢ ᠤᠷᠤᠰᠤᠮ᠎ᠠ ᠰᠠᠶᠢᠬᠠᠨ ᠤᠩᠰᠢᠵᠤ᠂ ᠪᠠᠭᠰᠢ ᠰᠤᠷᠤᠭᠴᠢᠳ ᠤᠨ ᠬᠦᠷᠢᠶᠡᠯᠡᠯ ᠢ ᠤᠯᠪᠠ᠃      ︽ᠲᠤᠰ ᠤᠳᠠᠭᠠᠨ  ᠤ ᠤᠩᠰᠢᠯᠭ᠎ᠠ ᠶᠢᠨ ᠤᠷᠤᠯᠳᠤᠭᠠᠨ ᠢᠶᠠᠷ ᠲᠠᠮᠵᠢᠨ ᠰᠤᠷᠤᠭᠴᠢᠳ ᠤᠨ ᠮᠤᠩᠭᠤᠯ ᠬᠢᠳᠠᠳ ᠬᠡᠯᠡᠨ ᠤ ᠢᠯᠡᠳᠭᠡᠬᠦ ᠴᠢᠳᠠᠪᠤᠷᠢ ᠶᠢ ᠲᠡᠭᠡᠭᠰᠢᠯᠡᠭᠦᠯᠬᠦ ᠶᠢᠨ ᠬᠠᠮᠳᠣ᠂ ᠦᠨᠳᠤᠰᠤᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠳᠤ ᠲᠠᠪᠴᠠᠩ ᠬᠠᠩᠭᠠᠵᠤ ᠦᠭᠴᠡᠢ᠃  ᠰᠤᠷᠤᠭᠴᠢᠳ ᠡᠶᠢᠮᠤᠷᠬᠦ ᠬᠡᠯᠪᠡᠷᠢ ᠶᠢᠨ ᠬᠦᠳᠡᠯᠭᠡᠭᠡᠨ ᠳᠤ ᠤᠷᠤᠯᠴᠠᠬᠤ ᠪᠠᠷ ᠲᠠᠮᠵᠢᠨ ᠲᠤᠮᠳᠠᠳᠣ ᠶᠢᠨ ᠰᠢᠯᠢᠳᠡᠭ ᠤᠯᠠᠮᠵᠢᠯᠠᠯᠳᠤ ᠰᠤᠶᠤᠯ ᠢ ᠤᠯᠠᠮ ᠭᠦᠨᠵᠡᠭᠡᠢ ᠤᠶᠢᠯᠠᠭᠠᠵᠤ᠂ ᠰᠤᠷᠭᠠᠭᠤᠯᠢ ᠶᠢᠨ ᠬᠦᠷᠢᠶᠡᠨ ᠤ ᠰᠤᠶᠤᠯ  ᠤᠨ ᠠᠮᠢᠳᠤᠷᠠᠯ ᠤᠨ ᠬᠠᠪᠤ ᠴᠡᠩᠭᠡᠯ ᠢ ᠬᠠᠮᠳᠤ ᠪᠠᠷ ᠬᠤᠪᠢᠶᠠᠯᠴᠠᠭᠰᠠᠨ ᠪᠠᠶᠢᠨ᠎ᠠ︾ ᠭᠡᠵᠤ ᠵᠠᠯᠠᠶᠢᠳ ᠬᠤᠰᠢᠭᠤᠨ ᠤ ᠪᠤᠯᠭᠠᠨᠬᠤᠸᠠ ᠭᠤᠤᠯ ᠰᠤᠷᠭᠠᠭᠤᠯᠢ ᠶᠢᠨ ᠵᠠᠩ ᠶᠢᠨ ᠰᠢᠶᠣᠣ ᠪᠠᠭᠰᠢ ᠬᠡᠯᠡᠪᠡ᠃
 
ᠢᠷᠡᠯᠲᠡ᠄ ᠬᠢᠩᠭᠠᠨ ᠠᠶᠢᠮᠠᠭ ᠤᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号