ᠤᠶᠢᠷ᠎ᠠ ᠶᠢᠨ ᠡᠳᠦᠷ᠂ ᠵᠠᠯᠠᠶᠢᠳ ᠬᠤᠰᠢᠭᠤᠨ ᠤ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ ᠪᠠᠶᠠᠬᠤᠯᠠᠭᠠᠨ | ᠳᠤᠳᠤᠭᠠᠳᠦ ᠶᠢ ᠬᠠᠮᠠᠭᠠᠯᠠᠬᠤ ᠰᠠᠯᠪᠤᠷᠢ ᠬᠠᠷᠢᠶᠠᠳᠦ ᠤᠷᠤᠨ ᠤ ᠭᠠᠴᠠᠭ᠎ᠠ ᠳᠤᠰᠬᠤᠨ ᠢᠶᠠᠷ ᠬᠦᠨᠵᠡᠭᠡᠶᠢᠷᠡᠨ ᠵᠦᠷᠢᠴᠡᠯ | ᠵᠢᠭᠤᠷᠠᠯᠳᠤᠭᠠᠨ ᠢ ᠵᠢᠬᠰᠠᠭᠠᠨ ᠪᠠᠶᠢᠴᠠᠭᠠᠵᠦ ᠰᠶᠢᠳᠪᠦᠷᠢᠯᠡᠬᠦ ᠶᠢᠨ ᠳᠠᠭᠠᠤ ᠡᠷᠦᠭᠡ ᠳᠠᠷᠠᠭᠠᠯᠠᠨ ᠤᠯᠠᠨ ᠲᠦᠮᠡᠨ ᠳᠤ | ᠡᠯ᠎ᠠ ᠲᠦᠷᠦᠯ ᠤᠨ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠳᠠᠶᠢᠯᠪᠤᠷᠢᠯᠠᠪᠠ᠃ | ︽ᠮᠠᠨ ᠤ ᠰᠠᠯᠪᠤᠷᠢ ᠴᠠᠬᠳᠠᠭ᠎ᠠ ᠠᠷᠠᠳ ᠬᠤᠯᠪᠤᠯᠴᠠᠨ ᠬᠦᠳᠡᠯᠤᠯᠴᠡᠬᠦ ᠳᠤᠬᠳᠠᠴᠠ ᠶᠢ ᠭᠡᠷᠡᠭᠵᠢᠬᠦᠯᠤᠨ᠂ ᠤᠯᠠᠨ | ᠲᠦᠮᠡᠨ ᠤ ᠬᠦᠴᠦᠨ ᠢ ᠨᠡᠶᠢᠭᠡᠮ ᠤᠨ ᠵᠠᠰᠠᠯᠳᠠ ᠳᠤ ᠤᠷᠤᠭᠤᠯᠵᠦ ᠪᠠᠶᠢᠭ᠎ᠠ ᠶᠤᠮ᠃ ᠤᠳᠤᠬᠠᠨ᠂ ᠪᠦᠬᠦ ᠰᠤᠮᠤᠨ ᠤ | 12 ᠭᠠᠴᠠᠭ᠎ᠠ ᠳᠤᠰᠬᠤᠨ ︵ᠨᠡᠶᠢᠭᠡᠮ ᠳᠤᠭᠤᠷᠢᠬ︶ 44 ᠠᠶᠢᠯ ᠳᠤ ᠳᠤᠤᠷᠵᠢᠭᠤᠯᠤᠬᠴᠢ ᠶᠢ ᠳᠤᠬᠢᠷᠠᠭᠤᠯᠤᠨ᠂ | ᠨᠢᠭᠡ ᠴᠠᠬᠳᠠᠭ᠎ᠠ ᠨᠢᠭᠡ ᠳᠤᠰᠬᠤᠨ ᠢ ᠬᠠᠷᠢᠭᠤᠴᠠᠬᠤ ᠶᠢ ᠪᠡᠶᠡᠯᠡᠬᠦᠯᠵᠠᠢ︾ ᠭᠡᠵᠦ ᠪᠠᠶᠠᠬᠤᠯᠠᠭᠠᠨ ᠳᠤᠳᠤᠭᠠᠳᠦ ᠶᠢ | ᠬᠠᠮᠠᠭᠠᠯᠠᠬᠤ ᠰᠠᠯᠪᠤᠷᠢ ᠶᠢᠨ ᠵᠢᠭᠠᠨ ᠵᠢᠯᠤᠭᠤᠳᠤᠬᠴᠢ ᠶᠢᠨ ᠶᠤᠤ ᠺᠦᠨ ᠲᠠᠨᠢᠯᠴᠠᠭᠤᠯᠵᠠᠢ᠃ | ᠤᠶᠢᠷ᠎ᠠ ᠶᠢᠨ ᠵᠢᠯ ᠠᠴᠠ ᠨᠠᠭᠠᠰᠢ᠂ ᠵᠠᠯᠠᠶᠢᠳ ᠬᠤᠰᠢᠭᠤᠨ ᠤ ᠳᠤᠳᠤᠭᠠᠳᠦ ᠶᠢ ᠬᠠᠮᠠᠭᠠᠯᠠᠬᠤ ᠳᠤᠪᠴᠢᠶᠠᠨ ᠠᠴᠠ | ᠳᠤᠤᠷᠵᠢᠭᠤᠯᠤᠬᠴᠢ ᠶᠢᠨ ᠦᠨᠳᠦᠰᠤᠨ ᠱᠠᠳᠤᠨ ᠤ ᠵᠠᠰᠠᠯᠳᠠ ᠳᠠᠬᠢ ᠦᠢᠯᠡᠴᠢᠯᠡᠭᠡ ᠬᠠᠮᠢᠶᠠᠷᠤᠯᠳᠠ ᠶᠢ ᠳᠤᠪᠤᠶᠢᠯᠭᠠᠨ᠂ | ᠨᠡᠶᠢᠭᠡᠮ ᠤᠨ ᠵᠠᠰᠠᠯᠳᠠ ᠶᠢᠨ ᠰᠢᠰᠲ᠋ᠧᠮᠵᠢᠬᠦᠯᠤᠯᠳᠠ᠂ ᠬᠠᠤᠯᠢᠵᠢᠭᠤᠯᠤᠯᠳᠠ᠂ ᠤᠶᠤᠨᠴᠢᠯᠠᠯᠳᠠ ᠶᠢᠨ ᠬᠢᠷᠢ ᠲᠦᠪᠰᠢᠨ ᠢ | ᠳᠡᠭᠡᠭᠰᠢᠯᠡᠬᠦᠯᠦᠭᠰᠡᠨ ᠪᠠᠶᠢᠨ᠎ᠠ᠃ | ︽ᠭᠠᠴᠠᠭ᠎ᠠ ᠳᠤᠰᠬᠤᠨ ᠢᠶᠠᠷ ᠠᠷᠠᠳ ᠤᠨ ᠴᠠᠬᠳᠠᠭ᠎ᠠ ᠪᠤᠯᠤᠨ ᠳᠤᠤᠷᠵᠢᠭᠤᠯᠤᠬᠴᠢ ᠶᠢᠨ ᠠᠶᠢᠯ ᠡᠷᠤᠭᠡ ᠪᠠᠷ | ᠬᠦᠨᠵᠡᠭᠡᠶᠢᠷᠡᠵᠤ ᠪᠠᠶᠢᠭ᠎ᠠ ᠠᠷᠤ ᠶᠢᠨ ᠪᠠᠷ᠎ᠠ ᠵᠦᠡᠭᠳᠡᠭᠡᠨ ᠬᠠᠷᠠᠬᠳᠠᠳᠠᠬ᠂ ᠳᠡᠳᠡᠨᠠᠷ ᠬᠠᠮᠳᠤᠷᠠᠨ ᠡᠷᠦᠭᠡ ᠪᠠᠷ | ᠰᠤᠷᠪᠤᠯᠵᠢᠯᠠᠨ ᠵᠦᠷᠢᠴᠡᠯ ᠵᠢᠭᠤᠷᠠᠯᠳᠤᠭᠠᠨ ᠰᠶᠢᠳᠪᠦᠷᠢᠯᠡᠬᠦ᠂ ᠠᠮᠤᠷ ᠲᠦᠪᠰᠢᠨ ᠤ ᠳᠤᠭᠤᠷᠢᠨ ᠪᠠᠶᠢᠴᠠᠭᠠᠯᠳᠠ ᠬᠢᠬᠦ᠂ | ᠠᠮᠤᠷ ᠲᠦᠪᠰᠢᠨ ᠤ ᠤᠬᠠᠭᠤᠯᠭ᠎ᠠ ᠬᠢᠬᠦ᠂ ᠠᠶᠤᠯ ᠲᠦᠭᠰᠢᠬᠦᠷᠢ ᠶᠢᠨ ᠭᠡᠮ ᠰᠤᠭᠤᠬ ᠢ ᠠᠷᠢᠯᠭᠠᠵᠦ ᠶᠠᠪᠤᠳᠠᠬ ᠁ | ︾ ᠭᠡᠵᠦ ᠪᠠᠶᠠᠬᠤᠯᠠᠭᠠᠨ ᠰᠤᠮᠤ ᠶᠢᠨ ᠨᠡᠷᠡᠳᠦ ᠭᠠᠴᠠᠭ᠎ᠠ ᠶᠢᠨ ᠨᠢᠭᠡᠨ ᠨᠠᠶᠠ ᠭᠠᠷᠤᠬᠰᠠᠨ ᠰᠠᠭᠤᠭᠠᠯᠢ ᠠᠷᠠᠳ ᠶᠠᠷᠢᠯ᠎ᠠ᠃ | | ᠮᠠᠯᠵᠢᠬᠤ ᠤᠷᠤᠨ ᠢᠶᠠᠷ᠂ ᠰᠦᠷᠦᠭ ᠲᠠᠢ ᠬᠤᠨᠢ ᠮᠠᠯ ᠨᠡᠶᠢᠯᠡᠭᠰᠡᠨ ᠪᠤᠶᠤ ᠮᠠᠯ ᠤᠨᠤᠭ᠎ᠠ ᠪᠠᠨ ᠭᠡᠭᠡᠭᠰᠡᠨ ᠠᠴᠠ | ᠪᠤᠯᠵᠦ᠂ ᠬᠦᠷᠰᠢ ᠵᠡᠷᠭᠡᠯᠡᠳᠡᠭᠡ ᠶᠢᠨ ᠬᠤᠭᠤᠷᠤᠨᠳᠤᠬᠢ ᠬᠠᠷᠢᠴᠠᠭ᠎ᠠ ᠶᠢ ᠨᠦᠯᠦᠭᠡᠯᠡᠵᠦ ᠪᠠᠶᠢᠳᠠᠬ᠃ ᠡᠨᠡᠬᠦ ᠪᠠᠶᠢᠳᠡᠯ ᠳᠤ | ᠴᠢᠭᠯᠡᠬᠦᠯᠤᠨ ᠵᠠᠯᠠᠶᠢᠳ ᠬᠤᠰᠢᠭᠤᠨ ᠤ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ ᠪᠤᠯᠭᠠᠨᠬᠤᠸᠠ ᠳᠤᠳᠤᠭᠠᠳᠦ ᠶᠢ | ᠬᠠᠮᠠᠭᠠᠯᠠᠬᠤ ᠰᠠᠯᠪᠤᠷᠢ ᠳᠤᠬᠠᠢ ᠶᠢᠨ ᠭᠠᠵᠠᠷ ᠤᠨ ᠪᠠᠶᠢᠳᠡᠯ ᠲᠠᠢ ᠪᠠᠨ ᠤᠶᠠᠯᠳᠤᠭᠤᠯᠤᠨ ︽ᠬᠤᠨᠢᠨ ᠰᠦᠷᠦᠭ ᠢ | ᠡᠷᠦᠭᠡ ᠠᠮᠠ ᠶᠢᠨ ᠳᠠᠩᠰᠠᠵᠢᠭᠤᠯᠬᠤ︾ ᠬᠠᠮᠢᠶᠠᠷᠤᠯᠳᠠ ᠶᠢᠨ ᠠᠷᠭ᠎ᠠ ᠶᠢ ᠭᠡᠷᠡᠭᠵᠢᠬᠦᠯᠵᠦ᠂ ᠡᠷᠦᠭᠡ ᠪᠤᠯᠭᠠᠨ ᠤ | ᠬᠤᠨᠢᠨ ᠳᠤ ᠳᠡᠮᠳᠡᠭ ᠬᠢᠯᠭᠡᠵᠦ᠂ ᠢᠯᠭᠠᠨ ᠳᠤᠳᠤᠯᠠᠬᠤ ᠳᠤ ᠠᠮᠠᠷᠬᠠᠨ ᠪᠤᠯᠭᠠᠪᠠ᠃ | ᠵᠠᠯᠠᠶᠢᠳ ᠬᠤᠰᠢᠭᠤᠨ ᠤ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ︽ᠤᠷᠢᠳᠴᠢᠯᠡᠨ ᠰᠡᠷᠡᠮᠵᠢᠯᠡᠬᠦᠯᠬᠦ ᠶᠢ | ᠳᠡᠷᠢᠬᠦᠨ ᠳᠤ ᠳᠠᠯᠪᠢᠬᠤ᠂ ᠴᠠᠬ ᠳᠤᠬᠠᠢ ᠳᠤᠨᠢ ᠰᠶᠢᠳᠪᠦᠷᠢᠯᠡᠬᠦ᠂ ᠳᠤᠬᠠᠢ ᠶᠢᠨ ᠭᠠᠵᠠᠷ ᠲᠤᠨᠢ ᠰᠶᠢᠳᠪᠦᠷᠢᠯᠡᠬᠦ︾ | ᠠᠵᠢᠯ ᠤᠨ ᠤᠶᠢᠯᠠᠭᠠᠬᠳᠠᠬᠤᠨ ᠢ ᠪᠠᠷᠢᠮᠳᠠᠯᠠᠨ᠂ ᠡᠯ᠎ᠠ ᠰᠤᠮᠤ ᠰᠢᠶᠠᠩ ᠪᠠᠯᠭᠠᠰᠤ ᠪᠠ ᠭᠠᠴᠠᠭ᠎ᠠ ᠳᠤᠰᠬᠤᠨ ᠳᠤ | ᠴᠠᠬᠳᠠᠭᠠᠨ ᠤ ᠶᠠᠪᠤᠳᠠᠯ ᠤᠨ ᠳᠠᠰᠤᠬ ᠪᠠᠶᠢᠭᠤᠯᠵᠦ᠂ ᠳᠠᠭᠠᠭᠠᠴᠢᠯᠡᠨ ᠬᠠᠮᠢᠶᠠᠷᠬᠤ ᠴᠠᠬᠳᠠᠭ᠎ᠠ ᠳᠤᠬᠢᠷᠠᠭᠤᠯᠤᠨ᠂ | ᠤᠬᠠᠭᠤᠯᠭ᠎ᠠ᠂ ᠦᠢᠯᠡᠴᠢᠯᠡᠭᠡ᠂ ᠬᠠᠮᠢᠶᠠᠷᠤᠯᠳᠠ᠂ ᠪᠠᠶᠢᠴᠠᠭᠠᠯᠳᠠ ᠶᠢᠨ ᠠᠵᠢᠯ ᠢ ᠦᠷᠬᠦᠯᠵᠢᠳᠡ ᠶᠢᠨ ᠴᠢᠨᠠᠷ ᠲᠠᠢ | ᠦᠷᠨᠢᠬᠦᠯᠵᠦ᠂ ︽ᠪᠠᠭ᠎ᠠ ᠭᠡᠷᠡᠭ ᠶᠠᠪᠤᠳᠠᠯ ᠢ ᠭᠠᠴᠠᠭ᠎ᠠ ᠳᠤᠰᠬᠤᠨ ᠠᠴᠠ ᠭᠠᠷᠭᠠᠬᠤ ᠦᠭᠡᠢ᠂ ᠶᠡᠭᠡ ᠭᠡᠷᠡᠭ ᠶᠠᠪᠤᠳᠠᠯ ᠢ | ᠰᠤᠮᠤ ᠪᠠᠯᠭᠠᠰᠤᠨ ᠠᠴᠠ ᠭᠠᠷᠭᠠᠬᠤ ᠦᠭᠡᠢ᠂ ᠵᠦᠷᠢᠴᠡᠯ ᠢ ᠳᠡᠭᠡᠭᠰᠢ ᠳᠤᠰᠢᠶᠠᠬᠤ ᠦᠭᠡᠢ︾ ᠪᠠᠶᠢᠬᠤ ᠶᠢ ᠦᠨᠡᠨᠬᠦ | ᠪᠡᠶᠡᠯᠡᠬᠦᠯᠵᠠᠢ᠃ | ᠤᠶᠢᠯᠠᠭᠠᠬᠰᠠᠨ ᠢᠶᠠᠷ᠂ ᠡᠨᠡ ᠵᠢᠯ ᠵᠠᠯᠠᠶᠢᠳ ᠬᠤᠰᠢᠭᠤᠨ ᠤ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ | ᠠᠷᠠᠳ ᠤᠨ ᠴᠠᠬᠳᠠᠭ᠎ᠠ ᠡᠷᠦᠭᠡ ᠪᠠᠷ 64206 ᠤᠳᠠᠭ᠎ᠠ ᠰᠤᠷᠪᠤᠯᠵᠢᠯᠠᠵᠦ᠂ ᠵᠦᠷᠢᠴᠡᠯ ᠵᠢᠭᠤᠷᠠᠯᠳᠤᠭᠠᠨ ᠢ 845 | ᠰᠶᠢᠳᠪᠦᠷᠢᠯᠡᠵᠦ᠂ ᠦᠨᠡᠮᠯᠡᠯ ᠢ 6573 ᠤᠳᠠᠭ᠎ᠠ ᠬᠦᠢᠴᠡᠳᠭᠡᠵᠦ᠂ ᠭᠤᠤᠯᠳᠠᠯᠭ᠎ᠠ ᠲᠠᠢ ᠳᠠᠯᠠᠪᠤᠷ ᠭᠠᠵᠠᠷ ᠢ 1863 | ᠤᠳᠠᠭ᠎ᠠ ᠴᠡᠭᠴᠡᠯᠡᠵᠦ᠂ ᠰᠤᠷᠭᠠᠭᠤᠯᠢ ᠪᠠᠷ ᠬᠦᠷᠴᠦ 63 ᠤᠳᠠᠭ᠎ᠠ ᠬᠠᠤᠯᠢᠵᠢᠯ ᠤᠨ ᠬᠢᠴᠢᠶᠡᠯ ᠤᠷᠤᠵᠦ᠂ ᠤᠯᠠᠨ | ᠲᠦᠮᠡᠨ ᠤ ᠬᠠᠨᠤᠮᠵᠢ ᠶᠢᠨ ᠭᠡᠮᠵᠢᠶ᠎ᠠ 98% ᠳᠤ ᠬᠦᠷᠦᠭᠰᠡᠨ ᠪᠠᠶᠢᠨ᠎ᠠ᠃ | | | |