︽ᠪᠦᠯᠬᠦᠮ ᠪᠠᠶᠢᠭᠤᠯᠬᠤ ᠮᠠᠶ᠋ᠢᠭ︾ ᠤᠨ ᠡᠮᠴᠢᠯᠡᠬᠡᠨ ᠤ ᠬᠠᠪᠰᠦᠷᠦᠨ ᠲᠡᠳᠬᠦᠯᠳᠠ ᠪᠠᠷ ᠠᠷᠠᠳ ᠲᠤ ᠠᠰᠢᠭ ᠬᠦᠷᠳᠡᠭᠡᠭᠰᠡᠨ ᠨᠢ
ᠨᠡᠶᠢᠲᠡᠯᠡᠭᠰᠡᠨ ᠴᠠᠭ᠄
2024/12/25
        2024 ᠤᠨ ᠤ 8 ᠰᠠᠷ᠎ᠠ ᠳᠤ᠂ ᠪᠡᠬᠡᠵᠢᠩ ᠦᠪᠦᠷ ᠮᠤᠩᠭᠤᠯ ᠤᠨ ᠬᠠᠮᠵᠢᠯᠴᠠᠭᠠᠨ ᠤ ᠪᠡᠬᠡᠵᠢᠩ ᠬᠤᠳᠠ ᠶᠢᠨ ᠹᠧᠩᠲ᠋ᠠᠢ ᠡᠮᠨᠡᠯᠬᠡ ᠶᠢᠨ ᠬᠤᠷᠢᠶ᠎ᠠ ᠶᠢᠨ ︽ᠪᠦᠯᠬᠦᠮ ᠪᠠᠶᠢᠭᠤᠯᠬᠤ ᠮᠠᠶ᠋ᠢᠭ︾ ᠤᠨ ᠡᠮᠴᠢᠯᠡᠬᠡᠨ ᠤ ᠬᠠᠪᠰᠦᠷᠦᠨ ᠲᠡᠳᠬᠦᠬᠦ ᠬᠤᠶᠠᠳᠤᠭᠠᠷ ᠪᠦᠯᠦᠭ ᠲᠤᠰᠬᠠᠢ ᠮᠡᠷᠬᠡᠵᠢᠯᠳᠡᠨ ᠤ ᠪᠦᠯᠬᠦᠮ ᠤᠨ ᠲᠠᠷᠤᠭ᠎ᠠ ᠶᠠᠨ ᠵᠢᠤᠢ ᠬᠠᠪᠰᠦᠷᠦᠨ ᠲᠡᠳᠬᠦᠬᠦ ᠪᠦᠯᠬᠦᠮ ᠢᠶᠠᠨ ᠲᠠᠭᠠᠭᠤᠯᠤᠨ ᠵᠠᠯᠠᠶᠢᠳ ᠬᠤᠰᠢᠭᠤᠨ ᠤ ᠠᠷᠠᠳ ᠤᠨ ᠡᠮᠨᠡᠯᠬᠡ ᠶᠢᠨ ᠬᠤᠷᠢᠶ᠎ᠠ ᠳᠤ ᠰᠠᠭᠤᠵᠦ᠂ ︽ᠪᠦᠯᠬᠦᠮ ᠪᠠᠶᠢᠭᠤᠯᠬᠤ ᠮᠠᠶ᠋ᠢᠭ︾ ᠤᠨ ᠡᠮᠴᠢᠯᠡᠬᠡᠨ ᠤ ᠴᠢᠳᠠᠪᠦᠷᠢᠳᠠᠨ ᠤ ᠬᠠᠪᠰᠦᠷᠦᠨ ᠲᠡᠳᠬᠦᠬᠦ ᠪᠦᠯᠬᠦᠮ ᠤᠨ ᠲᠠᠪᠠᠭᠤᠯᠢᠭ ᠢᠶᠠᠨ ᠦᠷᠬᠦᠯᠵᠢᠯᠡᠨ ᠪᠠᠳᠠᠷᠠᠭᠤᠯᠵᠦ᠂ ᠵᠠᠯᠠᠶᠢᠳ ᠬᠤᠰᠢᠭᠤᠨ ᠤ ᠡᠮᠴᠢᠯᠡᠬᠡᠨ ᠤ ᠦᠢᠯᠡᠴᠢᠯᠡᠭᠡ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠬᠦ ᠶᠢ ᠦᠷᠬᠦᠯᠵᠢᠯᠡᠨ ᠠᠬᠢᠭᠤᠯᠵᠦ ᠪᠤᠢ᠃      ᠶᠠᠨ ᠵᠢᠤᠢ ᠵᠠᠯᠠᠶᠢᠳ ᠬᠤᠰᠢᠭᠤᠨ ᠤ ᠠᠷᠠᠳ ᠤᠨ ᠡᠮᠨᠡᠯᠬᠡ ᠶᠢᠨ ᠬᠤᠷᠢᠶᠠᠨ ᠳᠤ ᠢᠷᠡᠭᠰᠡᠨ ᠤ ᠲᠠᠷᠠᠭ᠎ᠠ᠂ ᠬᠠᠮᠤᠭ ᠲᠦᠷᠦᠬᠦᠨ ᠳᠤ ᠠᠮᠢᠰᠬᠤᠯ ᠤᠨ ᠰᠠᠯᠠᠭᠠᠨ ᠤ ᠲᠤᠰᠬᠠᠢ ᠮᠡᠷᠬᠡᠵᠢᠯ ᠤᠨ ᠪᠤᠳᠠᠳᠠᠢ ᠪᠠᠶᠢᠳᠠᠯ ᠢ ᠤᠶᠢᠯᠠᠭᠠᠬᠰᠠᠨ ᠪᠦᠭᠡᠳ ᠪᠤᠳᠠᠳᠠᠢ ᠪᠠᠶᠢᠳᠠᠯ ᠢ ᠨᠢ ᠦᠨᠳᠦᠰᠦᠯᠡᠵᠦ ᠪᠤᠯᠤᠯᠴᠠᠭᠠᠳᠤ ᠰᠠᠨᠠᠭᠤᠯᠭ᠎ᠠ ᠪᠠ ᠲᠦᠯᠦᠪᠯᠡᠭᠡ ᠲᠤᠬᠳᠠᠭᠠᠵᠦ ᠦᠭᠴᠡᠢ᠃ ᠲᠡᠷᠡ ᠪᠤᠰᠤᠳ ᠬᠠᠪᠰᠦᠷᠦᠨ ᠲᠡᠳᠬᠦᠬᠦ ᠪᠦᠯᠬᠦᠮ ᠤᠨ ᠬᠡᠰᠢᠬᠦᠳ ᠲᠠᠢ ᠬᠠᠮᠳᠤᠪᠡᠷ ᠡᠮᠨᠡᠯᠬᠡ ᠶᠢᠨ ᠦᠷᠦᠬᠡ ᠶᠢ ᠪᠠᠶᠢᠴᠠᠭᠠᠬᠤ᠂ ᠮᠠᠳᠠᠭ ᠲᠠᠢ ᠡᠪᠡᠳᠴᠢᠨ ᠤ ᠵᠢᠱᠢᠶ᠎ᠡ ᠶᠢ ᠶᠠᠷᠢᠯᠴᠠᠬᠤ ᠵᠢᠴᠢ ᠠᠨᠠᠭᠠᠬᠤ ᠤᠬᠠᠭᠠᠨ ᠤ ᠤᠨᠤᠰᠢᠯᠠᠯᠳᠠ ᠦᠷᠨᠢᠬᠦᠯᠵᠦ᠂ ᠰᠢᠨ᠎ᠡ ᠮᠡᠷᠬᠡᠵᠢᠯ ᠵᠢᠴᠢ ᠰᠢᠯᠢᠳᠡᠭ ᠦᠢᠯᠡᠴᠢᠯᠡᠬᠡᠨ ᠤ ᠤᠨᠤᠯᠵᠢᠬᠤᠨ ᠢ ᠠᠭᠤᠰᠤᠯᠴᠠᠭᠤᠯᠵᠦ᠂ ᠲᠤᠬᠠᠢ ᠶᠢᠨ ᠭᠠᠵᠠᠷ ᠲᠤ ᠰᠢᠯᠢᠳᠡᠭ ᠡᠮᠴᠢᠯᠡᠬᠡᠨ ᠤ ᠴᠢᠳᠠᠪᠦᠷᠢᠳᠠᠨ ᠬᠦᠮᠦᠵᠢᠬᠦᠯᠵᠦ ᠦᠭᠴᠡᠢ᠃      ᠵᠠᠯᠠᠶᠢᠳ ᠬᠤᠰᠢᠭᠤᠨ ᠤ ᠠᠷᠠᠳ ᠤᠨ ᠡᠮᠨᠡᠯᠬᠡ ᠶᠢᠨ ᠬᠤᠷᠢᠶ᠎ᠠ ᠶᠢᠨ ᠠᠮᠢᠰᠬᠤᠯ ᠤᠨ ᠰᠠᠯᠠᠭ᠎ᠠ ᠶᠢᠨ ᠡᠮᠨᠡᠯᠬᠡ ᠳᠤ ᠰᠠᠭᠤᠬᠤ ᠭᠠᠵᠠᠷ ᠤᠨ ᠡᠮᠴᠢ ᠳ᠋ᠠᠢ ᠵᠧᠩ ᠶᠤᠸᠠᠢ᠄ ︽ᠮᠠᠨ ᠤ ᠰᠠᠯᠠᠭᠠᠨ ᠳᠤ ᠠᠪᠴᠦ ᠬᠡᠯᠡᠪᠡᠯ᠂ ᠶᠠᠨ ᠪᠠᠭᠰᠢ ᠪᠢᠳᠡᠨ ᠳᠤ ᠤᠯᠠᠨ ᠲᠦᠷᠢᠮᠵᠢᠭᠰᠡᠨ ᠤᠨᠤᠰᠢᠯᠠᠯᠳᠠ ᠶᠢᠨ ᠮᠡᠷᠬᠡᠵᠢᠯ ᠵᠢᠭᠠᠵᠦ᠂ ᠲᠡᠷᠢᠬᠦᠨ ᠤ ᠡᠮᠴᠢᠯᠡᠬᠡᠨ ᠤ ᠤᠨᠤᠯᠵᠢᠬᠤᠨ ᠢ ᠤᠯᠠᠮᠵᠢᠯᠠᠵᠠᠢ︾ ᠬᠡᠵᠦ ᠶᠠᠷᠢᠵᠦ ᠪᠠᠶᠢᠯ᠎ᠠ᠃      ︽ᠪᠦᠯᠬᠦᠮ ᠪᠠᠶᠢᠭᠤᠯᠬᠤ ᠮᠠᠶ᠋ᠢᠭ︾ ᠤᠨ ᠡᠮᠴᠢᠯᠡᠬᠡᠨ ᠤ ᠬᠠᠪᠰᠦᠷᠦᠨ ᠲᠡᠳᠬᠦᠬᠦ ᠠᠵᠢᠯᠯᠠᠭ᠎ᠠ ᠶᠢ ᠦᠷᠨᠢᠬᠦᠯᠦᠭᠰᠡᠨ ᠠᠴᠠ ᠨᠠᠭᠠᠰᠢ᠂ ᠪᠡᠬᠡᠵᠢᠩ ᠬᠤᠳᠠ ᠶᠢᠨ ᠹᠧᠩᠲ᠋ᠠᠢ ᠡᠮᠴᠢᠯᠡᠬᠡᠨ ᠤ ᠬᠠᠪᠰᠦᠷᠦᠨ ᠲᠡᠳᠬᠦᠬᠦ ᠪᠦᠯᠬᠦᠮ ᠲᠡᠷᠢᠬᠦᠨ ᠤ ᠬᠠᠮᠢᠶᠠᠷᠦᠯᠳᠠ ᠶᠢᠨ ᠤᠨᠤᠯᠵᠢᠬᠤᠨ᠂ ᠰᠢᠯᠢᠳᠡᠭ ᠡᠮᠴᠢᠯᠡᠬᠡᠨ ᠤ ᠮᠡᠷᠬᠡᠵᠢᠯ ᠢᠶᠠᠨ ᠵᠠᠯᠠᠶᠢᠳ ᠬᠤᠰᠢᠭᠤᠨ ᠤ ᠠᠷᠠᠳ ᠲᠦᠮᠡᠨ ᠳᠤ ᠠᠪᠴᠢᠷᠠᠵᠦ ᠦᠭᠴᠡᠢ᠃      ᠤᠳᠤ ᠪᠤᠯᠳᠠᠯ᠎ᠠ᠂ ᠪᠡᠬᠡᠵᠢᠩ ᠬᠤᠳᠠ ᠶᠢᠨ ᠹᠧᠩᠲ᠋ᠠᠢ ᠲᠤᠭᠤᠷᠢᠭ ᠨᠢᠬᠡᠨᠳᠡ 14 ᠨᠡᠷᠡᠰ ᠲᠤᠬᠠᠶᠢᠯᠠᠬᠰᠠᠨ ᠠᠵᠢᠯ ᠤᠨ ᠭᠤᠤᠯᠯᠠᠬᠴᠢ ᠡᠮᠴᠢ ᠶᠢ ᠵᠠᠯᠠᠶᠢᠳ ᠬᠤᠰᠢᠭᠤᠨ ᠳᠤ ᠲᠤᠮᠢᠯᠠᠨ ᠡᠮᠴᠢᠯᠡᠬᠡᠨ ᠤ ᠬᠠᠪᠰᠦᠷᠦᠨ ᠲᠡᠳᠬᠦᠬᠦ ᠠᠵᠢᠯ ᠦᠷᠨᠢᠬᠦᠯᠵᠦ᠂ ᠰᠢᠬᠡᠰᠦ ᠱᠦᠬᠦᠷᠡᠬᠦᠯᠬᠦ᠂ ᠡᠩ ᠤᠨ ᠭᠠᠳᠠᠷ ᠰᠠᠯᠠᠭ᠎ᠠ᠂ ᠬᠢᠳᠡᠳ ᠡᠮᠨᠡᠯᠬᠡ᠂ ᠡᠷᠡᠬᠦᠯᠵᠢᠯ᠂ ᠲᠤᠳᠤᠭᠠᠳᠤ ᠱᠦᠬᠦᠷᠡᠯᠳᠡ᠂ ᠠᠮᠢᠰᠬᠤᠯ ᠤᠨ ᠰᠠᠯᠠᠭ᠎ᠠ᠂ ᠬᠠᠯᠳᠠᠪᠦᠷᠢᠳᠤ ᠴᠢᠨᠠᠷᠳᠠᠢ ᠡᠪᠡᠳᠴᠢᠨ ᠢ ᠵᠠᠰᠠᠬᠤ ᠰᠠᠯᠠᠭ᠎ᠠ ᠵᠡᠷᠭᠡ 13 ᠲᠤᠰᠬᠠᠢ ᠰᠠᠯᠠᠭ᠎ᠠ ᠲᠠᠰᠤᠭ ᠢ ᠪᠠᠭᠳᠠᠭᠠᠵᠦ᠂ ᠨᠡᠶᠢᠳᠡ 32458 ᠬᠦᠮᠦᠨ ︵ᠤᠳᠠᠭ᠎ᠠ︶ ᠡᠮᠴᠢᠯᠡᠭᠡ ᠦᠷᠨᠢᠬᠦᠯᠵᠦ᠂ ᠮᠠᠳᠠᠭ ᠲᠠᠢ ᠡᠪᠡᠳᠴᠢᠨ ᠤ ᠵᠢᠱᠢᠶ᠎ᠡ ᠶᠢ 1193 ᠰᠤᠳᠤᠯᠤᠨ ᠶᠠᠷᠢᠯᠴᠠᠵᠦ᠂ ᠡᠮᠨᠡᠯᠬᠡ ᠳᠤ ᠰᠠᠭᠤᠭ᠎ᠠ ᠡᠪᠡᠳᠴᠢᠳᠡᠨ ᠢ 4221 ᠬᠦᠮᠦᠨ ︵ᠤᠳᠠᠭ᠎ᠠ︶ ᠪᠠᠶᠢᠴᠠᠭᠠᠵᠦ᠂ 1450 ᠤᠳᠠᠭ᠎ᠠ ᠤᠨᠤᠰᠢᠯᠠᠯᠳᠠ ᠬᠢᠵᠦ᠂ 155 ᠳᠤ ᠬᠦᠮᠦᠨ ︵ᠤᠳᠠᠭ᠎ᠠ︶ ᠮᠡᠰᠡ ᠵᠠᠰᠠᠯ ᠬᠢᠵᠡᠢ᠃ ᠬᠠᠪᠰᠦᠷᠦᠨ ᠲᠡᠳᠬᠦᠬᠦ ᠪᠦᠯᠬᠦᠮ ᠤᠨ ᠬᠢᠨ ᠦᠪᠡᠷ ᠤᠨ ᠲᠤᠰᠬᠠᠢ ᠮᠡᠷᠬᠡᠵᠢᠯ ᠤᠨ ᠲᠠᠪᠠᠭᠤᠯᠢᠭ ᠲᠠᠢ ᠪᠠᠨ ᠤᠶᠠᠯᠳᠤᠭᠤᠯᠵᠦ᠂ ᠲᠤᠳᠤᠷ ᠡᠪᠡᠳᠴᠢᠨ ᠤ ᠰᠠᠯᠠᠭ᠎ᠠ᠂ ᠭᠠᠳᠠᠷ ᠡᠪᠡᠳᠴᠢᠨ ᠤ ᠰᠠᠯᠠᠭ᠎ᠠ᠂ ᠠᠨᠠᠭᠠᠬᠤ ᠤᠬᠠᠭᠠᠨ᠂ ᠡᠮᠴᠢᠯᠡᠬᠡᠨ ᠤ ᠮᠡᠷᠬᠡᠵᠢᠯ᠂ ᠡᠬᠦᠳᠡᠨ ᠡᠮᠨᠡᠯᠬᠡ᠂ ᠭᠠᠳᠠᠷ ᠡᠮᠨᠡᠯᠬᠡ ᠵᠡᠷᠭᠡ ᠲᠠᠯ᠎ᠠ ᠪᠠᠷ ᠲᠤᠬᠠᠶᠢᠯᠠᠬᠰᠠᠨ ᠠᠵᠢᠯ ᠤᠨ ᠪᠤᠯᠪᠠᠰᠦᠷᠠᠯ ᠪᠠ ᠬᠢᠴᠢᠶᠡᠯᠯᠡᠭᠡ ᠦᠷᠨᠢᠬᠦᠯᠵᠦ᠂ ᠰᠢᠨ᠎ᠠ ᠮᠡᠷᠬᠡᠵᠢᠯ᠂ ᠰᠢᠨ᠎ᠠ ᠵᠠᠰᠠᠯᠳᠠ ᠶᠢ ᠦᠷᠬᠡᠳᠭᠡᠵᠦ᠂ ᠡᠯ᠎ᠡ ᠲᠦᠷᠦᠯ ᠤᠨ ᠡᠮᠴᠢᠯᠡᠬᠡᠨ ᠤ ᠶᠠᠪᠤᠴᠠ ᠪᠠ ᠲᠦᠷᠢᠮ ᠢ ᠪᠠᠶᠢᠭᠤᠯᠤᠨ ᠲᠡᠬᠦᠯᠳᠡᠷᠵᠢᠬᠦᠯᠵᠦ᠂ ᠲᠤᠬᠠᠢ ᠶᠢᠨ ᠭᠠᠵᠠᠷ ᠤᠨ ᠡᠮᠴᠢᠯᠡᠬᠡᠨ ᠤ ᠠᠵᠢᠯᠳᠠᠳ ᠤᠨ ᠡᠮᠴᠢᠯᠡᠨ ᠤᠨᠤᠰᠢᠯᠠᠬᠤ ᠴᠢᠳᠠᠪᠦᠷᠢ ᠪᠠ ᠬᠢᠷᠢ ᠲᠦᠪᠰᠢᠨ ᠢ ᠤᠯᠠᠮ ᠨᠢᠬᠡ ᠠᠯᠬᠤᠮ ᠲᠡᠭᠡᠭᠰᠢᠯᠡᠬᠦᠯᠵᠡᠢ᠃      ᠪᠡᠬᠡᠵᠢᠩ ᠬᠤᠳᠠ ᠶᠢᠨ ᠹᠧᠩᠲ᠋ᠠᠢ ᠡᠮᠨᠡᠯᠬᠡ ᠶᠢᠨ ᠬᠤᠷᠢᠶ᠎ᠠ ᠶᠢᠨ ᠬᠠᠯᠳᠠᠪᠦᠷᠢᠳᠤ ᠴᠢᠨᠠᠷᠳᠠᠢ ᠡᠪᠡᠳᠴᠢᠨ ᠢ ᠵᠠᠰᠠᠬᠤ ᠰᠠᠯᠠᠭ᠎ᠠ ᠶᠢᠨ ᠡᠷᠬᠢᠯᠡᠭᠴᠢ᠂ ᠵᠠᠯᠠᠶᠢᠳ ᠬᠤᠰᠢᠭᠤᠨ ᠤ ᠠᠷᠠᠳ ᠤᠨ ᠡᠮᠨᠡᠯᠬᠡ ᠶᠢᠨ ᠬᠤᠷᠢᠶᠠᠨ ᠳᠤ ᠲᠤᠰᠢᠶᠠᠯ ᠡᠬᠦᠷᠭᠡᠯᠡᠵᠦ ᠪᠠᠶᠢᠭ᠎ᠠ ᠨᠢᠬᠡᠳᠦᠭᠡᠷ ᠬᠤᠷᠢᠶᠠᠨ ᠲᠠᠷᠤᠭ᠎ᠠ ᠶᠠᠨ ᠵᠢᠤᠢ᠄ ︽ᠪᠢᠳᠡ ᠪᠡᠬᠡᠵᠢᠩ ᠦᠪᠦᠷ ᠮᠤᠩᠭᠤᠯ ᠬᠤᠶᠠᠷ ᠭᠠᠵᠠᠷ ᠤᠨ ᠴᠢᠳᠠᠪᠦᠷᠢᠳᠠᠨ ᠤ ᠰᠤᠯᠢᠯᠴᠠᠭᠠᠨ ᠤ ᠲᠠᠯ᠎ᠠ ᠪᠠᠷ ᠨᠡᠩ ᠤᠯᠠᠨ ᠠᠵᠢᠯ ᠦᠷᠨᠢᠬᠦᠯᠵᠦ᠂ ᠨᠢᠬᠡ ᠲᠠᠯ᠎ᠠ ᠪᠠᠷ ᠵᠠᠯᠠᠶᠢᠳ ᠬᠤᠰᠢᠭᠤᠨ ᠳᠤ ᠴᠢᠳᠠᠪᠦᠷᠢᠳᠠᠨ ᠬᠦᠮᠦᠵᠢᠬᠦᠯᠵᠦ᠂ ᠨᠦᠬᠦᠭᠡ ᠲᠠᠯ᠎ᠠ ᠪᠠᠷ ᠪᠢᠳᠡ ᠵᠠᠯᠠᠶᠢᠳ ᠬᠤᠰᠢᠭᠤᠨ ᠤ ᠡᠮᠨᠡᠯᠬᠡ ᠶᠢᠨ ᠬᠤᠷᠢᠶ᠎ᠠ ᠶᠢᠨ ᠭᠤᠤᠯᠯᠠᠬᠴᠢ ᠡᠮᠴᠢ ᠶᠢ ᠪᠡᠬᠡᠵᠢᠩ ᠬᠤᠳᠠ ᠶᠢᠨ ᠹᠧᠩᠲ᠋ᠠᠢ ᠡᠮᠨᠡᠯᠬᠡ ᠶᠢᠨ ᠬᠤᠷᠢᠶᠠᠨ ᠳᠤ ᠤᠴᠢᠭᠤᠯᠵᠦ ᠰᠤᠷᠤᠯᠴᠠᠭᠤᠯᠵᠠᠢ᠃ ᠡᠬᠦᠨ ᠤ ᠬᠠᠮᠳᠤ᠂ ᠪᠢᠳᠡ ᠪᠠᠰᠠ ᠡᠮᠴᠢᠯᠡᠬᠡᠨ ᠤ ᠬᠠᠮᠳᠤ ᠶᠢᠨ ᠴᠤᠬᠴᠠ ᠳᠤ ᠲᠦᠰᠢᠭᠯᠡᠨ᠂ ᠰᠢᠯᠢᠳᠡᠭ ᠡᠮᠴᠢᠯᠡᠬᠡᠨ ᠤ ᠡᠬᠢ ᠪᠠᠶᠠᠯᠢᠭ ᠢ ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠲᠠᠰᠤᠭ ᠲᠤ ᠪᠠᠭᠤᠯᠭᠠᠵᠦ᠂ ︿ᠬᠦᠡᠭᠭᠡᠨ ᠡᠪᠡᠳᠴᠢᠳᠡᠨ ᠤ ᠡᠪᠡᠳᠴᠢᠨ ᠢ ᠲᠤᠰᠬᠤᠨ ᠳᠠᠭᠠᠨ ᠵᠠᠰᠠᠵᠦ᠂ ᠦᠷᠬᠦᠯᠵᠢ ᠲᠤᠬᠢᠶᠠᠯᠳᠤᠬᠤ ᠡᠪᠡᠳᠴᠢᠳᠡᠨ ᠢ ᠰᠤᠮᠤ ᠪᠠᠯᠭᠠᠰᠦᠨ ᠳᠤ ᠵᠠᠰᠠᠵᠦ᠂ ᠬᠦᠨᠳᠤ ᠡᠪᠡᠳᠴᠢᠳᠡᠨ ᠢ ᠬᠤᠰᠢᠭᠤ ᠰᠢᠶᠠᠨ ᠳᠤ ᠵᠠᠰᠠᠬᠤ︾ ᠤᠨᠤᠰᠢᠯᠠᠯᠳᠠ ᠶᠢᠨ ᠬᠠᠷᠠᠯᠳᠠ ᠶᠢ ᠦᠨᠡᠨᠬᠦ ᠪᠡᠶᠡᠯᠡᠬᠦᠯᠬᠦ ᠪᠠᠷ ᠬᠦᠴᠦᠯᠡᠵᠦ ᠪᠤᠢ︾ ᠬᠡᠵᠦ ᠶᠠᠷᠢᠵᠦ ᠪᠠᠶᠢᠯ᠎ᠠ
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号