ᠬᠤᠪᠢᠰᠬᠠᠯᠲᠦ ᠬᠦᠩᠬᠡᠨ ᠮᠤᠷᠢᠳᠦ ᠴᠡᠷᠢᠭ ᠤᠨ ᠦᠢᠯᠡᠳᠦᠯ ᠢ ᠪᠠᠳᠠᠷᠠᠭᠤᠯᠵᠦ ᠤᠮᠠᠷᠠᠲᠦ ᠬᠢᠯᠢ ᠶᠢᠨ ᠰᠤᠶᠤᠯ ᠤᠨ ᠭᠡᠷᠡᠯ ᠬᠢᠯᠪᠠᠭ᠎ᠠ ᠶᠢ ᠰᠠᠴᠤᠷᠠᠭᠤᠯᠦᠨ᠎ᠠ
ᠨᠡᠶᠢᠲᠡᠯᠡᠭᠰᠡᠨ ᠴᠠᠭ᠄
2024/12/2
      ᠡᠨᠡ ᠵᠢᠯ ᠪᠤᠯ ᠶᠡᠷᠦᠩᠬᠡᠢ ᠱᠦᠵᠢ ᠰᠢ ᠶᠢᠨ ᠫᠢᠩ ᠤᠯᠠᠭᠠᠨᠮᠥ᠋ᠴᠢᠷ ᠤᠨ ᠭᠡᠰᠢᠭᠦᠳ ᠲᠤ ᠬᠠᠷᠢᠭᠤ ᠵᠠᠬᠢᠳᠠᠯ ᠢᠯᠡᠭᠡᠭᠰᠡᠨ 7 ᠵᠢᠯ ᠤᠨ ᠤᠢ ᠪᠤᠯᠬᠤ ᠶᠤᠮ᠃ ᠵᠠᠯᠠᠶᠢᠳ ᠬᠤᠰᠢᠭᠤᠨ ᠤ ᠤᠯᠠᠭᠠᠨᠮᠥ᠋ᠴᠢᠷ ᠤᠨ ᠬᠢᠨ ᠬᠠᠷᠢᠭᠤ ᠵᠠᠬᠢᠳᠠᠯ ᠤᠨ ᠵᠣᠷᠢᠭ ᠰᠠᠨᠠᠭᠠᠨ ᠤ ᠤᠷᠢᠶᠠᠯᠠᠭ᠎ᠠ ᠳᠣᠣᠷ᠎ᠠ᠂ ︽ᠠᠷᠠᠳ ᠲᠦᠮᠡᠨ ᠳᠤ ᠦᠢᠯᠡᠴᠢᠯᠡᠬᠦ︾ ᠪᠠᠨ ᠢᠮᠠᠭᠲᠠ ᠪᠠᠷᠢᠮᠲᠠᠯᠠᠵᠤ᠂ ᠠᠷᠠᠳ ᠲᠦᠮᠡᠨ ᠲᠠᠢ ᠤᠶᠢᠷᠠᠳᠤᠵᠦ᠂ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠴᠦ᠂ ᠪᠤᠶᠢᠳᠠ ᠪᠥᠭᠯᠡᠭᠦᠤ ᠭᠠᠵᠠᠷ ᠣᠷᠣᠨ ᠢᠶᠠᠷ ᠭᠦᠨᠵᠡᠭᠡᠶᠢᠷᠡᠨ᠂ ᠠᠷᠠᠳ ᠲᠦᠮᠡᠨ ᠤ ᠲᠥᠯᠥᠭᠡ ᠳᠠᠭᠤᠯᠠᠵᠤ᠂ ᠠᠷᠠᠳ ᠲᠦᠮᠡᠨ ᠤ ᠲᠥᠯᠥᠭᠡ ᠪᠥᠵᠢᠭᠯᠡᠵᠦ᠂ ᠤᠷᠠᠨ ᠰᠠᠶᠢᠬᠠᠨ ᠤ ᠲᠣᠭᠯᠠᠯᠲᠠ ᠪᠠᠷ ᠨᠠᠮ ᠤᠨ ᠲᠠᠭᠤᠨ ᠬᠤᠭᠤᠯᠠᠢ ᠪᠣᠯᠤᠨ ᠬᠠᠶᠢᠷ᠎ᠠ ᠬᠠᠯᠠᠮᠵᠢ ᠶᠢ ᠳᠠᠮᠵᠢᠭᠤᠯᠤᠬᠰᠠᠭᠠᠷ ᠢᠷᠡᠵᠠᠢ᠃      ᠲᠤᠰ ᠤᠯᠠᠭᠠᠨᠮᠥ᠋ᠴᠢᠷ ᠤᠨ ᠨᠠᠮ ᠤᠨ ᠡᠭᠦᠷ ᠰᠤᠷᠤᠯᠴᠠᠬᠤ ᠬᠡᠯᠪᠡᠷᠢ ᠶᠢᠨ ᠨᠠᠮ ᠤᠨ ᠡᠭᠦᠷ ᠢ ᠪᠠᠶᠢᠭᠤᠯᠵᠦ᠂ ᠨᠠᠮ ᠤᠨ ᠭᠡᠰᠢᠭᠦᠨ ᠤ ᠰᠤᠷᠤᠯᠴᠠᠬᠤ ᠴᠢᠳᠠᠪᠤᠷᠢ ᠪᠣᠯᠤᠨ ᠶᠡᠷᠦᠩᠬᠡᠶᠢᠯᠡᠭᠰᠡᠨ ᠬᠡᠪ ᠪᠤᠯᠪᠠᠰᠤᠷᠠᠯ ᠢ ᠲᠡᠭᠡᠭᠰᠢᠯᠡᠭᠦᠯᠦᠨ᠂ ᠤᠯᠠᠭᠠᠨᠮᠥ᠋ᠴᠢᠷ ᠤᠨ ᠨᠠᠢᠮᠠᠨ ᠵᠦᠢᠯ ᠤᠨ ᠡᠭᠦᠷᠭᠡ ᠴᠢᠳᠠᠪᠬᠢ ᠲᠠᠢ ᠤᠶᠠᠯᠳᠤᠭᠤᠯᠤᠨ ︽  ᠤᠳᠬ᠎ᠠ ᠤᠷᠠᠯᠢᠭ ᠨᠠᠮ ᠢᠶᠠᠨ ᠳᠠᠭᠠᠬᠤ︾ ᠶᠢ ᠰᠠᠶᠢᠳᠤᠷ ᠪᠠᠷᠢᠮᠳᠠᠯᠠᠪᠠ᠃ ᠬᠡᠬᠦ ᠳᠡᠭᠡᠨ ᠤᠷᠢᠳ ᠬᠤᠵᠢᠳ ︽ᠦᠨᠳᠦᠰᠦᠨ ᠱᠠᠲᠤᠨ ᠤ ᠲᠡᠷᠢᠭᠦᠨ ᠤ ᠨᠠᠮ ᠤᠨ ᠡᠭᠦᠷ︾᠂ ︽ᠪᠥᠬᠦ ᠬᠤᠰᠢᠭᠤᠨ ᠤ ᠬᠤᠲᠠ ᠪᠠᠯᠭᠠᠰᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠡᠭ︾᠂ ︽ᠤᠮᠠᠷᠠᠲᠤ ᠬᠢᠯᠢ ᠶᠢᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾᠂ ︽2023 ᠣᠨ ᠤ ᠪᠥᠬᠦ ᠠᠶᠢᠮᠠᠭ ᠤᠨ ᠪᠠᠲᠤ ᠴᠢᠩᠭ᠎ᠠ ᠪᠠᠬᠢᠯᠡᠯᠲᠡ ᠶᠢᠨ ᠨᠠᠮ ᠤᠨ ᠡᠭᠦᠷ︾ ᠢᠶᠠᠷ ᠦᠨᠡᠯᠡᠭᠳᠡᠪᠡ᠃      ᠤᠭ ᠰᠠᠨᠠᠭ᠎ᠠ ᠪᠠᠨ ᠦᠯᠦ ᠮᠠᠷᠳᠠᠵᠦ᠂ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠨ᠎ᠠ      ᠵᠠᠯᠠᠶᠢᠳ ᠬᠤᠰᠢᠭᠤᠨ ᠤ ᠤᠯᠠᠭᠠᠨᠮᠥ᠋ᠴᠢᠷ 1966 ᠣᠨ ᠳᠤ ᠪᠠᠶᠢᠭᠤᠯᠤᠭᠳᠠᠵᠤ᠂ ᠣᠳᠣ ᠨᠢᠭᠡᠨᠲᠡ 58 ᠵᠢᠯ ᠪᠣᠯᠵᠤ ᠪᠠᠶᠢᠨ᠎ᠠ᠃ ᠠᠷᠪᠠᠨ ᠬᠡᠳᠦᠭᠡᠨ ᠬᠡᠰᠢᠭᠦᠨ ᠪᠠᠶᠢᠭᠰᠠᠨ ᠠᠴᠠ ᠪᠠᠨ ᠤᠳᠤ ᠲᠠᠪᠢᠨ ᠬᠡᠳᠦᠨ ᠬᠡᠰᠢᠭᠦᠨ ᠲᠠᠢ ᠪᠤᠯᠵᠦ᠂ ᠲᠣᠭᠯᠠᠯᠲᠠ ᠭᠠᠷᠭᠠᠬᠤ᠂ ᠤᠬᠠᠭᠤᠯᠬᠤ᠂ ᠬᠠᠪᠰᠤᠷᠤᠨ ᠵᠢᠯᠣᠭᠤᠳᠬᠤ᠂ ᠦᠢᠯᠡᠴᠢᠯᠡᠬᠦ᠂ ᠵᠣᠬᠢᠶᠠᠨ ᠪᠦᠲᠦᠭᠡᠬᠦ᠂ ᠰᠢᠨ᠎ᠡ ᠶᠢ ᠡᠭᠦᠳᠬᠦ᠂ ᠤᠯᠠᠮᠵᠢᠯᠠᠨ ᠰᠣᠯᠢᠯᠴᠠᠬᠤ ᠵᠡᠷᠭᠡ ᠣᠯᠠᠨ ᠵᠦᠢᠯ ᠤᠨ ᠠᠷᠭ᠎ᠠ ᠪᠠᠷ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠠᠮ ᠤᠨ ᠳᠠᠭᠤᠨ ᠬᠤᠭᠤᠯᠠᠢ ᠶᠢ ᠳᠠᠮᠵᠢᠭᠤᠯᠤᠨ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠳᠠᠪᠰᠢᠯᠲᠠ ᠪᠠ ᠰᠣᠶᠣᠯ ᠤᠨ ᠬᠥᠭᠵᠢᠯᠲᠡ ᠶᠢ ᠠᠬᠢᠭᠤᠯᠵᠦ ᠪᠠᠶᠢᠨ᠎ᠠ᠃ ᠵᠢᠯ ᠪᠦᠷᠢ 100 ᠭᠠᠷᠤᠶ ᠲᠠᠯᠠᠪᠤᠷ ᠲᠣᠭᠯᠠᠯᠲᠠ ᠭᠠᠷᠭᠠᠵᠤ᠂ ᠪᠠᠰᠠ ᠡᠯ᠎ᠡ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠪᠠᠷ ᠵᠠᠰᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠵᠡᠷᠭᠡ ᠤᠬᠠᠭᠤᠯᠭ᠎ᠠ ᠶᠢᠨ ᠠᠵᠢᠯᠯᠠᠭ᠎ᠠ ᠶᠢ ᠤᠯᠠᠨᠲᠠ ᠥᠷᠨᠢᠭᠦᠯᠪᠡ᠃      ᠪᠦᠬᠦ ᠬᠤᠰᠢᠭᠤᠨ ᠤ ︽ᠮᠠᠨ ᠤ ᠰᠠᠶᠢᠨ ᠰᠠᠶᠢᠬᠠᠨ ᠠᠮᠢᠳᠤᠷᠠᠯ︾ ᠰᠣᠶᠣᠯ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠵᠢᠴᠢ ︽ᠰᠣᠶᠣᠯ ᠤᠨ ᠲᠣᠰᠬᠤᠨ ᠤ ᠳᠠᠷᠤᠭ᠎ᠠ︾ ᠶᠢᠨ ᠠᠵᠢᠯ ᠳᠤ ᠬᠦᠴᠦᠨ ᠨᠡᠮᠡᠷᠢᠯᠡᠬᠦ ᠪᠠᠷ ᠲᠤᠰ ᠤᠯᠠᠭᠠᠨᠮᠥ᠋ᠴᠢᠷ ᠤᠨ ᠬᠢᠨ ᠵᠢᠯ ᠪᠦᠷᠢ ᠤᠷᠠᠨ ᠰᠠᠶᠢᠬᠠᠨ ᠤ ᠲᠤᠬᠯᠠᠯᠲᠠ ᠪᠠ ᠬᠠᠪᠰᠦᠷᠦᠨ ᠵᠢᠯᠤᠭᠤᠳᠬᠤ ᠠᠵᠢᠯᠯᠠᠭ᠎ᠠ ᠶᠢ ᠠᠯᠢ ᠤᠯᠠᠨ ᠦᠷᠨᠢᠭᠦᠯᠵᠦ᠂ ᠬᠥᠳᠡᠭᠡ ᠲᠣᠰᠬᠤᠨ ᠤ ᠤᠷᠠᠨ ᠰᠠᠶᠢᠬᠠᠨ ᠤ ᠪᠦᠯᠬᠦᠮ ᠤᠨ ᠬᠡᠰᠢᠭᠦᠳ ᠤᠨ ᠬᠡᠪ ᠪᠣᠯᠪᠠᠰᠤᠷᠠᠯ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠵᠢᠴᠢ ᠤᠬᠠᠭᠠᠯᠠᠨ ᠰᠡᠳᠦᠵᠦ ᠵᠣᠬᠢᠶᠠᠨ ᠪᠠᠶᠢᠭᠤᠯᠬᠤ ᠴᠢᠳᠠᠪᠤᠷᠢ ᠢᠢ ᠲᠡᠭᠡᠭᠰᠢᠯᠡᠭᠦᠯᠬᠦ ᠳᠤ ᠬᠦᠴᠦᠨ ᠴᠢᠳᠡᠯ ᠢᠶᠠᠨ ᠡᠷᠭᠦᠵᠠᠢ᠃      ᠬᠤᠪᠢᠰᠬᠠᠯᠲᠦ ᠤᠳᠤᠮᠰᠢᠯ ᠢ ᠵᠠᠯᠭᠠᠮᠵᠢᠯᠠᠵᠦ᠂ ᠤᠮᠠᠷᠠᠳᠤ ᠬᠢᠯᠢ ᠶᠢᠨ ᠰᠤᠶᠤᠯ ᠢ ᠪᠠᠳᠠᠷᠠᠭᠤᠯᠤᠨ᠎ᠠ      ᠵᠠᠯᠠᠶᠢᠳ ᠬᠤᠰᠢᠭᠤᠨ ᠤ ᠤᠯᠠᠭᠠᠨᠮᠥ᠋ᠴᠢᠷ ᠠᠷᠠᠳ ᠲᠦᠮᠡᠨ ᠢᠶᠠᠷ ᠭᠤᠣᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠤ ᠲᠥᠯᠥᠭᠡ ᠲᠤᠬᠯᠠᠯᠲᠠ ᠭᠠᠷᠭᠠᠬᠰᠠᠭᠠᠷ ᠢᠷᠡᠵᠠᠢ᠃ ᠲᠡᠳᠡ ᠤᠷᠢᠳ ᠬᠤᠵᠢᠳ ︽ᠲᠠᠯ᠎ᠠ ᠨᠤᠲᠤᠭ ᠤᠨ ᠬᠥᠪᠡᠭᠦᠳ ᠥᠬᠢᠳ ᠡᠬᠡ ᠤᠯᠤᠰ ᠢᠶᠠᠨ ᠬᠠᠶᠢᠷᠠᠯᠠᠨ᠎ᠠ︾᠂ ︽ᠰᠢᠨ᠎ᠡ ᠬᠥᠳᠡᠭᠡ ᠲᠣᠰᠬᠤᠨ ᠢ ᠮᠠᠬᠳᠠᠨ ᠲᠠᠭᠤᠯᠠᠶ᠎ᠠ︾᠂ ︽ᠴᠤᠤᠯ ᠭᠤᠣᠯ ᠤᠨ ᠤᠶᠠᠩᠭ᠎ᠠ︾ ᠵᠡᠷᠭᠡ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠤᠷᠠᠨ ᠰᠠᠶᠢᠬᠠᠨ ᠤ ᠪᠦᠲᠦᠭᠡᠯ ᠢ ᠵᠣᠬᠢᠶᠠᠨ ᠪᠦᠲᠦᠭᠡᠵᠦ᠂ ᠤᠯᠠᠨ ᠲᠦᠮᠡᠨ ᠤ ᠮᠡᠳᠡᠷᠡᠬᠦ ᠰᠡᠳᠭᠢᠯᠭᠡ ᠪᠠ ᠣᠮᠤᠭ ᠪᠠᠭᠠᠳᠤᠯᠲᠤ ᠰᠡᠳᠭᠢᠯᠭᠡ ᠶᠢ ᠨᠡᠮᠡᠭᠳᠡᠭᠦᠯᠪᠡ᠃      ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠾᠧ ᠮᠠᠶᠢᠯᠠᠰᠦ ᠢᠮᠠᠭᠲᠠ ᠤᠯᠠᠨ ᠲᠦᠮᠡᠨ ᠲᠠᠢ ᠰᠡᠳᠭᠢᠯ ᠵᠢᠷᠦᠬᠡ ᠪᠠᠨ ᠬᠤᠯᠪᠣᠵᠤ᠂ ᠭᠡᠰᠢᠭᠦᠳ ᠢᠶᠠᠨ ᠳᠠᠭᠠᠭᠤᠯᠤᠨ ᠦᠨᠳᠦᠰᠦᠨ ᠱᠠᠲᠤ ᠪᠠᠷ ᠭᠦᠨᠵᠡᠭᠡᠶᠢᠷᠡᠨ ᠠᠷᠠᠳ ᠤᠯᠠᠨ ᠲᠠᠢ ᠰᠡᠳᠭᠢᠯ ᠰᠠᠨᠠᠭ᠎ᠠ ᠪᠠᠨ ᠨᠢᠭᠡᠳᠭᠡᠵᠦ᠂ ᠦᠨᠳᠦᠰᠦᠨ ᠱᠠᠲᠤᠨ ᠤ ᠠᠷᠠᠳ ᠤᠯᠠᠨ ᠤ ᠰᠢᠨ᠎ᠡ ᠠᠮᠢᠳᠤᠷᠠᠯ ᠢ ᠲᠤᠰᠬᠠᠭᠰᠠᠨ ᠤᠳᠬ᠎ᠠ ᠤᠷᠠᠯᠢᠭ ᠤᠨ ᠰᠢᠯᠢᠳᠡᠭ ᠪᠦᠲᠦᠭᠡᠯ ᠢ ᠨᠠᠶᠢᠷᠠᠭᠤᠯᠤᠨ ᠵᠤᠬᠢᠶᠠᠵᠦ᠂ ᠦᠨᠳᠦᠰᠦᠨ ᠱᠠᠲᠤᠨ ᠤ ᠤᠯᠠᠨ ᠲᠦᠮᠡᠨ ᠤ ᠰᠢᠨ᠎ᠡ ᠠᠮᠢᠳᠤᠷᠠᠯ ᠢ ᠲᠤᠰᠬᠠᠭᠰᠠᠨ ᠤᠳᠭ᠎ᠠ ᠤᠷᠠᠯᠢᠭ ᠤᠨ ᠪᠦᠲᠦᠭᠡᠯ ᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠤᠷᠠᠨ ᠰᠠᠶᠢᠬᠠᠨ ᠤ ᠰᠢᠯᠢᠳᠡᠭ ᠲᠣᠭᠯᠠᠯᠲᠠ ᠶᠢ ᠤᠯᠠᠨ ᠲᠦᠮᠡᠨ ᠤ ᠡᠭᠦᠳᠡᠨ ᠳᠤ ᠬᠦᠷᠭᠡᠵᠦ᠂ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ︽ᠬᠠᠮᠤᠭ ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠠᠷᠠᠳ ᠤᠯᠠᠨ ᠳᠤ ᠮᠠᠰᠢ ᠤᠯᠠᠨ ᠪᠣᠳᠠᠲᠤ ᠶᠠᠪᠤᠳᠠᠯ ᠬᠢᠵᠦ ᠦᠭᠪᠡ᠃      ᠤᠯᠠᠭᠠᠨᠮᠥ᠋ᠴᠢᠷ ᠤᠨ ᠬᠡᠰᠢᠭᠦᠳ ᠦᠨᠳᠦᠰᠦᠨ ᠱᠠᠲᠤᠨ ᠳᠤ ᠪᠠᠭᠤᠵᠤ ᠬᠠᠪᠰᠤᠷᠤᠨ ᠵᠢᠯᠣᠭᠤᠳᠬᠤ ᠦᠢᠯᠡᠴᠢᠯᠡᠭᠡ ᠬᠠᠩᠭᠠᠬᠤ ᠶᠢᠨ ᠲᠦᠯᠦᠭᠡ ᠴᠧᠨ ᠰᠢᠶᠤᠤ ᠯᠦᠩ ᠰᠦᠯᠵᠢᠶᠠᠨ ᠤᠳᠤᠨ ᠮᠦ᠋ ᠭᠧ ᠲᠠᠢ ᠰᠦᠯᠵᠢᠶᠡᠨ ᠤ ᠰᠢᠭᠤᠳ ᠨᠡᠪᠲᠡᠷᠡᠭᠦᠯᠭᠡ ᠬᠢᠵᠦ᠂ ᠵᠠᠯᠠᠶᠢᠳ ᠤᠨ ᠲᠤᠲᠤᠷᠭ᠎ᠠ ᠪᠣᠯᠤᠨ ᠲᠤᠬᠠᠢ ᠶᠢᠨ ᠭᠠᠵᠠᠷ ᠤᠨ ᠲᠠᠷᠢᠶᠠᠯᠠᠩ ᠤᠨ ᠣᠨᠴᠠ ᠭᠠᠷᠤᠯᠲᠠ ᠶᠢ ᠪᠣᠷᠣᠯᠠᠭᠤᠯᠬᠤ ᠶᠢᠨ ᠬᠠᠮᠲᠤ ᠨᠤᠲᠤᠭ ᠤᠨ ᠠᠬ᠎ᠠ ᠳᠡᠭᠦᠦ ᠨᠡᠷ ᠢ ᠳᠠᠶᠢᠴᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠬᠠᠮᠲᠤᠪᠠᠷ ᠪᠠᠶᠠᠵᠢᠬᠤ ᠠᠶᠠᠰ︾ ᠢ ᠴᠢᠪᠬᠠᠳᠠᠵᠦ᠂ ᠠᠷᠡᠳ ᠲᠦᠮᠡᠨ ᠢ ᠪᠠᠶᠠᠵᠢᠯ ᠤᠨ ᠵᠠᠮ ᠢᠶᠠᠷ ᠬᠦᠳᠦᠯᠵᠠᠢ᠃ 2024 ᠣᠨ ᠳᠤ ᠪᠡᠭᠡᠵᠢᠩ ᠤᠨ ᠹᠧᠩᠲ᠋ᠠᠢ ᠲᠣᠭᠤᠷᠢᠭ ᠲᠤ ᠵᠠᠯᠠᠶᠢᠳ ᠤᠨ ᠲᠤᠲᠤᠷᠭ᠎ᠠ ᠶᠢ ᠲᠠᠨᠢᠯᠴᠠᠭᠤᠯᠵᠤ᠂ ᠵᠠᠯᠠᠶᠢᠳ ᠤᠨ ᠲᠤᠳᠤᠷᠭ᠎ᠠ ᠶᠢ ᠪᠣᠷᠣᠯᠠᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠭᠡᠵᠠᠢ᠃      ᠦᠨᠦ ᠵᠢᠯ᠂ ᠰᠢᠯᠢᠳᠡᠭ ᠪᠥᠵᠢᠭᠴᠢᠨ ᠯᠢᠦ ᠵᠧᠨ ᠽᠦ᠂ ᠭᠤᠤ ᠫᠧᠩ ᠬᠠᠶᠢᠯᠠᠷ ᠬᠤᠳᠠ ᠳᠤ ᠶᠠᠪᠤᠬᠳᠠᠬᠰᠠᠨ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠳᠤ ᠣᠷᠣᠯᠴᠠᠵᠤ᠂ 39 ᠡᠳᠦᠷ ᠤᠨ ᠴᠠᠭ ᠢ ᠵᠠᠷᠤᠴᠠᠭᠤᠯᠵᠦ᠂ ᠪᠤᠰᠤᠳ ᠭᠠᠵᠠᠷ ᠤᠨ ᠤᠯᠠᠭᠠᠨᠮᠦ᠋ᠴᠢᠷ ᠤᠨ ᠭᠡᠰᠢᠭᠦᠳ ᠠᠴᠠ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢ ᠰᠤᠷᠤᠯᠴᠠᠨ᠂ ᠡᠯ᠎ᠡ ᠵᠦᠢᠯ ᠤᠨ ᠡᠭᠦᠷᠭᠡ ᠪᠠᠨ ᠣᠷᠭᠢᠯᠤᠮ᠎ᠠ ᠬᠠᠯᠠᠭᠤᠨ ᠰᠡᠳᠭᠢᠯᠭᠡ ᠪᠠ ᠭᠠᠷᠮᠠᠭᠠᠢ ᠤᠷ᠎ᠠ ᠴᠢᠳᠠᠪᠤᠷᠢ ᠪᠠᠷ ᠪᠡᠶᠡᠯᠡᠭᠦᠯᠵᠦ᠂ ᠤᠯᠠᠭᠠᠨᠮᠥ᠋ᠴᠢᠷ ᠤᠨ ᠴᠤᠭ ᠵᠢᠪᠬᠤᠭ᠎ᠠ ᠶᠢ ᠢᠯᠡᠷᠡᠭᠦᠯᠦᠨ᠂ ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠤ ᠦᠪᠡᠳᠡᠭᠰᠢ ᠨᠠᠶᠢᠷ ᠲᠤ ᠬᠦᠴᠦᠨ ᠴᠢᠳᠠᠯ ᠢᠶᠠᠨ ᠡᠷᠭᠦᠪᠡ᠃      ᠲᠡᠳᠡ ᠪᠠᠰᠠ ᠬᠤᠷᠴᠢᠨ ᠨᠤᠲᠤᠭ ᠤᠨ ᠤᠯᠠᠮᠵᠢᠯᠠᠯᠲᠤ ᠳᠠᠭᠤᠤ ᠬᠥᠭᠵᠢᠮ ᠤᠨ ᠰᠣᠶᠣᠯ ᠤᠨ ᠡᠯᠧᠮᠧᠨ᠋ᠲ ᠢᠶᠠᠷ ᠭᠤᠣᠯ ᠪᠤᠯᠭᠠᠬᠰᠠᠨ ᠬᠥᠭᠵᠢᠮ ᠤᠨ ᠠᠩᠭᠢ ᠶᠢ ᠵᠣᠬᠢᠶᠠᠨ ᠪᠠᠶᠢᠭᠤᠯᠵᠤ᠂ ᠣᠳᠣ ᠦᠶ᠎ᠡ ᠶᠢᠨ ᠠᠶ᠎ᠠ ᠨᠠᠶᠢᠷᠠᠭᠤᠯᠬᠤ ᠶᠢ ᠣᠯᠠᠨ ᠡᠰᠢᠲᠦ ᠬᠥᠭᠵᠢᠮ ᠤᠨ ᠮᠡᠷᠭᠡᠵᠢᠯ ᠲᠠᠢ ᠤᠶᠠᠯᠳᠤᠭᠤᠯᠤᠨ᠂ ᠦᠨᠳᠦᠰᠦᠲᠡᠨ ᠤ ᠬᠥᠭᠵᠢᠮ ᠤᠨ ᠪᠠᠭᠠᠵᠢ ᠪᠠᠷ ᠦᠨᠳᠦᠰᠦᠲᠡᠨ ᠤ ᠣᠨᠴᠠᠯᠢᠭ ᠲᠠᠢ ᠳᠠᠭᠤᠤ ᠬᠥᠭᠵᠢᠮ ᠢ ᠤᠯᠠᠨ ᠵᠣᠬᠢᠶᠠᠨ ᠪᠦᠲᠦᠭᠡᠵᠦ᠂ ᠣᠯᠠᠨ ᠵᠦᠢᠯ ᠤᠨ ᠳᠠᠭᠤᠯᠠᠬᠤ ᠠᠷᠭ᠎ᠠ ᠶᠢ ᠰᠢᠩᠭᠡᠭᠡᠨ ᠠᠪᠴᠤ᠂ ᠤᠯᠠᠮᠵᠢᠯᠠᠯᠲᠤ ᠦᠨᠦᠷ ᠠᠮᠲᠠ ᠲᠠᠢ ᠮᠥᠷᠲᠡᠭᠡᠨ ᠣᠳᠣ ᠦᠶ᠎ᠡ ᠶᠢᠨ ᠬᠡᠪ ᠨᠠᠮᠪᠠ ᠲᠠᠢ ᠥᠪᠡᠷᠮᠢᠴᠡ ᠳᠠᠭᠤᠤ ᠬᠥᠭᠵᠢᠮ ᠤᠨ ᠲᠣᠭᠯᠠᠯᠲᠠ ᠶᠢ ᠪᠦᠳᠦᠭᠡᠵᠠᠢ᠃      ᠲᠤᠯᠤᠭᠠᠨ ᠵᠢᠯ ᠤᠨ ᠲᠤᠷᠰᠢ᠂ ᠵᠠᠯᠠᠶᠢᠳ ᠬᠤᠰᠢᠭᠤᠨ ᠤ ᠤᠯᠠᠭᠠᠨᠮᠥ᠋ᠴᠢᠷ ᠤᠨ ᠬᠢᠨ ᠰᠢᠨ᠎ᠡ ᠴᠠᠭ ᠦᠶ᠎ᠡ ᠶᠢᠨ ᠰᠢᠨ᠎ᠡ ᠠᠶᠠᠨ ᠵᠠᠮ ᠳᠤ ᠤᠷᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠷᠠᠳ ᠲᠦᠮᠡᠨ ᠤ ᠳᠤᠮᠳᠠ ᠦᠨᠳᠦᠰᠦᠯᠡᠨ᠂ ᠠᠷᠠᠳ ᠲᠦᠮᠡᠨ ᠳᠤ ᠦᠢᠯᠡᠴᠢᠯᠡᠬᠦ ᠵᠣᠷᠢᠭ ᠰᠠᠨᠠᠭ᠎ᠠ ᠶᠢ ᠴᠠᠬ ᠢᠮᠠᠬᠲᠠ ᠪᠠᠷᠢᠮᠳᠠᠯᠠᠵᠦ᠂ ᠤᠮᠠᠷᠠᠲᠤ ᠬᠢᠯᠢ ᠶᠢᠨ ᠰᠣᠶᠣᠯ ᠤᠨ ᠤᠯᠠᠮᠵᠢᠯᠠᠭᠴᠢ ᠶᠢᠨ ᠳᠦᠷᠢ ᠲᠦᠷᠭᠦ ᠶᠢ ᠪᠦᠬᠦ ᠬᠦᠴᠦᠨ ᠢᠶᠠᠷ ᠢᠶᠠᠨ ᠢᠯᠡᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠭᠡᠷᠡᠯ ᠭᠢᠯᠪᠠᠭ᠎ᠠ ᠶᠢ ᠰᠠᠴᠤᠷᠠᠭᠤᠯᠤᠬᠰᠠᠭᠠᠷ ᠢᠷᠡᠵᠠᠢ᠃  
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号