ᠲᠦᠮᠡᠨ ᠳᠡᠭᠡᠨ ᠲᠤᠰᠠᠳᠠᠢ ᠬᠤᠯᠪᠤᠭᠠᠳᠤ ᠬᠤᠷᠰᠢᠶ᠎ᠠ ᠲᠦᠷᠦ ᠳᠡᠭᠡᠨ ᠰᠠᠶᠢᠰᠢᠶᠠᠬᠳᠠᠬᠰᠠᠨ ᠬᠦᠳᠡᠯᠮᠦᠷᠢ ᠶᠢᠨ ᠵᠢᠱᠢᠶᠡᠴᠢ
ᠨᠡᠶᠢᠲᠡᠯᠡᠭᠰᠡᠨ ᠴᠠᠭ᠄
2024/12/25
      ᠲᠠ ᠨᠠᠷ ᠪᠠᠰᠠ ᠬᠠᠨᠭ᠍ᠭᠠᠨ ᠪᠤᠷᠤᠯᠠᠭᠤᠯᠬᠤ ᠬᠤᠷᠰᠢᠶ᠎ᠠ ᠶᠢ ᠮᠡᠳᠡᠵᠦ ᠪᠠᠶᠢᠨ᠎ᠠ ᠤᠤ︖ ᠤᠨ ᠵᠢᠯ ᠤᠨ ᠤᠷᠳᠤ ᠠᠶᠠᠨ ᠳᠤ ᠬᠠᠨᠭ᠍ᠭᠠᠨ ᠪᠤᠷᠤᠯᠠᠭᠤᠯᠬᠤ ᠬᠤᠷᠰᠢᠶ᠎ᠠ ᠨᠢ ᠬᠡᠳᠦᠨ ᠦᠶ᠎ᠡ ᠶᠢᠨ ᠬᠦᠮᠦᠰ ᠤᠨ ᠢᠳᠡᠵᠦ ᠡᠮᠦᠰᠬᠦ ᠵᠠᠷᠦᠵᠦ ᠪᠠᠷᠢᠬᠤ ᠬᠠᠮᠳᠤ ᠶᠢᠨ ᠲᠤᠷᠠᠳᠬᠠᠯ ᠢ ᠠᠴᠢᠶᠠᠯᠠᠵᠦ ᠪᠠᠶᠢᠬᠰᠠᠨ ᠶᠤᠮ᠃ ᠴᠠᠭ ᠦᠶ᠎ᠡ ᠶᠢᠨ ᠬᠦᠭᠵᠢᠯᠳᠡ ᠬᠤᠪᠢᠷᠠᠯᠳᠠ ᠶᠢ ᠲᠠᠭᠠᠯᠳᠤᠨ᠂ ᠬᠦᠮᠦᠰ ᠬᠠᠨᠭ᠍ᠭᠠᠨ ᠪᠤᠷᠤᠯᠠᠭᠤᠯᠬᠤ ᠬᠤᠷᠰᠢᠶ᠎ᠠ ᠶᠢᠨ ᠲᠤᠬᠠᠢ ᠲᠡᠮᠡᠢ ᠮᠡᠳᠡᠬᠦ ᠦᠬᠡᠢ ᠪᠤᠯᠤᠬᠰᠠᠨ ᠴᠤ ᠦᠨᠡᠨᠳᠡᠬᠡᠨ ᠬᠠᠨᠭ᠍ᠭᠠᠨ ᠪᠤᠷᠤᠯᠠᠭᠤᠯᠬᠤ ᠬᠤᠷᠰᠢᠶ᠎ᠠ ᠨᠢ ᠪᠢᠳᠡᠨ ᠤ ᠠᠮᠢᠳᠦᠷᠠᠯ ᠠᠴᠠ ᠰᠠᠯᠤᠬᠰᠠᠨ ᠦᠬᠡᠢ ᠪᠦᠭᠡᠳ ᠬᠠᠷᠢᠨ ᠬᠦᠳᠡᠭᠡ ᠠᠵᠦ ᠠᠬᠤᠢ ᠳᠤ ᠦᠢᠯᠡᠴᠢᠯᠡᠬᠦ ︽ᠭᠤᠤᠯ ᠬᠦᠴᠦᠨ ᠴᠡᠷᠢᠭ︾ ᠪᠤᠯᠵᠦ ᠪᠠᠶᠢᠭ᠎ᠠ ᠶᠤᠮ᠃ ᠡᠭᠦᠨ ᠳᠤ ᠦᠢ ᠤᠯᠠᠨ ᠲᠠᠷᠢᠶᠠᠴᠢᠨ ᠳᠤ ᠦᠢᠯᠡᠴᠢᠯᠡᠵᠦ ᠪᠠᠶᠢᠭ᠎ᠠ ᠦᠨᠳᠦᠰᠦᠨ ᠱᠠᠳᠦᠨ ᠤ ᠬᠠᠨᠭ᠍ᠭᠠᠨ ᠪᠤᠷᠤᠯᠠᠭᠤᠯᠬᠤ ᠬᠤᠷᠰᠢᠶ᠎ᠠ ᠶᠢᠨ ᠨᠢᠬᠡ ᠪᠤᠯᠬᠤ ᠬᠢᠨᠭ᠍ᠭᠠᠨ ᠠᠶᠢᠮᠠᠭ ᠤᠨ ᠵᠠᠯᠠᠶᠢᠳ ᠬᠤᠰᠢᠭᠤᠨ ᠤ ᠡᠤ ᠵᠢᠶᠠ ᠬᠤ᠋ ᠬᠠᠨᠭ᠍ᠭᠠᠨ ᠪᠤᠷᠤᠯᠠᠭᠤᠯᠬᠤ ᠬᠤᠷᠰᠢᠶ᠎ᠠ ᠶᠢ ᠤᠨᠴᠠᠭᠠᠶᠢᠯᠠᠨ ᠲᠤᠷᠠᠳᠤᠭᠤᠰᠢᠳᠠᠢ ᠪᠠᠶᠢᠨ᠎ᠠ᠃ ᠲᠤᠰ ᠬᠠᠨᠭ᠍ᠭᠠᠨ ᠪᠤᠷᠤᠯᠠᠭᠤᠯᠬᠤ ᠬᠤᠷᠰᠢᠶ᠎ᠠ ᠪᠠᠶᠢᠭᠤᠯᠤᠬᠳᠠᠬᠰᠠᠨ ᠠᠴᠠ ᠨᠠᠭᠠᠰᠢ᠂ ᠤᠯᠠᠨ ᠠᠷᠭ᠎ᠠ ᠪᠠᠷ ᠲᠠᠷᠢᠶᠠᠴᠢᠳ ᠲᠤ ᠰᠠᠶᠢᠳᠦᠷ ᠦᠢᠯᠡᠴᠢᠯᠡᠵᠦ ᠠᠰᠢᠭ ᠬᠦᠷᠳᠡᠭᠡᠭᠰᠡᠨ ᠠᠴᠠ ᠠᠯᠢ ᠤᠯᠠᠨ ᠬᠦᠬᠢᠬᠦᠯᠦᠯ ᠱᠠᠩᠨᠠᠯ ᠬᠦᠷᠳᠡᠭᠰᠡᠨ ᠢᠶᠠᠷ ᠪᠠᠷᠠᠬᠤ ᠦᠬᠡᠢ ᠬᠤᠷᠰᠢᠶ᠎ᠠ ᠶᠢᠨ ᠡᠷᠬᠢᠯᠡᠭᠴᠢ ᠸᠠᠩ ᠴᠦᠨ ᠹᠧᠩ ︽ᠪᠦᠬᠦ ᠤᠯᠤᠰ ᠤᠨ ᠬᠠᠨᠭ᠍ᠭᠠᠨ ᠪᠤᠷᠤᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠬᠦᠳᠡᠯᠮᠦᠷᠢ ᠶᠢᠨ ᠵᠢᠱᠢᠶᠡᠴᠢ︾ ᠶᠢᠨ ᠢᠷᠠᠭᠤ ᠠᠯᠳᠠᠷ ᠢ ᠬᠦᠷᠳᠡᠵᠦ᠂ ᠬᠠᠨᠭ᠍ᠭᠠᠨ ᠪᠤᠷᠤᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠠᠵᠢᠯᠳᠠᠳ ᠤᠨ ᠢᠳᠡᠬᠡᠯ ᠵᠤᠷᠢᠭ ᠢ ᠨᠡᠩ ᠬᠦᠪᠴᠢᠯᠡᠭᠰᠡᠨ ᠪᠢᠯᠡ᠃      ᠪᠢᠳᠡ ᠲᠦᠷᠦᠬᠦᠭᠡᠨ ᠵᠠᠯᠠᠶᠢᠳ ᠬᠤᠰᠢᠭᠤᠨ ᠤ ᠡᠤ ᠵᠢᠶᠠ ᠬᠤ᠋ ᠬᠠᠨᠭ᠍ᠭᠠᠨ ᠪᠤᠷᠤᠯᠠᠭᠤᠯᠬᠤ ᠬᠤᠷᠰᠢᠶ᠎ᠠ ᠳᠤ ᠬᠦᠷᠴᠦ᠂ ᠡᠬᠦᠳᠡᠨ ᠳᠤᠨᠢ ᠡᠯᠬᠦᠬᠡᠰᠦᠳᠡᠢ ᠭᠤᠷᠪᠠᠨ ᠬᠤᠷᠰᠢᠶ᠎ᠠ ᠶᠢᠨ ᠫᠠᠶᠢᠰᠠ ᠪᠠ ᠬᠠᠨ᠎ᠠ ᠲᠦᠬᠦᠷᠡᠩ ᠡᠯᠬᠦᠬᠡᠰᠦᠳᠡᠢ ᠬᠦᠬᠢᠬᠦᠯᠦᠯ ᠦᠨᠡᠮᠯᠡᠯ᠂ ᠲᠠᠯᠠᠷᠬᠠᠯ ᠤᠨ ᠵᠠᠬᠢᠳᠠᠯ ᠵᠡᠷᠭᠡ ᠶᠢ ᠨᠢ ᠬᠠᠷᠠᠭᠠᠳ ᠦᠪᠡᠷ ᠤᠨ ᠡᠷᠬᠡ ᠦᠬᠡᠢ ᠸᠠᠩ ᠴᠦᠨ  ᠹᠧᠩ ᠢ ᠪᠢᠰᠢᠷᠡᠨ ᠬᠦᠨᠳᠦᠳᠭᠡᠭᠰᠡᠨ ᠰᠡᠳᠬᠢᠯᠬᠡ ᠲᠦᠷᠦᠭᠳᠡᠵᠦ ᠪᠢᠯᠡ᠃ ᠡᠤ ᠵᠢᠶᠠ ᠬᠤ᠋ ᠬᠠᠨᠭ᠍ᠭᠠᠨ ᠪᠤᠷᠤᠯᠠᠭᠤᠯᠬᠤ ᠬᠤᠷᠰᠢᠶ᠎ᠠ ᠶᠢᠨ ᠡᠬᠦᠰᠬᠡᠨ ᠪᠠᠶᠢᠭᠤᠯᠤᠬᠴᠢ ᠸᠠᠩ ᠴᠦᠨ ᠹᠧᠩ ᠬᠤᠷᠰᠢᠶ᠎ᠠ ᠪᠠᠨ ᠠᠩᠬ᠎ᠠ ᠪᠠᠶᠢᠭᠤᠯᠤᠬᠰᠠᠨ ᠤᠭ ᠰᠠᠨᠠᠭ᠎ᠠ ᠪᠠᠨ ᠶᠠᠷᠢᠬᠤ ᠳᠠᠭᠠᠨ ᠬᠠᠯᠠᠭᠤᠨ ᠨᠢᠯᠪᠦᠰᠦ ᠠᠰᠬᠠᠷᠠᠭᠤᠯᠵᠠᠢ᠃ 2000 ᠤᠨ ᠤ ᠦᠶᠡᠰ ᠢᠶᠠᠷ᠂ ᠤᠶᠢᠷ᠎ᠠ ᠬᠠᠪᠢ ᠶᠢᠨ ᠲᠠᠷᠢᠶᠠᠴᠢᠳ ᠴᠢᠨᠠᠷ ᠰᠠᠶᠢᠳᠠᠢ ᠪᠦᠭᠡᠳ ᠦᠨ᠎ᠡ ᠬᠠᠨᠭ᠍ᠰᠢ ᠨᠢ ᠲᠤᠬᠢᠷᠠᠮᠵᠢᠳᠠᠢ ᠲᠠᠷᠢᠶᠠᠨ ᠦᠷ᠎ᠠ ᠬᠢᠮᠢ ᠶᠢᠨ ᠪᠤᠷᠳᠤᠭᠤᠷ ᠬᠤᠳᠠᠯᠳᠤᠨ ᠤᠯᠬᠤ ᠳᠤ ᠬᠦᠴᠢᠷᠳᠡᠵᠤ᠂ ᠵᠠᠩ  ᠹᠦ᠋ ᠬᠠᠢ ᠲᠦᠷᠦᠬᠦᠳᠡᠢ ᠬᠡᠳᠦᠨ ᠬᠦᠮᠦᠨ ᠸᠠᠩ ᠴᠦᠨ ᠹᠧᠩ ᠢ ᠡᠷᠢᠵᠦ ᠲᠡᠬᠦᠨ ᠢ ᠲᠠᠷᠢᠶᠠᠨ ᠦᠷ᠎ᠠ᠂ ᠬᠢᠮᠢ ᠶᠢᠨ ᠪᠤᠷᠳᠤᠭᠤᠷ ᠬᠤᠳᠠᠯᠳᠤᠬᠤ ᠬᠤᠷᠰᠢᠶ᠎ᠠ ᠪᠠᠶᠢᠭᠤᠯᠬᠤ ᠶᠢ ᠰᠠᠨᠠᠭᠠᠴᠢᠯᠠᠵᠠᠢ᠃ ᠬᠦᠳᠡᠭᠡ ᠶᠢᠨ ᠠᠷᠠᠳ ᠤᠨ ᠲᠠᠷᠢᠶ᠎ᠠ ᠲᠠᠷᠢᠬᠤ ᠬᠦᠴᠢᠷ ᠵᠤᠪᠠᠯᠠᠩ ᠢ ᠪᠡᠶ᠎ᠡ ᠪᠠᠷ ᠢᠶᠠᠨ ᠦᠡᠭᠭᠡᠷᠡᠬᠦᠯᠦᠭᠰᠡᠨ ᠸᠠᠩ ᠴᠦᠨ  ᠹᠧᠩ ᠦᠪᠡᠷ ᠢᠶᠠᠨ ᠵᠤᠭᠤᠰ ᠭᠠᠷᠭᠠᠨ ᠲᠠᠷᠢᠶᠠᠯᠠᠩ ᠤᠨ ᠬᠤᠷᠰᠢᠶ᠎ᠠ ᠪᠠᠶᠢᠭᠤᠯᠬᠤ ᠳᠤ ᠬᠡᠷᠡᠭᠰᠡᠬᠦ ᠬᠠᠮᠢᠶ᠎ᠠ ᠪᠦᠬᠦᠢ ᠮᠡᠳᠡᠯᠬᠡ ᠮᠡᠷᠬᠡᠵᠢᠯ ᠢ ᠰᠤᠷᠤᠯᠴᠠᠨ᠂ ᠬᠤᠷᠰᠢᠶ᠎ᠠ ᠪᠠᠶᠢᠭᠤᠯᠬᠤ ᠬᠢᠷᠢ ᠬᠡᠮ ᠢᠶᠠᠨ ᠪᠦᠷᠢᠯᠳᠦᠬᠦᠯᠵᠦ᠂ ᠬᠦᠳᠡᠭᠡ ᠶᠢᠨ ᠠᠷᠠᠳ ᠲᠠᠭᠠᠨ ᠦᠨᠡᠨᠬᠦ ᠠᠰᠢᠭ ᠬᠦᠷᠳᠡᠭᠡᠶ᠎ᠡ ᠭᠡᠳ 2011 ᠤᠨ ᠳᠤ ︽ᠵᠠᠯᠠᠶᠢᠳ ᠬᠤᠰᠢᠭᠤᠨ ᠤ ᠠᠷᠠᠳ ᠤᠨ ᠤᠷᠤᠯᠭ᠎ᠠ ᠶᠢ ᠨᠡᠮᠡᠭᠳᠡᠬᠦᠯᠬᠦ ᠲᠠᠷᠢᠶᠠᠯᠠᠩ ᠤᠨ ᠲᠤᠰᠬᠠᠢ ᠬᠤᠷᠰᠢᠶ᠎ᠠ︾ ᠪᠠᠨ ᠪᠠᠶᠢᠭᠤᠯᠵᠦ᠂ 2014 ᠤᠨ ᠪᠠ 2020 ᠤᠨ ᠳᠤ ᠵᠠᠯᠠᠶᠢᠳ ᠬᠤᠰᠢᠭᠤᠨ ᠤ ᠡᠤ ᠵᠢᠶᠠ ᠬᠤ᠋ ᠦᠨᠳᠦᠰᠦᠨ ᠱᠠᠳᠦᠨ ᠤ ᠬᠠᠨᠭ᠍ᠭᠠᠨ ᠪᠤᠷᠤᠯᠠᠭᠤᠯᠬᠤ ᠬᠤᠷᠰᠢᠶ᠎ᠠ ᠪᠠ ᠦᠪᠦᠷ ᠮᠤᠩᠭᠤᠯ ᠤᠨ ᠴᠦᠨ ᠹᠧᠩ ᠲᠠᠷᠢᠶᠠᠯᠠᠩ ᠮᠠᠯ ᠠᠵᠦ ᠠᠬᠤᠢ ᠶᠢᠨ ᠲᠤᠰᠬᠠᠢ ᠬᠤᠷᠰᠢᠶᠠᠵᠢᠯ ᠤᠨ ᠬᠤᠯᠪᠤᠭᠠᠳᠤ ᠬᠤᠷᠰᠢᠶ᠎ᠠ ᠪᠠᠨ ᠪᠠᠶᠢᠭᠤᠯᠵᠠᠢ᠃ ᠲᠡᠷᠡ ᠰᠢᠨᠵᠢᠯᠡᠭᠡ ᠮᠡᠷᠬᠡᠵᠢᠯ ᠢ ᠲᠦᠢᠯ ᠢᠶᠠᠷ ᠴᠢᠬᠤᠯᠠᠴᠢᠯᠠᠨ᠂ ᠤᠳᠤ ᠦᠶ᠎ᠡ ᠶᠢᠨ ᠲᠠᠷᠢᠶᠠᠯᠠᠩ ᠤᠨ ᠦᠢᠯᠡᠰ ᠤᠨ ᠰᠢᠨ᠎ᠡ ᠮᠡᠳᠡᠯᠬᠡ ᠮᠡᠷᠬᠡᠵᠢᠯ ᠢ ᠲᠠᠰᠦᠷᠠᠯᠳᠠ ᠦᠬᠡᠢ ᠰᠤᠷᠤᠯᠴᠠᠵᠦ᠂ ᠮᠠᠯᠴᠢᠨ ᠲᠠᠷᠢᠶᠠᠴᠢᠳ ᠤᠨ ᠠᠰᠢᠭ ᠲᠤᠰᠠ ᠲᠠᠢ ᠨᠢᠬᠳᠠ ᠬᠤᠯᠪᠤᠭᠠᠳᠠᠢ ᠠᠷᠭ᠎ᠠ ᠠᠪᠴᠠᠯ ᠢ ᠲᠠᠰᠦᠷᠠᠯᠳᠠ ᠦᠬᠡᠢ ᠡᠷᠢᠯᠬᠢᠯᠡᠵᠡᠢ᠃ ᠲᠠᠷᠡ ᠲᠠᠷᠢᠶᠠᠯᠠᠩ ᠤᠨ ᠰᠡᠯᠡᠬᠦᠦ ᠴᠠᠭ ᠲᠤ ᠲᠤᠰᠬᠠᠢ ᠮᠡᠷᠬᠡᠵᠢᠯᠳᠡᠨ ᠢ ᠤᠷᠢᠵᠦ ᠲᠠᠷᠢᠶᠠᠴᠢᠳ ᠲᠤ ᠮᠡᠷᠬᠡᠵᠢᠯ ᠤᠨ ᠪᠤᠯᠪᠠᠰᠦᠷᠠᠯ ᠬᠦᠷᠳᠡᠭᠡᠵᠡᠢ᠃ ᠸᠠᠩ ᠴᠦᠨ ᠹᠧᠩ ᠬᠤᠷᠰᠢᠶ᠎ᠠ ᠶᠢᠨ ᠬᠠᠷᠢᠭᠤᠴᠠᠯᠭᠠᠳᠠᠨ ᠪᠤᠯᠤᠬᠰᠠᠨ ᠤ ᠬᠤᠪᠢ ᠳᠤ᠂ ᠠᠷᠪᠠᠭᠠᠳ ᠵᠢᠯ ᠤᠨ ᠲᠤᠷᠰᠢ ᠲᠠᠷᠢᠶᠠᠯᠠᠩ ᠦᠢᠯᠡᠳᠪᠦᠷᠢᠯᠡᠯ ᠳᠤ ᠪᠦᠬᠦ ᠬᠦᠴᠦᠨ ᠢᠶᠠᠷ ᠢᠶᠠᠨ ᠦᠢᠯᠡᠴᠢᠯᠡᠬᠦ ᠪᠠᠷ ᠰᠢᠭᠤᠷᠬᠠᠶᠢᠯᠠᠨ ᠠᠵᠢᠯᠯᠠᠵᠦ᠂ ᠲᠤᠰᠬᠠᠢ ᠮᠡᠷᠬᠡᠵᠢᠯ ᠤᠨ ᠪᠦᠯᠬᠦᠮ ᠵᠤᠬᠢᠶᠠᠨ ᠪᠠᠶᠢᠭᠤᠯᠤᠨ᠂ ᠲᠠᠷᠢᠶᠠᠴᠢᠳ ᠢ ᠬᠠᠪᠰᠦᠷᠦᠨ ᠲᠠᠷᠢᠶᠠᠨ ᠦᠷ᠎ᠡ ᠰᠤᠩᠭᠤᠬᠤ᠂ ᠬᠦᠷᠦᠰᠦ ᠰᠢᠷᠦᠢ ᠶᠢᠨ ᠴᠢᠨᠠᠷ ᠢ ᠪᠠᠶᠢᠴᠠᠭᠠᠬᠤ᠂ ᠬᠤᠷᠤᠬᠠᠢ ᠶᠢᠨ ᠬᠦᠨᠦᠬᠡᠯ ᠢ ᠰᠡᠷᠬᠡᠶᠢᠯᠡᠨ ᠵᠠᠰᠠᠬᠤ ᠵᠡᠷᠭᠡ ᠠᠵᠢᠯ ᠢ ᠦᠷ ᠤᠨ ᠬᠡᠬᠡ ᠲᠠᠢ ᠤᠷᠤᠯᠳᠤᠨ ᠦᠳᠡᠰᠢ ᠶᠢᠨ ᠤᠳᠤ ᠶᠢ ᠲᠤᠭᠠᠯᠠᠳᠠᠯ᠎ᠠ ᠬᠢᠭᠰᠡᠨ ᠤᠳᠠᠭ᠎ᠠ ᠤᠯᠠᠨ ᠪᠤᠢ᠃ ᠸᠠᠩ ᠴᠦᠨ  ᠹᠧᠩ ᠦᠨᠡᠨᠴᠢ ᠢᠳᠡᠬᠡᠮᠵᠢᠳᠡᠢ᠂ ᠬᠠᠯᠠᠭᠤᠨ ᠰᠡᠳᠬᠢᠯ ᠲᠠᠢ ᠪᠤᠯᠬᠤᠷ ᠤᠯᠠᠨ ᠲᠦᠮᠡᠨ ᠤ ᠬᠦᠨᠳᠦᠳᠬᠡᠯ ᠪᠢᠰᠢᠷᠡᠯ ᠢ ᠤᠯᠤᠬᠰᠠᠭᠠᠷ ᠢᠷᠡᠵᠡᠢ᠃ 2018 ᠤᠨ ᠳᠤ᠂ ᠸᠠᠩ ᠴᠦᠨ ᠹᠧᠩ ᠵᠠᠯᠠᠶᠢᠳ ᠬᠤᠰᠢᠭᠤᠨ ᠤ ᠢᠨᠳᠡᠷ ᠪᠠᠯᠭᠠᠰᠦ ᠶᠢᠨ ᠶᠦᠩ ᠠᠨ ᠲᠤᠰᠬᠤᠨ ᠤ ᠰᠢᠤᠢ ᠬᠤᠩ ᠵᠢᠩ ᠬᠡᠳᠡᠭ ᠬᠦᠮᠦᠨ ᠬᠦᠨᠳᠤ ᠡᠪᠡᠳᠴᠢᠨ ᠳᠤ ᠨᠡᠷᠪᠡᠭᠳᠡᠭᠡᠳ᠂ ᠬᠦᠳᠡᠯᠮᠦᠷᠢᠯᠡᠬᠦ ᠴᠢᠳᠠᠪᠦᠷᠢ ᠪᠠᠨ ᠠᠯᠳᠠᠬᠰᠠᠨ ᠢ ᠮᠡᠳᠡᠭᠡᠳ᠂ ᠰᠢᠤᠢ ᠬᠤᠩ ᠵᠢᠩ ᠢ ᠲᠦᠢᠯ ᠢᠶᠠᠷ ᠦᠷᠦ ᠡᠪᠡᠳᠦᠨ᠂ ᠲᠡᠬᠦᠨ ᠢ ᠬᠠᠪᠰᠦᠷᠦᠨ ᠵᠤᠭᠤᠰ ᠮᠦᠡᠭᠬᠦ ᠴᠤᠬᠯᠠᠭᠤᠯᠵᠦ ᠦᠭᠬᠦᠭᠰᠡᠨ ᠪᠦᠭᠡᠳ ᠪᠠᠰᠠ ᠬᠡᠳᠦᠨ ᠵᠢᠯ ᠲᠠᠷᠠᠭᠠᠯᠠᠨ ᠦᠪᠡᠷ ᠤᠨ ᠵᠤᠭᠤᠰ ᠢᠶᠠᠷ ᠢᠶᠠᠨ ᠲᠡᠳᠡᠨ ᠳᠤ ᠢᠳᠡᠬᠦ ᠠᠮᠤ ᠶᠢ ᠨᠢ ᠬᠠᠨᠭ᠍ᠭᠠᠵᠦ ᠦᠭᠴᠡᠢ᠃      ᠸᠠᠩ ᠴᠦᠨ ᠹᠧᠩ 2014 ᠤᠨ ᠳᠤ ᠬᠢᠨᠭ᠍ᠭᠠᠨ ᠠᠶᠢᠮᠠᠭ ᠤᠨ ᠵᠠᠯᠠᠶᠢᠳ ᠬᠤᠰᠢᠭᠤᠨ ᠤ ᠢᠨᠳᠡᠷ ᠪᠠᠯᠭᠠᠰᠦ ᠶᠢᠨ ᠡᠦ ᠵᠢᠶᠠ ᠬᠤ᠋ ᠬᠠᠨᠭ᠍ᠭᠠᠨ ᠪᠤᠷᠤᠯᠠᠭᠤᠯᠬᠤ ᠬᠤᠷᠰᠢᠶ᠎ᠠ ᠶᠢ ᠡᠬᠦᠰᠬᠡᠨ ᠪᠠᠶᠢᠭᠤᠯᠤᠬᠰᠠᠨ ᠠᠴᠠ ᠨᠠᠭᠠᠰᠢ᠂ ᠬᠤᠷᠰᠢᠶ᠎ᠠ ᠶᠢᠨ ᠬᠡᠰᠢᠬᠦᠳ ᠢᠶᠠᠨ ᠲᠠᠶᠢᠴᠢᠯᠠᠨ 3 ᠲᠦᠮᠡᠨ ᠮᠤ᠋ ᠲᠤᠳᠤᠷᠭ᠎ᠠ ᠲᠠᠷᠢᠵᠦ᠂ ᠡᠬᠦᠨ ᠳᠤ᠂ ᠪᠤᠬᠢᠷᠳᠦᠯ ᠦᠬᠡᠢ ᠤᠰᠤᠨ ᠲᠤᠳᠤᠷᠭ᠎ᠠ ᠶᠢᠨ ᠰᠠᠭᠤᠷᠢᠨ ᠭᠠᠵᠠᠷ ᠨᠢ 3000 ᠮᠤ᠋ ᠲᠤᠯᠵᠠᠢ᠃ ᠲᠤᠰ ᠬᠤᠷᠰᠢᠶ᠎ᠠ ᠪᠠᠰᠠ ᠶᠡᠷᠦᠩᠭᠡᠶᠢᠯᠡᠭᠰᠡᠨ ᠦᠢᠯᠡᠴᠢᠯᠡᠬᠡᠨ ᠤ ᠬᠤᠷᠰᠢᠶ᠎ᠠ᠂ ᠲᠠᠷᠢᠶᠠᠴᠢᠳ ᠲᠤ ᠦᠢᠯᠡᠴᠢᠯᠡᠬᠦ ᠲᠦᠪ᠂ ᠬᠠᠨᠭ᠍ᠭᠠᠨ ᠪᠤᠷᠤᠯᠠᠭᠤᠯᠬᠤ ᠴᠢᠯᠦᠬᠡᠳᠦ ᠲᠡᠯᠬᠡᠬᠦᠷ᠂ ᠪᠤᠯᠪᠠᠰᠦᠷᠠᠯ ᠤᠨ ᠰᠠᠭᠤᠷᠢᠨ ᠭᠠᠵᠠᠷ᠂ ᠬᠡᠰᠢᠬᠦᠳ ᠤᠨ ᠬᠡᠷ ᠵᠡᠷᠭᠡ ᠶᠢ ᠲᠤᠬᠢᠷᠠᠭᠤᠯᠵᠠᠢ᠃ ᠤᠳᠤ ᠲᠤᠰ ᠬᠤᠷᠰᠢᠶ᠎ᠠ ᠳᠤ 1000 ᠭᠠᠷᠦᠢ ᠬᠡᠰᠢᠬᠦᠨ ᠲᠠᠢ᠂ ᠲᠠᠷᠢᠶᠠᠯᠠᠩ ᠤᠨ ᠡᠳ᠋ ᠪᠠᠷᠠᠭ᠎ᠠ ᠬᠠᠨᠭ᠍ᠭᠠᠬᠤ᠂ ᠲᠠᠷᠢᠶᠠᠯᠠᠩ ᠤᠨ ᠮᠡᠷᠬᠡᠵᠢᠯ ᠤᠨ ᠵᠢᠯᠤᠭᠤᠳᠤᠯᠭ᠎ᠠ ᠬᠢᠬᠦ᠂ ᠭᠠᠵᠠᠷ ᠰᠢᠷᠦᠢ ᠪᠠᠨ ᠨᠠᠶᠢᠳᠠᠨ ᠬᠠᠮᠢᠶᠠᠷᠤᠭᠤᠯᠬᠤ ᠵᠡᠷᠭᠡ ᠶᠢ ᠬᠢᠷᠢᠨ ᠮᠤᠵᠢ᠂ ᠬᠠᠷᠠᠮᠦ᠋ᠷᠠᠨ ᠮᠤᠵᠢ ᠶᠢᠨ ᠬᠡᠳᠦᠨ ᠰᠢᠶᠠᠨ ᠢ ᠪᠠᠭᠳᠠᠭᠠᠬᠰᠠᠨ ᠤᠶᠢᠷ᠎ᠠ ᠬᠠᠪᠢ ᠶᠢᠨ 9 ᠬᠤᠰᠢᠭᠤ ᠰᠢᠶᠠᠨ ᠬᠤᠳᠠ ᠶᠢᠨ 23 ᠰᠢᠶᠠᠩ ᠪᠠᠯᠭᠠᠰᠦ ᠶᠢᠨ 150 ᠭᠠᠴᠠᠭ᠎ᠠ ᠲᠤᠰᠬᠤᠨ ᠳᠤ ᠪᠦᠷᠬᠦᠭᠦᠯᠵᠦ᠂ ᠨᠡᠶᠢᠬᠡᠮᠴᠢᠯᠡᠭᠰᠡᠨ ᠦᠢᠯᠡᠴᠢᠯᠡᠬᠡᠨ ᠤ ᠲᠠᠯᠠᠪᠠᠢ ᠨᠢ 12 ᠲᠦᠮᠡᠨ  ᠮᠤ᠋ ᠲᠤᠯᠵᠦ᠂ 1.5 ᠲᠦᠮᠡ ᠭᠠᠷᠦᠢ ᠮᠠᠯᠴᠢᠨ ᠲᠠᠷᠢᠶᠠᠴᠢᠨ ᠢ ᠲᠠᠶᠢᠴᠢᠯᠠᠵᠦ᠂ ᠡᠬᠦᠨ ᠳᠤ ᠶᠠᠳᠠᠭᠤ ᠬᠦᠴᠢᠷᠳᠡᠯᠳᠡᠢ 196 ᠬᠦᠮᠦᠨ ᠢ ᠬᠠᠪᠰᠦᠷᠦᠨ ᠲᠡᠳᠬᠦᠵᠦ᠂ ᠬᠠᠪᠰᠦᠷᠦᠨ ᠲᠡᠳᠬᠦᠭᠰᠡᠨ ᠡᠳ᠋ ᠪᠤᠳᠠᠰ ᠵᠢᠴᠢ ᠪᠡᠯᠡ ᠮᠦᠡᠭᠬᠦ ᠨᠢ 50 ᠲᠦᠮᠡᠨ ᠲᠦᠬᠦᠷᠢᠭ ᠲᠤᠯᠵᠠᠢ᠃ ᠡᠦ ᠵᠢᠶᠠ ᠬᠤ᠋ ᠬᠠᠨᠭ᠍ᠭᠠᠨ ᠪᠤᠷᠤᠯᠠᠭᠤᠯᠬᠤ ᠬᠤᠷᠰᠢᠶ᠎ᠠ ︽ᠬᠠᠨᠭ᠍ᠭᠠᠨ ᠪᠤᠷᠤᠯᠠᠭᠤᠯᠬᠤ ᠬᠤᠷᠰᠢᠶ᠎ᠠ + ᠲᠤᠰᠬᠠᠢ ᠬᠤᠷᠰᠢᠶ᠎ᠠ + ᠶᠡᠷᠦᠩᠭᠡᠶᠢᠯᠡᠭᠰᠡᠨ ᠦᠢᠯᠡᠴᠢᠯᠡᠭᠡ ᠶᠢᠨ ᠬᠤᠷᠰᠢᠶ᠎ᠠ + ᠲᠠᠷᠢᠶᠠᠴᠢᠨ ᠡᠷᠦᠬᠡ︾ ᠶᠢᠨ ᠵᠠᠬᠪᠦᠷ ᠶᠤᠰᠤᠭᠠᠷ᠂ ᠲᠠᠷᠢᠶᠠᠯᠠᠩ ᠤᠨ ᠡᠳ᠋ ᠪᠠᠷᠠᠭ᠎ᠠ ᠰᠢᠭᠤᠳ ᠬᠠᠨᠭ᠍ᠭᠠᠬᠤ᠂ ᠭᠠᠵᠠᠷ ᠰᠢᠷᠦᠢ ᠶᠢ ᠨᠠᠶᠢᠳᠠᠨ ᠬᠠᠮᠢᠶᠠᠷᠬᠤ᠂ ᠰᠤᠷᠠᠭ ᠵᠠᠩᠬᠢ ᠨᠡᠶᠢᠳᠡᠯᠡᠬᠦ᠂ ᠭᠠᠵᠠᠷ ᠰᠢᠷᠦᠢ ᠶᠢ ᠬᠢᠨᠠᠨ ᠬᠡᠮᠵᠢᠬᠦ᠂ ᠮᠦᠡᠭᠬᠦᠨ ᠬᠦᠢᠯᠬᠡᠬᠡᠨ ᠤ ᠵᠤᠯᠭᠠᠯᠴᠠᠭ᠎ᠠ ᠬᠢᠬᠦ᠂ ᠲᠠᠷᠢᠶᠠᠯᠠᠩ ᠤᠨ ᠮᠠᠰᠢᠨ ᠤ ᠦᠢᠯᠡᠴᠢᠯᠡᠭᠡ ᠦᠷᠨᠢᠬᠦᠯᠬᠦ᠂ ᠰᠢᠨᠵᠢᠯᠡᠬᠦ ᠤᠬᠠᠭᠠᠨ ᠮᠡᠷᠬᠡᠵᠢᠯ ᠲᠦᠬᠡᠮᠡᠯᠵᠢᠬᠦᠯᠬᠦ᠂ ᠲᠠᠷᠢᠶᠠᠯᠠᠩ ᠤᠨ ᠮᠡᠷᠬᠡᠵᠢᠯ ᠤᠨ ᠪᠤᠯᠪᠠᠰᠦᠷᠠᠯ ᠦᠷᠨᠢᠬᠦᠯᠬᠦ᠂ ᠡᠯᠧᠺᠲᠷᠤᠨ ᠬᠤᠳᠠᠯᠳᠤᠭ᠎ᠠ ᠪᠠᠷ ᠪᠤᠷᠤᠯᠠᠭᠤᠯᠬᠤ ᠵᠡᠷᠭᠡ ᠶᠢ ᠨᠢᠭᠡ ᠴᠤᠬᠴᠠᠵᠢᠭᠤᠯᠤᠬᠰᠠᠨ ᠲᠤᠮᠤ ᠦᠢᠯᠡᠴᠢᠯᠡᠬᠡᠨ ᠤ ᠰᠢᠰᠲ᠋ᠧᠮ ᠢ ᠪᠡᠶᠡᠯᠡᠬᠦᠯᠵᠡᠢ᠃ ᠦᠨᠡᠨᠪᠤᠶᠠᠨ ᠪᠤᠯ ᠵᠠᠯᠠᠶᠢᠳ ᠬᠤᠰᠢᠭᠤᠨ ᠤ ᠢᠨᠳᠡᠷ ᠪᠠᠯᠭᠠᠰᠦ ᠶᠢᠨ ᠲᠤᠸᠠᠨ ᠵᠢᠶᠧ ᠲᠤᠰᠬᠤᠨ ᠤ ᠲᠠᠷᠢᠶᠠᠴᠢᠨ ᠪᠤᠯᠤᠨ᠎ᠠ᠃ ᠲᠡᠷᠡ ᠪᠤᠰᠤᠳ ᠤᠨ ᠲᠠᠨᠢᠯᠴᠠᠭᠤᠯᠭ᠎ᠠ ᠪᠠᠷ 2024 ᠤᠨ ᠤ ᠬᠠᠪᠦᠷ ᠠᠴᠠ ᠡᠬᠢᠯᠡᠨ᠂ ᠡᠤ ᠵᠢᠶᠠ ᠬᠤ᠋ ᠬᠠᠨᠭ᠍ᠭᠠᠨ ᠪᠤᠷᠤᠯᠠᠭᠤᠯᠬᠤ ᠬᠤᠷᠰᠢᠶ᠎ᠠ ᠶᠢᠨ ᠲᠠᠷᠢᠶᠠᠯᠠᠩ ᠤᠨ ᠮᠡᠷᠬᠡᠵᠢᠯᠳᠡᠨ ᠪᠤᠯᠵᠠᠢ᠃ ᠢᠡᠭᠬᠢᠭᠰᠡᠨ ᠠᠴᠠ ᠲᠡᠷᠡ ᠦᠪᠡᠷ ᠤᠨ ᠲᠠᠷᠢᠶᠠᠨ ᠤᠷᠤᠯᠭ᠎ᠠ ᠠᠴᠠ ᠪᠠᠨ ᠭᠠᠳᠠᠨ᠎ᠠ ᠪᠠᠰᠠ ᠨᠢᠬᠡ ᠬᠤᠪᠢ ᠤᠷᠤᠯᠭ᠎ᠠ ᠲᠠᠢ ᠪᠤᠯᠤᠬᠰᠠᠨ ᠪᠠᠶᠢᠨ᠎ᠠ᠃ ᠦᠨᠡᠨᠪᠤᠶᠠᠨ᠄ ︽ᠪᠢ ᠡᠬᠦᠨ ᠠᠴᠠ ᠬᠤᠵᠢᠮ ᠸᠠᠩ ᠴᠦᠨ ᠹᠧᠩ ᠡᠷᠬᠢᠯᠡᠭᠴᠢ ᠶᠢ ᠲᠠᠭᠠᠵᠦ ᠤᠨᠠᠯᠳᠠ ᠪᠠᠨ ᠳᠡᠭᠡᠭᠰᠢᠯᠡᠭᠦᠯᠵᠤ ᠤᠷᠤᠯᠭ᠎ᠠ ᠪᠠᠨ ᠨᠡᠩ ᠨᠡᠮᠡᠭᠳᠡᠬᠦᠯᠦᠶ᠎ᠡ ᠬᠡᠵᠦ ᠪᠤᠳᠦᠵᠦ ᠪᠠᠶᠢᠨ᠎ᠠ︾ ᠬᠡᠵᠦ ᠶᠠᠷᠢᠵᠦ ᠪᠠᠶᠢᠯ᠎ᠠ᠃      2021 ᠤᠨ ᠳᠤ᠂ ᠸᠠᠩ ᠴᠦᠨ ᠹᠧᠩ ᠦᠢᠯᠡᠳᠬᠦᠨ ᠤ ᠪᠤᠷᠤᠯᠠᠭᠤᠯᠭ᠎ᠠ ᠶᠢᠨ ᠵᠠᠮ ᠢᠶᠠᠨ ᠦᠷᠭᠡᠳᠬᠡᠬᠦ ᠶᠢᠨ ᠲᠦᠯᠦᠬᠡ ᠵᠤᠷᠢᠬᠳᠠᠢ ᠪᠠᠷ ᠰᠢᠨ᠎ᠠ ᠶᠢ ᠡᠬᠦᠳᠴᠦ᠂ ᠵᠢᠤ ᠳ᠋ᠢᠶᠠᠨ ᠴᠤᠸᠠᠩ ᠢ ᠵᠠᠭᠤᠴᠢᠯᠠᠭᠤᠷ ᠲᠠᠢ ᠬᠠᠮᠵᠢᠯᠴᠠᠵᠦ᠂ ᠪᠤᠰᠢᠭᠤ ᠭᠠᠷ ᠠᠯᠪᠠᠨ ᠤ ᠲᠠᠪᠴᠠᠩ ᠤᠨ ᠡᠯᠧᠺᠲᠷᠤᠨ ᠬᠤᠳᠠᠯᠳᠤᠭ᠎ᠠ ᠶᠢ ᠵᠠᠯᠠᠶᠢᠳ ᠬᠤᠰᠢᠭᠤᠨ ᠳᠤ ᠤᠷᠢᠵᠦ ᠠᠪᠴᠢᠷᠠᠵᠠᠢ᠃ ᠲᠡᠷᠡ ᠪᠠᠰᠠ ᠪᠤᠳᠠᠳᠤ ᠴᠤᠭᠴᠠ ᠳᠤ ᠦᠨ᠎ᠡ ᠲᠦᠯᠦᠪᠦᠷᠢ ᠦᠬᠡᠢ ᠪᠠᠷ ᠪᠤᠯᠪᠠᠰᠦᠷᠠᠯ ᠬᠦᠷᠳᠡᠬᠡᠬᠦ ᠪᠠᠷ ᠲᠠᠮᠵᠢᠭᠤᠯᠤᠨ ᠲᠠᠷᠢᠶᠠᠯᠠᠩ ᠤᠨ ᠡᠳ᠋ ᠪᠠᠷᠠᠭ᠎ᠠ ᠶᠢᠨ ᠬᠤᠳᠠᠯᠳᠤᠭᠠᠴᠢᠳ ᠲᠤ ᠰᠢᠭᠤᠳ ᠨᠡᠪᠳᠡᠷᠡᠬᠦᠯᠬᠡ ᠪᠠᠷ ᠪᠠᠷᠠᠭ᠎ᠠ ᠬᠤᠳᠠᠯᠳᠤᠬᠤ ᠮᠡᠳᠡᠯᠬᠡ ᠮᠡᠷᠬᠡᠵᠢᠯ ᠢ ᠡᠵᠡᠮᠰᠢᠬᠦᠯᠵᠡᠢ᠃ ᠸᠠᠩ ᠴᠦᠨ ᠹᠧᠩ᠄ ︽ᠡᠬᠦᠨ ᠠᠴᠠ ᠬᠤᠵᠢᠮ ᠦᠷᠬᠦᠯᠵᠢᠯᠡᠨ ᠠᠮᠦ ᠪᠤᠳᠠᠭᠠᠨ ᠤ ᠴᠢᠨᠠᠷ ᠴᠢᠨᠰᠠᠭ᠎ᠠ᠂ ᠠᠮᠦᠷ ᠲᠦᠪᠰᠢᠨ ᠢ ᠪᠠᠳᠦᠯᠠᠨ᠂ ᠭᠠᠵᠠᠷ ᠰᠢᠷᠦᠢ ᠶᠢᠨ ᠦᠨ᠎ᠡ ᠦᠷᠳᠡᠭ ᠢ ᠪᠡᠶᠡᠯᠡᠬᠦᠯᠵᠦ᠂ ᠠᠮᠤ ᠪᠤᠳᠠᠭ᠎ᠠ ᠶᠢ ᠵᠢᠩᠬᠢᠨᠢ ᠦᠨ᠎ᠡ ᠳᠤ ᠬᠦᠷᠬᠡᠨ᠂ ᠲᠠᠷᠢᠶᠠᠴᠢᠳ ᠤᠨ ᠠᠮᠤ ᠪᠤᠳᠠᠭ᠎ᠠ ᠬᠤᠳᠠᠯᠳᠤᠬᠤ ᠬᠦᠴᠢᠷᠳᠡᠯ ᠢ ᠬᠠᠪᠰᠦᠷᠤᠨ ᠰᠶᠢᠳᠪᠦᠷᠢᠯᠡᠨ᠎ᠡ︾ ᠬᠡᠵᠦ ᠢᠳᠡᠬᠡᠯ ᠲᠡᠬᠦᠯᠳᠡᠷ ᠭᠡᠯᠡᠯ᠎ᠡ᠃      ᠸᠠᠩ ᠴᠦᠨ ᠹᠧᠩ 2024 ᠤᠨ ᠳᠤ ︽ᠪᠦᠬᠦ ᠤᠯᠤᠰ ᠤᠨ ᠬᠠᠨᠭ᠍ᠭᠠᠨ ᠪᠤᠷᠤᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠬᠦᠳᠡᠯᠮᠦᠷᠢ ᠶᠢᠨ ᠵᠢᠱᠢᠶᠡᠴᠢ︾᠂ 2023 — 2024 ᠤᠨ ᠤ ᠤᠯᠤᠰ ᠤᠨ ᠲᠡᠰ ᠤᠨ ᠬᠦᠳᠡᠭᠡ ᠲᠤᠰᠬᠤᠨ ᠬᠦᠳᠡᠭᠡ ᠠᠵᠦ ᠠᠬᠤᠢ ᠶᠢᠨ ᠨᠡᠶᠢᠬᠡᠮᠴᠢᠯᠡᠭᠰᠡᠨ ᠦᠢᠯᠡᠴᠢᠯᠡᠭᠡ ᠶᠢᠨ ᠲᠠᠭᠠᠭᠤᠯᠤᠬᠴᠢ ᠶᠢᠨ ᠱᠠᠩᠨᠠᠯ᠂ ᠠᠶᠢᠮᠠᠭ ᠤᠨ ᠬᠦᠳᠡᠯᠮᠦᠷᠢ ᠶᠢᠨ ᠵᠢᠱᠢᠶᠡᠴᠢ᠂ ᠠᠶᠢᠮᠠᠭ ᠤᠨ ᠲᠡᠰ ᠤᠨ ︽ᠰᠢᠶᠤᠤ ᠵᠢᠩ ᠲᠦᠯᠦᠪᠯᠡᠭᠡ︾ ᠶᠢᠨ ᠲᠠᠭᠠᠭᠤᠯᠤᠬᠴᠢ᠂ ᠠᠶᠢᠮᠠᠭ ᠤᠨ ᠲᠡᠰ ᠤᠨ ᠪᠠᠶᠠᠵᠢᠯ ᠤᠨ ᠡᠮᠡᠭᠳᠡᠢ ᠴᠢᠳᠠᠪᠦᠷᠢᠳᠠᠨ᠂ ᠬᠤᠰᠢᠭᠤᠨ ᠲᠡᠰ ᠤᠨ ︽3 · 8 ᠤᠯᠠᠭᠠᠨ ᠲᠤᠬᠴᠢ︾ ᠪᠠᠷ ᠬᠦᠬᠢᠭᠦᠯᠦᠭᠳᠡᠵᠤ᠂ ᠡᠤ ᠵᠢᠶᠠ ᠬᠤ᠋ ᠦᠨᠳᠦᠰᠦᠨ ᠱᠠᠳᠦᠨ ᠤ ᠬᠠᠨᠭ᠍ᠭᠠᠨ ᠪᠤᠷᠤᠯᠠᠭᠤᠯᠬᠤ ᠬᠤᠷᠰᠢᠶ᠎ᠠ ᠨᠢ ᠤᠯᠤᠰ ᠤᠨ ᠲᠡᠰ ᠤᠨ ᠵᠢᠱᠢᠶ᠎ᠡ ᠦᠵᠡᠬᠦᠯᠬᠦ ᠬᠤᠷᠰᠢᠶ᠎ᠠ ᠪᠠ ᠦᠪᠡᠷᠳᠡᠬᠡᠨ ᠵᠠᠰᠠᠬᠤ ᠤᠷᠤᠨ ᠤ ᠲᠡᠰ ᠤᠨ ᠦᠨᠳᠦᠰᠦᠨ ᠱᠠᠳᠦᠨ ᠤ ᠲᠠᠭᠤᠷᠢᠶᠠᠯᠳᠤ ᠬᠤᠷᠰᠢᠶ᠎ᠠ᠂ ︽ᠲᠤᠮᠳᠠᠳᠤ ᠤᠯᠤᠰ ᠤᠨ 3 · 15 ᠦᠨᠡᠨᠴᠢ ᠢᠳᠡᠬᠡᠮᠵᠢᠳᠤ ᠠᠵᠦ ᠠᠬᠤᠶᠢᠯᠠᠯ︾᠂ ᠠᠶᠢᠮᠠᠭ ᠤᠨ ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠲᠦᠷᠢᠮᠵᠢᠭᠰᠡᠨ ᠬᠤᠷᠰᠢᠶ᠎ᠠ᠂ 2023 ᠤᠨ ᠤ ᠴᠢᠨᠠᠷ ᠰᠠᠶᠢᠳᠠᠢ ᠬᠦᠭᠵᠢᠯᠳᠡ ᠶᠢᠨ ᠦᠨᠳᠦᠰᠦᠨ ᠱᠠᠳᠦᠨ ᠤ ᠬᠤᠷᠰᠢᠶ᠎ᠠ᠂ ᠬᠠᠶᠢᠷ᠎ᠠ ᠬᠠᠯᠠᠮᠵᠢᠳᠤ ᠨᠡᠶᠢᠳᠡ ᠶᠢᠨ ᠠᠰᠠᠷᠠᠮᠵᠢ ᠶᠢᠨ ᠬᠤᠳᠠᠯᠳᠤᠭᠠᠴᠢᠨ ᠡᠷᠦᠬᠡ ᠵᠡᠷᠭᠡ ᠢᠷᠠᠭᠤ ᠠᠯᠳᠠᠷ ᠢ ᠬᠦᠷᠳᠡᠵᠡᠢ᠃ ᠡᠳᠡᠭᠡᠷ ᠢᠷᠠᠭᠤ ᠠᠯᠳᠠᠷ ᠨᠢ ᠭᠠᠭᠴᠠ ᠸᠠᠩ ᠴᠦᠨ  ᠹᠧᠩ ᠤᠨ ᠬᠤᠪᠢ ᠬᠦᠮᠦᠨ ᠤ ᠠᠵᠢᠯ ᠢ ᠲᠡᠭᠡᠳᠦ ᠬᠡᠮᠵᠢᠶ᠎ᠡ ᠪᠠᠷ ᠦᠨᠡᠯᠡᠵᠦ ᠪᠠᠶᠢᠭ᠎ᠠ ᠶᠠᠪᠤᠳᠠᠯ ᠪᠢᠰᠢ ᠨᠡᠩ ᠴᠤ ᠵᠠᠯᠠᠶᠢᠳ ᠬᠤᠰᠢᠭᠤᠨ ᠤ ᠬᠠᠨᠭ᠍ᠭᠠᠨ ᠪᠤᠷᠤᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠤᠯᠠᠨ ᠵᠢᠯ ᠤᠨ ᠲᠤᠷᠰᠢᠬᠢ᠂ ︽ᠬᠦᠳᠡᠭᠡ ᠠᠵᠤ ᠠᠬᠤᠢ ᠬᠦᠳᠡᠭᠡ ᠳᠤᠰᠬᠤᠨ ᠲᠠᠷᠢᠶᠠᠴᠢᠳ︾ ᠲᠤ ᠦᠢᠯᠡᠴᠢᠯᠡᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠠᠬᠢᠭᠤᠯᠬᠤ ᠵᠡᠷᠭᠡ ᠲᠠᠯ᠎ᠠ ᠪᠠᠷ ᠬᠢ ᠵᠢᠳᠬᠦᠯ ᠴᠢᠷᠮᠠᠶᠢᠯᠭ᠎ᠠ ᠶᠢ ᠲᠡᠭᠡᠳᠦ ᠬᠡᠮᠵᠢᠶ᠎ᠡ ᠪᠠᠷ ᠦᠨᠡᠯᠡᠭᠰᠡᠨ ᠶᠠᠪᠤᠳᠠᠯ ᠪᠤᠯᠬᠤ ᠶᠤᠮ᠃ ᠡᠨᠡ ᠨᠢ ᠬᠠᠨᠭ᠍ᠭᠠᠨ ᠪᠤᠷᠤᠯᠠᠭᠤᠯᠬᠤ ᠬᠤᠷᠰᠢᠶ᠎ᠠ ᠶᠢᠨ ᠰᠢᠰᠲᠤᠮ ᠤᠨ ᠺᠠᠳ᠋ᠷ ᠠᠵᠢᠯᠳᠠᠨ ᠢ ᠵᠤᠷᠢᠬᠵᠢᠭᠤᠯᠤᠨ᠂ ᠬᠠᠨᠭ᠍ᠭᠠᠨ ᠪᠤᠷᠤᠯᠠᠭᠤᠯᠬᠤ ᠠᠵᠢᠯ ᠦᠢᠯᠡᠰ ᠲᠤ ᠰᠢᠭᠤᠷᠬᠠᠶᠢᠯᠠᠨ ᠠᠵᠢᠯᠯᠠᠵᠦ᠂ ᠶᠡᠷᠦᠩᠭᠡᠶᠢᠯᠡᠭᠰᠡᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ᠂ ᠦᠢᠯᠡᠴᠢᠯᠡᠬᠡᠨ ᠤ ᠬᠡᠪᠴᠢᠶ᠎ᠡ ᠪᠠᠨ ᠦᠷᠭᠡᠳᠬᠡᠬᠦ᠂ ᠬᠦᠢᠯᠬᠡᠬᠡᠨ ᠤ ᠠᠷᠭ᠎ᠠ ᠠᠪᠴᠠᠯ ᠤᠨ ᠰᠢᠨ᠎ᠠ ᠶᠢ ᠡᠬᠦᠳᠬᠦ ᠵᠡᠷᠭᠡ ᠲᠠᠯ᠎ᠠ ᠪᠠᠷ ᠦᠷᠬᠦᠯᠵᠢᠯᠡᠨ ᠴᠢᠷᠮᠠᠶᠢᠵᠦ᠂ ᠬᠦᠳᠡᠭᠡ ᠠᠵᠦ ᠠᠬᠤᠢ ᠬᠦᠳᠡᠭᠡ ᠲᠤᠰᠬᠤᠨ ᠤ ᠤᠳᠤᠬᠢᠴᠢᠯᠠᠯᠳᠠ ᠶᠢ ᠠᠬᠢᠭᠤᠯᠬᠤ᠂ ᠲᠠᠷᠢᠶᠠᠴᠢᠳ ᠢ ᠬᠠᠪᠰᠦᠷᠦᠨ ᠤᠷᠤᠯᠭ᠎ᠠ ᠶᠢ ᠨᠢ ᠨᠡᠮᠡᠭᠳᠡᠬᠦᠯᠬᠦ ᠳᠤ ᠨᠡᠩ ᠶᠡᠭᠡ ᠵᠢᠳᠬᠦᠯ ᠦᠵᠡᠬᠦᠯᠬᠦ ᠨᠢ ᠯᠠᠪᠳᠠᠢ ᠶᠤᠮ᠃      ᠬᠢᠨᠭ᠍ᠭᠠᠨ ᠠᠶᠢᠮᠠᠭ ᠤᠨ ᠬᠠᠨᠭ᠍ᠭᠠᠨ ᠪᠤᠷᠤᠯᠠᠭᠤᠯᠬᠤ ᠬᠤᠷᠰᠢᠶ᠎ᠠ ᠶᠢᠨ ᠨᠠᠮ ᠤᠨ ᠪᠠᠶᠢᠭᠤᠯᠤᠯᠳᠠ ᠶᠢᠨ ᠠᠵᠢᠯᠳᠠᠨ ᠤ ᠶᠠᠪᠤᠳᠠᠯ ᠤᠨ ᠰᠠᠯᠠᠭ᠎ᠠ ᠶᠢᠨ ᠠᠵᠢᠯᠳᠠᠨ ᠴᠤᠯᠮᠤᠨ᠄ ︽ᠸᠠᠩ ᠴᠦᠨ ᠹᠧᠩ ᠨᠦᠬᠦᠷ ᠤᠨ ᠡᠨᠡᠬᠦ ᠢᠷᠠᠭᠤ ᠠᠯᠳᠠᠷ ᠢ ᠬᠦᠷᠳᠡᠭᠰᠡᠨ ᠨᠢ ᠮᠠᠨ ᠤ ᠬᠢᠨᠭ᠍ᠭᠠᠨ ᠠᠶᠢᠮᠠᠭ ᠴᠢᠨᠠᠬᠰᠢᠯᠠᠪᠠᠯ ᠦᠪᠡᠷᠳᠡᠬᠡᠨ ᠵᠠᠰᠬᠤ ᠤᠷᠤᠨ ᠳᠤ ᠴᠤ ᠲᠤᠩ ᠶᠡᠭᠡ ᠦᠡᠭᠭᠡ ᠬᠡᠷᠡᠯ ᠠᠪᠴᠢᠷᠠᠵᠦ ᠦᠭᠴᠡᠢ᠃ ᠡᠬᠦᠨ ᠠᠴᠠ ᠬᠤᠶᠢᠰᠢ ᠲᠡᠬᠦᠨ ᠤ ᠬᠠᠨᠭ᠍ᠭᠠᠨ ᠪᠤᠷᠤᠯᠠᠭᠤᠯᠬᠤ ᠬᠤᠷᠰᠢᠶ᠎ᠠ ᠶᠢᠨ ᠲᠠᠷᠢᠶᠠᠴᠢᠳ ᠲᠤ ᠦᠢᠯᠡᠴᠢᠯᠡᠬᠦ ᠦᠢᠯᠡᠳᠦᠯ ᠢᠶᠠᠨ ᠦᠷᠬᠦᠯᠵᠢᠯᠡᠨ ᠨᠡᠩ ᠰᠠᠶᠢᠨ ᠪᠠᠳᠠᠷᠠᠭᠤᠯᠬᠤ ᠶᠢ ᠬᠦᠰᠡᠵᠦ ᠪᠠᠶᠢᠨ᠎ᠠ ︾ ᠬᠡᠵᠦ ᠰᠤᠷᠪᠤᠯᠵᠢᠯᠠᠬᠴᠢ ᠳᠤ ᠶᠠᠷᠢᠵᠦ ᠪᠠᠶᠢᠯ᠎ᠠ᠃ (ᠡᠤ ᠰᠡᠷᠬᠦᠯᠡᠩ  ᠮᠠᠨ ᠰᠥᠸᠧ   ᠪᠠᠢ ᠮᠦᠷᠡᠨ )
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号