| | 11 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠳᠤᠭ ᠪᠡᠯᠴᠢᠭᠡᠷ ᠤᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ 2024 ᠣᠨ ᠳᠤ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠳᠤᠭ | ᠪᠡᠯᠴᠢᠭᠡᠷ ᠤᠨ ᠰᠢᠰᠲ᠋ᠧᠮ ᠤᠨ ᠬᠢᠨ ᠠᠭᠠᠷ ᠤᠨ ᠠᠶᠠᠯᠠᠯ ᠤᠨ ᠣᠶ ᠰᠢᠭᠤᠢ ᠬᠠᠮᠠᠭᠠᠯᠠᠬᠤ ᠨᠢᠰᠦᠯᠲᠡ ᠶᠢ ᠨᠡᠶᠢᠲᠡ | 3400 ᠭᠠᠷᠤᠢ ᠴᠠᠭ᠂ 1000 ᠭᠠᠷᠤᠢ ᠤᠳᠠᠭ᠎ᠠ ᠭᠦᠢᠴᠡᠳᠬᠡᠵᠦ᠂ ᠣᠶ ᠰᠢᠭᠤᠢ ᠶᠢ ᠬᠠᠮᠠᠭᠠᠯᠠᠬᠰᠠᠨ ᠲᠠᠯᠠᠪᠠᠶ ᠨᠢ | 700 ᠲᠦᠮᠡᠨ ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ ᠪᠥᠬᠦ ᠵᠢᠯ ᠤᠨ ᠡᠭᠦᠷᠭᠡ ᠪᠠᠨ ᠠᠮᠵᠢᠯᠲᠠ ᠲᠠᠢ | ᠪᠡᠶᠡᠯᠡᠭᠦᠯᠵᠦ᠂ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ︽ᠰᠡᠷᠭᠡᠶᠢᠯᠡᠯᠲᠡ ᠶᠢᠨ ᠱᠤᠭᠤᠮ︾ ᠢ | ᠪᠦᠲᠦᠮᠵᠢᠲᠡᠶ ᠪᠠᠬᠢᠵᠢᠭᠦᠯᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠠᠭᠠᠷ ᠤᠨ ᠠᠶᠠᠯᠠᠯ ᠤᠨ ᠣᠶ ᠰᠢᠭᠤᠢ ᠶᠢᠨ ᠬᠠᠮᠠᠭᠠᠯᠠᠯᠲᠠ ᠶᠢᠨ ᠴᠢᠬᠤᠯᠠ ᠦᠢᠯᠡᠳᠦᠯ ᠢ | ᠭᠦᠢᠴᠡᠳ ᠪᠠᠳᠠᠷᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠳᠤᠭ ᠪᠡᠯᠴᠢᠭᠡᠷ ᠤᠨ | ᠲᠣᠪᠴᠢᠶ᠎ᠠ ᠨᠠᠷᠢᠨ ᠬᠢᠨᠠᠮᠠᠭᠠᠢ ᠰᠤᠳᠤᠯᠤᠨ ᠮᠠᠭᠠᠳᠯᠠᠵᠤ᠂ ᠨᠢᠰᠴᠦ ᠬᠠᠮᠠᠭᠠᠯᠠᠬᠤ ᠭᠤᠣᠯᠳᠠᠯᠭ᠎ᠠ ᠲᠠᠢ ᠣᠷᠣᠨ ᠪᠦᠰᠡ | ᠪᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠨ᠂ ᠡᠯ᠎ᠡ ᠲᠠᠯ᠎ᠠ ᠯᠤᠭ᠎ᠠ ᠶᠢᠨ ᠨᠡᠪᠲᠡᠷᠡᠯᠴᠡᠭᠡ | ᠬᠠᠮᠵᠢᠯᠴᠠᠭ᠎ᠠ ᠪᠠᠨ ᠴᠢᠩᠭᠠᠳᠬᠠᠵᠤ᠂ ᠪᠥᠬᠦ ᠶᠠᠪᠤᠴᠠ ᠶᠢᠨ ᠵᠣᠬᠢᠶᠠᠨ ᠪᠠᠶᠢᠭᠤᠯᠤᠯᠲᠠ ᠡᠮᠬᠢ ᠵᠢᠷᠤᠮ ᠲᠠᠢ᠂ | ᠲᠣᠬᠢᠷᠠᠭᠤᠯᠤᠯᠲᠠ ᠨᠢ ᠬᠦᠴᠦᠲᠡᠢ᠂ ᠥᠨᠳᠥᠷ ᠪᠦᠲᠦᠮᠵᠢᠲᠡᠶ᠂ ᠠᠮᠤᠷ ᠲᠦᠪᠰᠢᠨ ᠢᠶᠠᠷ ᠣᠶ ᠰᠢᠭᠤᠢ ᠶᠢ ᠬᠠᠮᠠᠭᠠᠯᠠᠬᠤ | ᠡᠯ᠎ᠡ ᠵᠦᠢᠯ ᠤᠨ ᠨᠢᠰᠦᠯᠲᠡ ᠶᠢᠨ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠮᠠᠨ ᠤ ᠣᠷᠣᠨ ᠤ ᠣᠶ ᠰᠢᠭᠤᠢ | ᠨᠤᠲᠤᠭ ᠪᠡᠯᠴᠢᠭᠡᠷ ᠤᠨ ᠡᠬᠢ ᠪᠠᠶᠠᠯᠢᠭ ᠪᠠ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠪᠦᠲᠦᠮᠵᠢᠲᠡᠶ ᠬᠠᠮᠠᠭᠠᠯᠠᠪᠠ᠃ |