| ᠡᠪᠦᠯ ᠤᠨ ᠤᠯᠠᠷᠢᠯ ᠤᠨ ᠲᠠᠷᠢᠶᠠᠯᠠᠩ ᠤᠨ ᠰᠡᠯᠡᠭᠦᠦ ᠴᠠᠭ ᠲᠤ᠂ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤ | ᠡᠯ᠎ᠡ ᠲᠣᠰᠬᠤᠨ ᠤ ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠤᠨ ᠲᠠᠯ᠎ᠠ ᠨᠤᠲᠤᠭ ᠤᠨ ᠨᠣᠮ ᠤᠨ ᠦᠷᠦᠭᠡ ᠳᠤ ︽ | ᠴᠠᠬᠢᠯᠭᠠᠨ ᠴᠡᠨᠡᠭᠯᠡᠭᠦᠯᠵᠤ︾᠂ ᠲᠡᠳᠡᠨᠠᠷ ᠢ ᠬᠥᠲᠥᠯᠥᠨ ᠵᠢᠯᠣᠭᠤᠳᠴᠤ ᠪᠠᠶᠢᠭᠠᠳ ᠲᠡᠵᠢᠭᠡᠨ ᠦᠷᠡᠵᠢᠭᠦᠯᠬᠦ ᠪᠠ | ᠰᠡᠯᠪᠢᠨ ᠵᠠᠰᠠᠬᠤ ᠠᠵᠢᠯ ᠂ ᠲᠠᠷᠢᠶᠠᠯᠠᠩ ᠤᠨ ᠮᠡᠷᠭᠡᠵᠢᠯ ᠢ ᠰᠤᠳᠤᠯᠤᠭᠤᠯᠵᠤ᠂ ᠡᠪᠦᠯ ᠤᠨ ᠰᠡᠯᠡᠭᠦᠦ ᠴᠠᠭ ᠢ ᠲᠡᠭᠦᠯᠳᠡᠷ | ᠪᠥᠭᠡᠳ ᠤᠳᠬ᠎ᠠ ᠠᠭᠤᠯᠭ᠎ᠠ ᠲᠠᠢ ᠦᠩᠭᠡᠷᠡᠭᠦᠯᠵᠤ ᠪᠠᠶᠢᠨ᠎ᠠ᠃ | ᠬᠤᠯᠪᠤᠭ᠎ᠠ ᠪᠠᠯᠭᠠᠰᠤᠨ ᠤ ᠪᠠᠳᠠᠢ ᠲᠣᠰᠬᠤᠨ ᠤ ᠲᠠᠯ᠎ᠠ ᠨᠤᠳᠤᠭ ᠤᠨ ᠨᠣᠮ ᠤᠨ ᠦᠷᠦᠭᠡ ᠳᠤ᠂ ᠲᠡᠷᠢ ᠲᠡᠭᠰᠢ | ᠨᠣᠮ ᠤᠨ ᠵᠢᠶᠠᠰᠠ ᠮᠥᠷ ᠮᠥᠷ ᠢᠶᠠᠷ ᠳᠡᠯᠭᠡᠨ ᠲᠠᠯᠪᠢᠭᠳᠠᠵᠤ᠂ ᠲᠠᠷᠢᠶᠠᠯᠠᠩ ᠤᠨ ᠮᠠᠰᠢᠨ ᠤ ᠲᠦᠷᠦᠯ᠂ ᠲᠡᠵᠢᠭᠡᠨ | ᠦᠷᠡᠵᠢᠭᠦᠯᠬᠦ ᠲᠦᠷᠦᠯ᠂ ᠦᠯᠢᠭᠡᠷ ᠤᠨ ᠲᠦᠷᠦᠯ ᠵᠡᠷᠭᠡ ᠡᠯ᠎ᠡ ᠵᠦᠢᠯ ᠤᠨ ᠨᠣᠮ ᠪᠢᠴᠢᠭ ᠢ ᠬᠠᠮᠤᠷᠴᠤ᠂ ᠨᠣᠮ ᠤᠨ | ᠦᠷᠦᠭᠡ ᠶᠢᠨ ᠲᠥᠬᠦᠭᠡᠷᠦᠮᠵᠢ ᠨᠢ ᠪᠦᠷᠢᠨ ᠭᠦᠢᠴᠡᠳ᠂ ᠣᠷᠴᠢᠨ ᠲᠣᠭᠤᠷᠢᠨ ᠨᠢ ᠲᠠᠭᠠᠯᠠᠮᠵᠢᠲᠠᠢ ᠪᠠᠶᠢᠯ᠎ᠠ᠃ | | | | | | ︽ᠤᠯᠠᠨ ᠢᠶᠠᠷ ᠢᠶᠠᠨ ᠨᠣᠮ ᠤᠨ ᠥᠷᠥᠭᠡᠨ ᠳᠤ ᠴᠤᠭᠯᠠᠷᠠᠨ ᠲᠤᠷᠰᠢᠯᠭ᠎ᠠ ᠪᠠᠨ ᠰᠣᠯᠢᠯᠴᠠᠵᠤ᠂ ᠮᠡᠳᠡᠯᠭᠡ ᠪᠠᠨ | ᠬᠤᠪᠢᠶᠠᠯᠴᠠᠵᠤ᠂ ᠡᠳᠦᠷ ᠪᠣᠯᠭᠠᠨ ᠮᠠᠰᠢ ᠪᠦᠷᠢᠨ ᠲᠡᠭᠦᠯᠳᠡᠷ᠂ ᠮᠠᠰᠢ ᠤᠳᠬ᠎ᠠ ᠠᠭᠤᠯᠭ᠎ᠠ ᠲᠠᠢ ᠰᠠᠨᠠᠭᠳᠠᠵᠤ ᠪᠠᠶᠢᠨ᠎ᠠ᠂ | ᠲᠤᠰᠬᠠᠶ ᠮᠡᠷᠭᠡᠵᠢᠯ ᠤᠨ ᠮᠡᠳᠡᠯᠭᠡ ᠪᠠᠨ ᠨᠥᠬᠦᠪᠥᠷᠢᠯᠡᠬᠦ ᠨᠢ ᠢᠷᠡᠬᠦ ᠵᠢᠯ ᠤᠨ ᠲᠠᠷᠢᠶ᠎ᠠ ᠲᠠᠷᠢᠬᠤ᠂ ᠲᠡᠵᠢᠭᠡᠨ | ᠦᠷᠡᠵᠢᠭᠦᠯᠬᠦ ᠳᠤ ᠴᠥᠮ ᠶᠡᠭᠡ ᠲᠤᠰᠠ ᠪᠣᠯᠬᠤ ᠶᠤᠮ︾ ᠭᠡᠵᠤ ᠬᠤᠯᠪᠤᠭ᠎ᠠ ᠪᠠᠯᠭᠠᠰᠤᠨ ᠤ ᠪᠠᠳᠠᠢ ᠲᠣᠰᠬᠤᠨ ᠤ | ᠠᠷᠠᠳ ᠯᠦ ᠶᠢᠨ ᠹᠧᠩ ᠬᠡᠯᠡᠵᠤ ᠪᠠᠶᠢᠯ᠎ᠠ᠃ | ᠪᠠᠳᠠᠢ ᠲᠣᠰᠬᠤᠨ ᠤ ᠲᠠᠯ᠎ᠠ ᠨᠤᠲᠤᠭ ᠤᠨ ᠨᠣᠮ ᠤᠨ ᠦᠷᠦᠭᠡ 2018 ᠣᠨ ᠳᠤ ᠠᠰᠢᠭᠯᠠᠯᠲᠠ ᠳᠤ ᠣᠷᠣᠭᠤᠯᠵᠤ᠂ | ᠤᠯᠤᠰ ᠲᠦᠷᠦ ᠠᠵᠤ ᠠᠬᠤᠢ᠂ ᠠᠮᠢᠳᠤᠷᠠᠯ᠂ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ᠂ ᠪᠠᠭᠠᠴᠤᠳ | ᠬᠡᠦᠬᠡᠳ ᠵᠡᠷᠭᠡ ᠤᠯᠠᠨ ᠲᠦᠷᠦᠯ ᠤᠨ ᠨᠣᠮ ᠪᠢᠴᠢᠭ ᠢ ᠬᠠᠮᠤᠷᠤᠭᠰᠠᠨ 1700 ᠭᠠᠷᠤᠢ ᠳᠡᠪᠲᠡᠷ ᠨᠣᠮ ᠬᠠᠳᠠᠭᠠᠯᠠᠵᠤ | ᠪᠤᠢ᠃ ᠡᠨᠡᠬᠦ ᠨᠣᠮ ᠤᠨ ᠦᠷᠦᠭᠡ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠳᠤ ᠦᠢᠯᠡᠴᠢᠯᠡᠬᠦ | ᠦᠢᠯᠡᠳᠦᠯ ᠢ ᠪᠠᠳᠠᠷᠠᠭᠤᠯᠵᠤ᠂ ᠲᠣᠰᠬᠤᠨ ᠤ ᠠᠷᠠᠳ ᠤᠯᠠᠨ ᠤ ᠠᠳᠠᠯᠢ ᠪᠤᠰᠤ ᠤᠩᠰᠢᠯᠭ᠎ᠠ ᠶᠢᠨ ᠬᠡᠷᠡᠭᠴᠡᠭᠡ ᠶᠢ | ᠬᠠᠩᠭᠠᠵᠤ ᠪᠠᠶᠢᠨ᠎ᠠ᠃ | ︽ᠮᠠᠨ ᠤ ᠲᠣᠰᠬᠤᠨ ᠤ ᠠᠷᠠᠳ ᠤᠯᠠᠩᠬᠢ ᠨᠢ ᠡ᠊ᠨᠳᠡ ᠢᠷᠡᠵᠤ ᠦᠪᠡᠷ ᠤᠨ ᠲᠤᠷᠠᠲᠠᠢ ᠨᠣᠮ ᠪᠢᠴᠢᠭ ᠰᠣᠨᠢᠨ | ᠰᠡᠳᠬᠦᠯ ᠰᠤᠩᠭᠤᠨ ᠦᠵᠡᠬᠦ ᠶᠢᠨ ᠬᠠᠮᠳᠤ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ | ᠣᠶᠢᠯᠠᠭᠠᠵᠤ ᠪᠠᠶᠢᠨ᠎ᠠ᠂ ᠡᠨᠡ ᠨᠢ ᠭᠡᠷ ᠤᠨ ᠡᠭᠦᠳᠡᠨ ᠳᠠᠬᠢ ᠨᠣᠮ ᠤᠨ ᠰᠠᠩ ᠲᠠᠢ ᠠᠳᠠᠯᠢ ᠲᠦᠭᠦᠮᠬᠡᠨ ᠶᠤᠮ︾ ᠭᠡᠵᠦ | ᠶᠣᠣ ᠱᠠᠨ ᠲᠣᠰᠬᠤᠨ ᠤ ᠲᠠᠯ᠎ᠠ ᠨᠤᠲᠤᠭ ᠤᠨ ᠨᠣᠮ ᠤᠨ ᠦᠷᠦᠭᠡ ᠶᠢᠨ ᠬᠠᠮᠢᠶᠠᠷᠤᠭᠴᠢ ᠯᠢᠦ ᠴᠠᠩ ᠶᠢᠨ ᠬᠡᠯᠡᠪᠡ᠃ | ᠪᠥᠬᠦ ᠪᠠᠯᠭᠠᠰᠤ ᠳᠤ ᠨᠡᠶᠢᠲᠡ 18 ᠲᠠᠯ᠎ᠠ ᠨᠤᠲᠤᠭ ᠤᠨ ᠨᠣᠮ ᠤᠨ ᠥᠷᠥᠭᠡ ᠪᠠᠶᠢᠭᠤᠯᠵᠤ᠂ ᠲᠠᠷᠢᠶᠠᠯᠠᠩ ᠤᠨ | ᠳᠠᠷᠢᠵᠤ ᠲᠡᠵᠢᠭᠡᠨ ᠦᠷᠡᠵᠢᠭᠦᠯᠬᠦ ᠮᠡᠷᠭᠡᠵᠢᠯ᠂ ᠰᠣᠶᠣᠯ ᠤᠨ ᠲᠥᠷᠥᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ | ᠂ ᠪᠠᠭᠠᠴᠤᠳ ᠬᠡᠤᠬᠡᠳ ᠤᠨ ᠲᠥᠷᠥᠯ ᠵᠡᠷᠭᠡ ᠶᠢ ᠬᠠᠮᠤᠷᠤᠭᠰᠠᠨ 10000 ᠭᠠᠷᠤᠶ ᠳᠡᠪᠲᠡᠷ ᠨᠣᠮ ᠪᠢᠴᠢᠭ ᠲᠠᠢ | ᠪᠠᠶᠢᠵᠤ᠂ ᠣᠯᠠᠨ ᠲᠦᠮᠡᠨ ᠤ ᠬᠥᠭᠵᠢᠯᠲᠡ ᠳᠤ ᠬᠦᠴᠦᠷᠬᠡᠭ ᠶᠡᠭᠡ ᠣᠨᠣᠯ ᠤᠨ ᠮᠡᠳᠡᠯᠭᠡ ᠶᠢᠨ ᠲᠠᠪᠴᠠᠩ ᠬᠠᠩᠭᠠᠭᠰᠠᠨ | ᠪᠠᠶᠢᠨ᠎ᠠ᠃ ᠡᠨᠡ ᠵᠢᠯ ᠠᠴᠠ ᠨᠠᠭᠠᠰᠢ᠂ ᠬᠦ ᠪᠠᠯᠭᠠᠰᠤ ᠪᠠᠷ ᠢᠶᠠᠨ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ | ᠨᠡᠶᠢᠲᠡ 16 ᠤᠳᠠᠭ᠎ᠠ ᠥᠷᠨᠢᠭᠦᠯᠵᠦ᠂ ᠣᠯᠠᠨ ᠲᠦᠮᠡᠨ ᠳᠤ 500 ᠭᠠᠷᠤᠶ ᠬᠥᠮᠦᠨ ᠳᠤ ᠠᠰᠢᠭ ᠬᠦᠷᠲᠡᠭᠡᠪᠡ᠃ | | | | | | | | | | | | | | |