︽ᠬᠢᠩᠭᠠᠨ ᠠᠶᠢᠮᠠᠭ ᠤᠨ ᠬᠢᠮᠢ ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠢ ᠦᠨᠡᠮᠰᠢᠬᠦ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠥᠷᠢᠮ︾ ᠢ ᠳᠠᠷᠤᠮᠠᠯᠯᠠᠨ ᠶᠠᠪᠤᠭᠤᠯᠬᠤ ᠲᠤᠬᠠᠶ ᠵᠠᠬᠢᠳᠠᠯ
ᠨᠡᠶᠢᠲᠡᠯᠡᠭᠰᠡᠨ ᠴᠠᠭ᠄
2024/12/31
     ︽ᠬᠢᠩᠭᠠᠨ ᠠᠶᠢᠮᠠᠭ ᠤᠨ ᠬᠢᠮᠢ ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠢ ᠦᠨᠡᠮᠰᠢᠬᠦ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠥᠷᠢᠮ︾ ᠢ ᠳᠠᠷᠤᠮᠠᠯᠯᠠᠨ ᠶᠠᠪᠤᠭᠤᠯᠬᠤ ᠲᠤᠬᠠᠶ ᠵᠠᠬᠢᠳᠠᠯ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄        ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠠᠴᠠ ᠭᠠᠳᠠᠨᠠᠬᠢ ᠠᠵᠤ ᠠᠬᠤᠶᠢᠯᠠᠯ ᠤᠨ ᠬᠥᠭᠵᠢᠯᠲᠡ ᠶᠢ ᠵᠢᠷᠤᠮᠵᠢᠭᠤᠯᠵᠤ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠮᠥᠨ ᠴᠢᠨᠠᠷ ᠤᠨ ᠠᠮᠤᠷ ᠲᠦᠪᠰᠢᠨ ᠪᠠ ᠪᠣᠬᠢᠷᠲᠤᠯ ᠥᠬᠡᠶ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠠᠶᠢᠮᠠᠭ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽ᠬᠢᠩᠭᠠᠨ ᠠᠶᠢᠮᠠᠭ ᠤᠨ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃        ᠳᠠᠭᠠᠯᠳᠤᠭᠤᠯᠤᠯ᠄ ᠬᠢᠩᠭᠠᠨ ᠠᠶᠢᠮᠠᠭ ᠤᠨ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠢ ᠦᠨᠡᠮᠰᠢᠬᠦ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ               ᠬᠢᠩᠭᠠᠨ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠢᠩᠭᠠᠨ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ               ᠬᠢᠩᠭᠠᠨ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ               ᠬᠢᠩᠭᠠᠨ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ               ᠬᠢᠩᠭᠠᠨ ᠠᠶᠢᠮᠠᠭ ᠤᠨ ᠵᠠᠮ ᠲᠡᠭᠡᠭᠡᠪᠦᠷᠢ ᠶᠢᠨ ᠲᠣᠪᠴᠢᠶ᠎ᠠ ᠬᠢᠩᠭᠠᠨ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠢᠩᠭᠠᠨ ᠠᠶᠢᠮᠠᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ               2024 ᠣᠨ ᠤ 6 ᠰᠠᠷ᠎ᠠ ᠶᠢᠨ 24  ᠤ ᠡᠳᠣᠷ       ᠳᠠᠭᠠᠯᠳᠤᠭᠤᠯᠤᠯ        ᠬᠢᠩᠭᠠᠨ ᠠᠶᠢᠮᠠᠭ ᠤᠨ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠢ ᠦᠨᠡᠮᠰᠢᠬᠦ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ᠨᠢᠭᠡᠳᠦᠭᠡᠷ ᠪᠦᠯᠦᠭ ᠵᠡᠷᠦᠩᠬᠡᠶ ᠲᠦᠷᠢᠮ        ᠨᠢᠭᠡᠳᠦᠭᠡᠷ ᠵᠦᠢᠯ ᠮᠠᠨ ᠤ ᠠᠶᠢᠮᠠᠭ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠠᠮᠤᠷ ᠲᠦᠪᠰᠢᠨ ᠪᠠ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠯᠡᠵᠦ᠂ ᠭᠤᠤᠯᠳᠠᠯᠭ᠎ᠠ ᠲᠠᠢ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠢᠨᠠᠨ ᠡᠵᠡᠮᠳᠡᠬᠦ ᠬᠠᠮᠢᠶᠠᠷᠤᠯᠲᠠ ᠶᠢ ᠴᠢᠩᠭᠠᠷᠠᠭᠤᠯᠤᠨ᠂ ᠮᠠᠨ ᠤ ᠠᠶᠢᠮᠠᠭ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠮᠥᠨ ᠴᠢᠨᠠᠷ ᠤᠨ ᠠᠮᠤᠷ ᠲᠦᠪᠰᠢᠨ ᠪᠠ ᠪᠣᠬᠢᠷᠲᠤᠯ ᠥᠬᠡᠶ ᠬᠥᠭᠵᠢᠯᠲᠡ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠢ ᠮᠠᠭᠠᠳᠯᠠᠨ ᠲᠣᠭᠲᠠᠭᠠᠬᠤ ᠠᠷᠭ᠎ᠠ︾ ᠶᠢ ᠦᠨᠳᠦᠰᠦᠯᠡᠨ᠂ ᠮᠠᠨ ᠤ ᠠᠶᠢᠮᠠᠭ ᠤᠨ ᠪᠤᠳᠠᠳᠠᠤ ᠪᠠᠶᠢᠳᠠᠯ ᠲᠠᠢ ᠤᠶᠠᠯᠳᠤᠭᠤᠯᠤᠨ ᠲᠤᠰ ᠲᠦᠷᠢᠮ ᠢ ᠲᠤᠭᠳᠠᠭᠠᠪᠠ᠃        ᠬᠤᠶᠠᠳᠤᠭᠠᠷ ᠵᠦᠢᠯ ᠲᠤᠰ ᠨᠠᠷᠢᠨ ᠳᠦᠷᠢᠮ ᠳᠤ ᠬᠡᠯᠡᠵᠦ ᠪᠠᠶᠢᠭ᠎ᠠ ᠬᠢᠮᠢ ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠨᠢᠭᠡᠨᠲᠡ ᠦᠨᠡᠮᠰᠢᠭᠰᠡᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ᠲᠥᠪᠯᠡᠷᠡᠭᠰᠡᠨ ᠲᠣᠭᠤᠷᠢᠭ︶ ᠠᠴᠠ ᠭᠠᠳᠠᠨ᠎ᠠ᠂ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ᠂ ᠪᠠᠶᠢᠭᠤᠯᠬᠤ ᠭᠠᠷᠳᠠᠮ ᠨᠢ ᠪᠦᠷᠢᠨ ᠭᠦᠢᠴᠡᠳ᠂ ᠬᠠᠮᠢᠶᠠᠷᠤᠯᠲᠠ ᠨᠢ ᠵᠢᠷᠤᠮᠵᠢᠯ ᠲᠠᠢ᠂ ᠮᠡᠷᠭᠡᠵᠢᠯ ᠤᠨ ᠬᠢᠷᠢ ᠬᠡᠮᠵᠢᠶ᠎ᠡ ᠪᠠᠷ ᠨᠡᠯᠢᠶᠡᠳ ᠥᠨᠳᠥᠷ᠂ ᠬᠡᠪᠴᠢᠶ᠎ᠡ ᠶᠢᠨ ᠶᠡᠷᠦᠩᠬᠡᠶ ᠬᠡᠮᠵᠢᠶ᠎ᠡ ᠪᠠᠷ ᠶᠡᠭᠡ᠂ ᠠᠮᠤᠷ ᠲᠦᠪᠰᠢᠨ ᠣᠷᠴᠢᠨ ᠲᠣᠭᠤᠷᠢᠨ ᠢ ᠬᠠᠮᠠᠭᠠᠯᠠᠬᠤ ᠠᠷᠭ᠎ᠠ ᠬᠡᠮᠵᠢᠶ᠎ᠡ ᠪᠠᠷ ᠪᠦᠷᠢᠨ ᠲᠡᠭᠦᠯᠳᠡᠷ᠂ ᠠᠵᠤ ᠠᠬᠤᠶ ᠶᠢᠨ ᠦᠷ᠎ᠡ ᠠᠰᠢᠭ ᠢᠶᠠᠷ ᠲᠣᠪᠤᠶᠢᠮ᠎ᠠ᠂ ᠨᠡᠭᠦᠯᠭᠡᠬᠦ ᠳᠤ ᠬᠦᠴᠢᠷ ᠶᠡᠭᠡ᠂ ᠨᠡᠯᠢᠶᠡᠳ ᠪᠣᠯᠪᠠᠰᠤᠷᠠᠩᠭᠤᠶ ᠪᠥᠭᠡᠳ ᠤᠷᠲᠤᠳᠬᠠᠭᠰᠠᠨ ᠠᠵᠤ ᠤᠶᠢᠯᠡᠰ ᠤᠨ ᠬᠡᠯᠬᠢᠶ᠎ᠡ ᠶᠢᠨ ᠲᠥᠯᠥᠪᠵᠢᠭᠦᠯᠭᠡ ᠶᠢᠨ ᠲᠥᠷᠥᠯ ᠵᠦᠢᠯ ᠲᠠᠢ ᠨᠢᠭᠡᠨᠲᠡ ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠠᠵᠤ ᠠᠬᠤᠶᠢᠯᠠᠯ ᠢ ᠵᠢᠭᠠᠵᠤ ᠪᠣᠶ᠃        ᠭᠤᠷᠪᠠᠳᠤᠭᠠᠷ ᠵᠦᠢᠯ ᠬᠢᠩᠭᠠᠨ ᠠᠶᠢᠮᠠᠭ ᠤᠨ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠢ ᠠᠶᠢᠮᠠᠭ ᠤᠨ ᠵᠠᠬᠢᠷᠭ᠎ᠠ ᠠᠴᠠ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠠᠶᠢᠮᠠᠭ ᠤᠨ ᠵᠠᠬᠢᠷᠭ᠎ᠠ ᠠᠴᠠ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠲᠤ ᠡᠷᠬᠡ ᠣᠯᠭᠤᠵᠤ ᠠᠶᠢᠮᠠᠭ ᠤᠨ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠡᠷᠭᠡ ᠰᠠᠯᠠᠭ᠎ᠠ ᠮᠥᠴᠢᠷ ︵ᠳᠣᠷᠣᠭᠰᠢ ︽ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠨᠠᠢᠮᠠ ᠰᠠᠯᠠᠭ᠎ᠠ ᠮᠥᠴᠢᠷ︾ ᠭᠡᠵᠦ ᠲᠣᠪᠴᠢᠯᠠᠨ᠎ᠠ︶ ᠢ ᠵᠣᠬᠢᠶᠠᠨ ᠪᠠᠶᠢᠭᠤᠯᠤᠨ ᠦᠨᠡᠮᠰᠢᠬᠦ ᠠᠵᠢᠯ ᠢ ᠬᠠᠮᠲᠤᠪᠠᠷ ᠥᠷᠨᠢᠭᠦᠯᠦᠨ᠎ᠡ᠃        ᠳᠥᠷᠪᠡᠳᠦᠭᠡᠷ ᠵᠦᠢᠯ ᠬᠢᠮᠢ ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠢ ᠦᠨᠡᠮᠰᠢᠬᠦ ᠠᠵᠢᠯ ᠨᠢ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠮᠢᠶ᠎ᠠ ᠪᠥᠬᠦᠢ ᠠᠵᠤ ᠠᠬᠤᠶᠢᠯᠠᠯ ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠬᠤᠪᠢᠷᠠᠭᠤᠯᠬᠤ ᠥᠭᠡᠢ᠃ ᠡᠯ᠎ᠡ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠵᠢᠴᠢ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠡᠶ᠃        ᠬᠤᠶᠠᠳᠤᠭᠠᠷ ᠪᠦᠯᠦᠭ ᠮᠠᠭᠠᠳᠯᠠᠨ ᠲᠣᠭᠲᠠᠭᠠᠬᠤ ᠪᠠᠷᠢᠮᠵᠢᠶ᠎ᠠ        ᠲᠠᠪᠤᠳᠤᠭᠠᠷ ᠵᠦᠢᠯ ᠬᠢᠮᠢ ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠢ ᠦᠨᠡᠮᠰᠢᠬᠦ ᠳᠤ ᠳᠣᠣᠷᠠᠬᠢ ᠨᠥᠬᠦᠴᠡᠯ ᠢ ᠬᠠᠩᠭᠠᠬᠤ ᠬᠡᠷᠡᠭᠲᠡᠶ᠄        ︵ᠨᠢᠭᠡ︶ ᠠᠵᠤ ᠠᠬᠤᠶᠢᠯᠠᠯ ᠤᠨ ᠦᠢᠯᠡᠳᠪᠦᠷᠢ ᠶᠢᠨ ᠲᠣᠭᠤᠷᠢᠭ ᠨᠢ ᠲᠥᠪᠯᠡᠷᠡᠨ ᠵᠠᠯᠭᠠᠯᠳᠤᠭᠰᠠᠨ ᠪᠠᠶᠢᠵᠤ᠂ ᠠᠵᠤ ᠠᠬᠤᠶᠢᠯᠠᠯ ᠤᠨ ᠬᠠᠷᠢᠶ᠎ᠠ ᠪᠥᠬᠦᠶ ᠬᠤᠰᠢᠭᠤ ᠰᠢᠶᠠᠨ ᠬᠤᠲᠠ ᠶᠢᠨ ᠲᠥᠯᠥᠪᠵᠢᠭᠦᠯᠭᠡ ︵ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ᠂ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠵᠡᠷᠭᠡ︶ ᠳᠤ ᠨᠡᠶᠢᠴᠡᠵᠦ᠂ ᠠᠮᠤᠷ ᠲᠦᠪᠰᠢᠨ ᠤ ᠡᠵᠡᠮᠳᠡᠯ ᠤᠨ ᠱᠤᠭᠤᠮ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠪᠠ ᠠᠮᠢ ᠠᠬᠤᠶ ᠶᠢᠨ ᠣᠷᠴᠢᠨ ᠲᠣᠭᠤᠷᠢᠨ ᠤ ᠵᠥᠪᠰᠢᠶᠡᠷᠡᠯ ᠤᠨ ᠨᠠᠷᠢᠨ ᠬᠠᠭᠤᠳᠠᠰᠤ ᠵᠡᠷᠭᠡ ᠱᠠᠭᠠᠷᠳᠠᠯᠭ᠎ᠠ ᠶᠢ ᠬᠠᠩᠭᠠᠨ᠎ᠠ ᠃ ᠠᠵᠤ ᠠᠬᠤᠶᠢᠯᠠᠯ ᠤᠨ ᠦᠢᠯᠡᠳᠪᠦᠷᠢ ᠶᠢᠨ ᠲᠣᠭᠤᠷᠢᠭ ᠨᠢ ᠰᠤᠩᠭᠠᠷᠢ ᠮᠥᠷᠡᠨ᠂ ᠯᠢᠶᠣᠤ ᠾᠧ ᠭᠤᠤᠯ ᠤᠨ ᠭᠤᠤᠯ ᠤᠷᠤᠰᠬᠠᠯ ᠵᠢᠴᠢ ᠲᠡᠭᠦᠨ ᠤ ᠭᠤᠤᠯ ᠰᠠᠯᠪᠤᠷᠢ ᠤᠷᠤᠰᠬᠠᠯ ᠤᠨ ᠭᠤᠤᠯ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠬᠢᠯᠢ ᠶᠢᠨ ᠭᠠᠳᠠᠨᠠᠬᠢ ᠵᠠᠶ ᠨᠢ 1000 ᠮᠧᠲᠷ ᠠᠴᠠ ᠶᠡᠭᠡ ᠪᠠᠶᠢᠳᠠᠭ᠃        ︵ᠬᠤᠶᠠᠷ︶ ᠠᠵᠤ ᠠᠬᠤᠶᠢᠯᠠᠯ ᠤᠨ ᠦᠢᠯᠡᠳᠭᠦᠨ᠂ ᠭᠠᠷ ᠤᠷᠠᠯᠠᠯ ᠤᠨ ᠮᠡᠷᠭᠡᠵᠢᠯ ᠤᠨ ᠲᠣᠨᠤᠭ ᠲᠥᠬᠦᠭᠡᠷᠦᠮᠵᠢ ᠪᠠ ᠦᠢᠯᠡᠳᠪᠦᠷᠢᠯᠡᠯ ᠤᠨ ᠬᠡᠪᠴᠢᠶ᠎ᠡ ᠨᠢ ᠤᠯᠤᠰ ᠤᠨ ᠣᠲᠣ ᠶᠢᠨ ᠬᠡᠷᠡᠭᠵᠢᠭᠦᠯᠵᠦ ᠪᠠᠶᠢᠭ᠎ᠠ ︽ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠵᠢᠯᠣᠭᠤᠳᠬᠤ ᠭᠠᠷᠴᠠᠭ ︵2024 ᠣᠨ ᠤ ᠳᠡᠪᠲᠡᠷ︶︾᠂ ︽ᠪᠠᠷᠠᠭᠤᠨ ᠬᠡᠰᠡᠭ ᠤᠨ ᠭᠠᠵᠠᠷ ᠣᠷᠣᠨ ᠤ ᠵᠣᠷᠢᠭᠵᠢᠭᠤᠯᠬᠤ ᠲᠥᠷᠥᠯ ᠤᠨ ᠠᠵᠤ ᠦᠢᠯᠡᠰ ᠤᠨ ᠭᠠᠷᠴᠠᠭ ︵2020 ᠣᠨ ᠤ ᠳᠡᠪᠲᠡᠷ︶︾ ᠪᠣᠯᠤᠨ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠬᠤᠯᠪᠣᠭᠳᠠᠯ ᠪᠥᠬᠦᠶ ᠠᠵᠤ ᠣᠶᠢᠯᠡᠰ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃        ︵ᠭᠤᠷᠪᠠ︶ ᠠᠵᠤ ᠠᠬᠤᠶᠢᠯᠠᠯ ᠤᠨ ᠦᠢᠯᠡᠳᠪᠦᠷᠢᠯᠡᠬᠦ᠂ ᠬᠠᠳᠠᠭᠠᠯᠠᠬᠤ ᠲᠣᠨᠤᠭ ᠲᠥᠬᠦᠭᠡᠷᠦᠮᠵᠢ ᠬᠢᠭᠡᠳ ᠡᠷᠬᠢᠨ ᠲᠣᠭᠤᠷᠢᠨ ᠤ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠰᠠᠭᠤᠭᠠᠯᠢ ᠠᠷᠠᠳ ᠤᠨ ᠲᠥᠪᠯᠡᠷᠡᠭᠰᠡᠨ ᠲᠣᠭᠤᠷᠢᠭ ᠵᠡᠷᠭᠡ ᠰᠡᠷᠭᠡᠭ ᠴᠡᠭ ᠤᠨ ᠬᠤᠭᠤᠷᠣᠨᠳᠣᠬᠢ ᠵᠠᠶ ᠨᠢ ᠭᠠᠳᠠᠷ ᠲᠠᠯ᠎ᠠ ᠶᠢᠨ ᠠᠮᠤᠷ ᠲᠦᠪᠰᠢᠨ ᠵᠡᠷᠭᠡ ᠬᠤᠯᠪᠣᠭᠳᠠᠯ ᠪᠥᠬᠦᠶ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃        ︵ᠳᠥᠷᠪᠡ︶ ᠰᠠᠭᠤᠷᠢ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠲᠦᠷᠦᠭᠦᠤ ᠵᠢᠯ ᠤᠨ ᠪᠤᠶᠤ ᠣᠶᠢᠷ᠎ᠠ ᠶᠢᠨ ᠭᠤᠷᠪᠠᠨ ᠵᠢᠯ ᠤᠨ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠳᠤᠮᠳᠠᠴᠢ ᠣᠷᠣᠯᠭ᠎ᠠ ᠨᠢ 5 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠵᠤ᠂ ᠭᠠᠶᠢᠯᠢ ᠲᠠᠲᠠᠪᠤᠷᠢ ᠶᠢᠨ ᠬᠤᠪᠢ ᠨᠡᠮᠡᠷᠢ ᠶᠢ 2500 ᠲᠦᠮᠡᠨ ᠲᠥᠭᠦᠷᠢᠭ ᠠᠴᠠ ᠳᠣᠤᠷ᠎ᠠ ᠪᠠᠶᠢᠯᠭᠠᠬᠤ ᠥᠬᠡᠶ᠃ ᠨᠠᠷᠢᠯᠢᠭ ᠬᠢᠮᠢ ᠶᠢᠨ ᠠᠵᠤ ᠦᠢᠯᠡᠳᠪᠦᠷᠢ ᠪᠠ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ ᠦᠢᠯᠡᠳᠪᠦᠷᠢᠯᠡᠬᠦ ᠠᠵᠤ ᠠᠬᠤᠶᠢᠯᠠᠯ ᠤᠨ ᠲᠦᠷᠦᠭᠦᠤ ᠵᠢᠯ ᠤᠨ ᠪᠤᠶᠤ ᠣᠶᠢᠷ᠎ᠠ ᠶᠢᠨ ᠭᠤᠷᠪᠠᠨ ᠵᠢᠯ ᠤᠨ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠳᠤᠮᠳᠠᠴᠢ ᠣᠷᠣᠯᠭ᠎ᠠ ᠨᠢ 5000 ᠲᠦᠮᠡᠨ ᠲᠥᠭᠦᠷᠢᠭ ᠠᠴᠠ ᠳᠡᠭᠡᠭᠰᠢ ᠪᠠᠶᠢᠵᠤ᠂ ᠭᠠᠶᠢᠯᠢ ᠲᠠᠲᠠᠪᠤᠷᠢ ᠶᠢᠨ ᠬᠤᠪᠢ ᠨᠡᠮᠡᠷᠢ ᠨᠢ 500 ᠲᠦᠮᠡᠨ ᠲᠥᠭᠦᠷᠢᠭ ᠠᠴᠠ ᠳᠣᠤᠷ᠎ᠠ ᠪᠠᠶᠢᠵᠤ ᠪᠣᠯᠬᠤ ᠥᠬᠡᠶ᠃        ︵ᠲᠠᠪᠤ︶ ᠠᠵᠤ ᠠᠬᠤᠶᠢᠯᠠᠯ ᠨᠢ ᠲᠣᠰ ᠵᠢᠯ ᠳᠤ ᠤᠯᠤᠰ᠂ ᠥᠪᠡᠷᠲᠡᠭᠡᠨ ᠵᠠᠰᠠᠬᠤ ᠣᠷᠣᠨ ᠤ ᠫᠠᠶᠢᠰᠠ ᠡᠯᠭᠦᠨ ᠰᠢᠮᠳᠠᠭᠤᠯᠤᠨ ᠭᠦᠢᠴᠡᠳᠭᠡᠬᠦ ᠶᠢ ᠣᠯᠤᠭᠰᠠᠨ ᠥᠬᠡᠶ᠂ ᠠᠮᠤᠷ ᠲᠦᠪᠰᠢᠨ᠂ ᠣᠷᠴᠢᠨ ᠲᠣᠭᠤᠷᠢᠨ ᠤ ᠬᠠᠮᠠᠭᠠᠯᠠᠯᠲᠠ᠂ ᠭᠠᠯ ᠤᠨᠲᠠᠷᠠᠭᠠᠬᠤ ᠵᠡᠷᠭᠡ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠡᠳᠦᠶ ᠵᠦᠢᠯᠡᠰ ᠣᠷᠣᠰᠢᠬᠤ ᠥᠬᠡᠶ᠃ ᠤᠢᠢᠷ᠎ᠠ ᠶᠢᠨ ᠭᠤᠷᠪᠠᠨ ᠵᠢᠯ ᠳᠤ ᠨᠡᠯᠢᠶᠡᠳ ᠶᠡᠭᠡ ᠪᠤᠶᠤ ᠲᠡᠭᠦᠨ ᠠᠴᠠ ᠳᠡᠭᠡᠭᠰᠢᠬᠢ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ᠂ ᠣᠷᠴᠢᠨ ᠠᠬᠤᠶ ᠶᠢᠨ ᠭᠡᠨᠡᠳᠲᠡ ᠶᠢᠨ ᠬᠡᠷᠡᠭ ᠭᠠᠷᠤᠭᠰᠠᠨ ᠦᠭᠡᠢ᠃ ᠭᠠᠵᠠᠷ ᠰᠢᠷᠣᠶ ᠶᠢ ᠬᠠᠤᠯᠢ ᠪᠤᠰᠤ ᠪᠠᠷ ᠬᠡᠷᠡᠭᠯᠡᠬᠦ᠂ ᠬᠠᠤᠯᠢ ᠪᠤᠰᠤ ᠪᠠᠷ ᠤᠰᠤ ᠲᠠᠲᠠᠬᠤ ᠠᠰᠠᠭᠤᠳᠠᠯ ᠣᠷᠣᠰᠢᠬᠤ ᠥᠬᠡᠶ᠃        ︵ᠵᠢᠷᠭᠤᠭ᠎ᠠ︶ ᠠᠵᠤ ᠠᠬᠤᠶᠢᠯᠠᠯ ᠨᠢ ᠪᠦᠷᠢᠨ ᠲᠡᠭᠦᠯᠳᠡᠷ ᠠᠮᠤᠷ ᠲᠦᠪᠰᠢᠨ ᠤ ᠪᠡᠯᠡᠳᠬᠡᠮᠵᠢ ᠲᠠᠢ ᠪᠠᠶᠢᠵᠤ᠂ ᠪᠦᠷᠢᠨ ᠲᠡᠭᠦᠯᠳᠡᠷ ᠠᠮᠤᠷ ᠲᠦᠪᠰᠢᠨ ᠤ ᠬᠢᠨᠠᠨ ᠬᠡᠮᠵᠢᠵᠦ ᠬᠢᠨᠠᠨ ᠡᠵᠡᠮᠳᠡᠬᠦ ᠰᠢᠰᠲ᠋ᠧᠮ ᠲᠠᠢ ᠪᠠᠶᠢᠵᠤ᠂ ᠪᠣᠶ ᠪᠥᠬᠦᠶ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠬᠠᠮᠤᠷᠤᠭᠰᠠᠨ ᠪᠠᠶᠢᠬᠤ ᠬᠡᠷᠡᠭᠲᠡᠶ᠃ ᠠᠵᠤ ᠠᠬᠤᠶᠢᠯᠠᠯ ᠨᠢ ᠠᠶᠤᠯ ᠥᠬᠡᠶ ᠦᠢᠯᠡᠳᠪᠦᠷᠢᠯᠡᠯ ᠤᠨ ᠬᠡᠷᠡᠭᠴᠡᠭᠡ ᠶᠢ ᠬᠠᠩᠭᠠᠬᠤ ᠬᠠᠮᠢᠶᠠᠷᠤᠯᠲᠠ ᠶᠢᠨ ᠠᠵᠢᠯᠲᠠᠨ ᠪᠠ ᠠᠶᠤᠯ ᠥᠬᠡᠶ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠱᠠᠭᠠᠷᠳᠠᠯᠭ᠎ᠠ ᠳᠤ ᠨᠡᠶᠢᠴᠡᠭᠰᠡᠨ ᠭᠠᠯ ᠤᠨᠲᠠᠷᠠᠭᠠᠬᠤ ᠲᠦᠬᠦᠭᠡᠷᠣᠮᠵᠢ ᠵᠢᠴᠢ ᠠᠵᠢᠯᠲᠠᠨ ᠢ ᠳᠣᠭᠢᠷᠠᠭᠤᠯᠵᠤ᠂ ᠠᠶᠤᠯ ᠥᠬᠡᠶ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠪᠦᠲᠦᠮᠵᠢᠲᠡᠶ ᠬᠠᠮᠢᠶᠠᠷᠤᠯᠲᠠ ᠶᠢᠨ ᠴᠢᠳᠠᠪᠤᠷᠢ ᠶᠢ ᠪᠦᠷᠢᠳᠦᠭᠦᠯᠦᠨ᠎ᠡ᠃        ︵ᠳᠣᠯᠤᠭ᠎ᠠ︶ ᠠᠵᠤ ᠠᠬᠤᠶᠢᠯᠠᠯ ᠤᠳ ᠪᠣᠬᠢᠷᠲᠤᠯ ᠢ ᠰᠡᠷᠭᠡᠶᠢᠯᠡᠨ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠭᠤᠷᠪᠠ ᠶᠢ ᠬᠠᠮᠲᠤ ᠳᠤᠨᠢ ᠬᠢᠬᠦ︾ ᠲᠦᠷᠢᠮ ᠢ ᠨᠠᠶᠢᠳᠠᠪᠤᠷᠢᠵᠢᠭᠤᠯᠤᠨ᠂ ᠬᠠᠶᠠᠭᠳᠠᠮᠠᠯ ᠤᠰᠤ᠂ ᠬᠠᠶᠠᠭᠳᠠᠮᠠᠯ ᠬᠡᠶ ᠵᠡᠷᠭᠡ ᠶᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠪᠡᠶᠡᠯᠡᠭᠦᠯᠦᠨ᠎ᠡ᠃ ᠠᠵᠤ ᠠᠬᠤᠶᠢᠯᠠᠯ ᠤᠳ ᠱᠠᠭᠠᠷᠳᠠᠯᠭ᠎ᠠ ᠶᠣᠰᠣᠭᠠᠷ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠬᠡᠮᠵᠢᠵᠦ ᠬᠢᠨᠠᠨ ᠡᠵᠡᠮᠳᠡᠬᠦ ᠰᠢᠰᠲ᠋ᠧᠮ ᠵᠢᠴᠢ ᠲᠠᠪᠴᠠᠩ ᠢ ᠪᠠᠶᠢᠷᠢᠯᠠᠭᠤᠯᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠥᠪᠡᠷᠲᠡᠭᠡᠨ ᠬᠢᠨᠠᠨ ᠬᠡᠮᠵᠢᠬᠦ ᠶᠢ ᠥᠷᠨᠢᠭᠦᠯᠬᠦ ᠬᠡᠷᠡᠭᠲᠡᠶ᠃ ᠠᠶᠤᠯᠲᠠᠶ ᠬᠠᠶᠠᠭᠳᠠᠮᠠᠯ ᠪᠣᠳᠠᠰ ᠢ ᠴᠥᠮ ᠵᠢᠷᠤᠮᠵᠢᠭᠤᠯᠤᠨ ᠰᠢᠢᠳᠪᠦᠷᠢᠯᠡᠬᠦ ᠶᠢ ᠪᠡᠶᠡᠯᠡᠭᠦᠯᠪᠡ᠃        ︵ᠨᠠᠢᠮᠠ︶ ᠠᠵᠤ ᠠᠬᠤᠶᠢᠯᠠᠯ ᠤᠳ ᠬᠤᠯᠪᠣᠭᠳᠠᠯ ᠪᠥᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠣᠨᠴᠠᠭᠠᠢ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠰᠢᠯᠭᠠᠨ ᠠᠪᠬᠤ ᠭᠠᠷᠳᠠᠮ ᠪᠤᠶᠤ ᠪᠤᠰᠤᠳ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠶᠢ ᠳᠠᠩᠰᠠᠯᠠᠵᠤ ᠰᠤᠭᠤᠴᠠᠨ ᠪᠠᠶᠢᠴᠠᠭᠠᠬᠤ ᠶᠢ ᠭᠦᠢᠴᠡᠳᠬᠡᠨ᠎ᠡ᠃ ᠠᠵᠤ ᠠᠬᠤᠶᠢᠯᠠᠯ ᠤᠨ ᠲᠥᠷᠥᠯ ᠵᠦᠢᠯ ᠤᠨ ᠰᠡᠳᠦᠪ ᠲᠣᠭᠲᠠᠭᠠᠬᠤ᠂ ᠴᠢᠳᠠᠪᠤᠷᠢ ᠶᠢ ᠦᠨᠡᠯᠡᠬᠦ᠂ ᠠᠶᠤᠯᠬᠦᠢ ᠦᠢᠯᠡᠳᠪᠦᠷᠢᠯᠡᠯ ᠂ ᠣᠷᠴᠢᠨ ᠲᠣᠭᠤᠷᠢᠨ ᠤ ᠬᠠᠮᠠᠭᠠᠯᠠᠯᠲᠠ᠂ ᠭᠠᠵᠠᠷ ᠬᠡᠷᠡᠭᠯᠡᠬᠦ᠂ ᠲᠥᠯᠥᠪᠵᠢᠭᠦᠯᠭᠡ ᠬᠢᠬᠦ᠂ ᠪᠠᠷᠢᠯᠭ᠎ᠠ ᠪᠠᠷᠢᠬᠤ᠂ ᠭᠠᠯ ᠤᠨᠲᠠᠷᠠᠭᠠᠬᠤ ᠵᠡᠷᠭᠡ ᠬᠠᠤᠯᠢ ᠪᠠᠷ ᠲᠣᠭᠲᠠᠭᠠᠭᠰᠠᠨ ᠭᠠᠷᠳᠠᠮ ᠨᠢ ᠪᠦᠷᠢᠨ ᠬᠦᠢᠴᠡᠳ ᠪᠥᠭᠡᠳ ᠬᠦᠴᠦᠨ ᠲᠠᠢ ᠪᠠᠶᠢᠬᠤ ᠬᠡᠷᠡᠭᠲᠡᠶ᠃        ᠭᠤᠷᠪᠠᠳᠤᠭᠠᠷ ᠪᠦᠯᠦᠭ ᠮᠠᠭᠠᠳᠯᠠᠨ ᠲᠣᠭᠲᠠᠭᠠᠬᠤ ᠵᠢᠷᠤᠮ        ᠵᠢᠷᠭᠤᠳᠤᠭᠠᠷ ᠵᠦᠢᠯ ᠠᠵᠤ ᠠᠬᠤᠶᠢᠯᠠᠯ ᠤᠨ ᠭᠤᠶᠤᠴᠢᠯᠠᠯ᠃ ᠮᠡᠳᠡᠭᠦᠯᠬᠦ ᠪᠠᠷ ᠪᠠᠶᠢᠭ᠎ᠠ ᠠᠵᠤ ᠠᠬᠤᠶᠢᠯᠠᠯ ᠨᠢ ᠪᠠᠶᠢᠭ᠎ᠠ ᠬᠤᠰᠢᠭᠤ ᠰᠢᠶᠠᠨ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠢᠶᠠᠨ ᠳᠤᠷᠠᠳᠴᠤ᠂ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠲᠤ ᠮᠡᠳᠡᠭᠦᠯᠦᠭᠰᠡᠨ ᠢ ᠦᠨᠡᠮᠰᠢᠬᠦ ᠮᠠᠲ᠋ᠧᠷᠢᠶᠠᠯ ᠳᠤ ᠭᠤᠤᠯᠳᠠᠭᠤ᠄        ︵ᠨᠢᠭᠡ︶ ᠬᠢᠩᠭᠠᠨ ᠠᠶᠢᠮᠠᠭ ᠤᠨ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠢ ᠦᠨᠡᠮᠰᠢᠭᠦᠯᠬᠦ ᠭᠤᠶᠤᠴᠢᠯᠠᠯ ᠤᠨ ᠬᠦᠰᠦᠨᠦᠭᠲᠦ᠃       ︵ᠬᠤᠶᠠᠷ︶ ᠬᠢᠩᠭᠠᠨ ᠠᠶᠢᠮᠠᠭ ᠤᠨ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠤᠨ ᠭᠤᠶᠤᠴᠢᠯᠠᠬᠤ ᠮᠡᠳᠡᠭᠦᠯᠦᠯᠲᠡ ᠶᠢᠨ ᠪᠢᠴᠢᠭ᠃        ︵ᠭᠤᠷᠪᠠ︶ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠤᠨ ᠠᠮᠠᠯᠠᠯᠲᠠ ᠶᠢᠨ ᠪᠢᠴᠢᠭ᠃        ︵ᠲᠦᠷᠪᠡ︶ ᠬᠠᠩᠭᠠᠬᠤ ᠴᠢᠬᠤᠯᠠᠲᠠᠶ ᠪᠤᠰᠤᠳ ᠮᠠᠲ᠋ᠧᠷᠢᠶᠠᠯ᠃        ᠳᠣᠯᠣᠳᠤᠭᠠᠷ ᠵᠦᠢᠯ ᠬᠠᠷᠢᠶ᠎ᠠ ᠣᠷᠣᠨ ᠳᠤᠨᠢ ᠬᠢᠨᠠᠨ ᠬᠠᠷᠭᠤᠭᠤᠯᠬᠤ᠃ ᠬᠠᠷᠢᠶ᠎ᠠ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠨᠢ ᠠᠵᠤ ᠠᠬᠤᠶᠢᠯᠠᠯ ᠤᠨ ᠭᠤᠶᠤᠴᠢᠯᠠᠯ ᠢ ᠣᠯᠤᠭᠰᠠᠨ ᠤ ᠳᠠᠷᠠᠭ᠎ᠠ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠠᠵᠤ ᠠᠬᠤᠶᠢᠯᠠᠯ ᠤᠨ ᠭᠤᠶᠤᠴᠢᠯᠠᠭᠰᠠᠨ ᠮᠠᠲ᠋ᠧᠷᠢᠶᠠᠯ ᠳᠤ ᠠᠩᠬᠠᠨ ᠤ ᠬᠢᠨᠠᠯᠲᠠ ᠬᠢᠵᠦ᠂ ᠦᠨᠡᠮᠰᠢᠬᠦ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠢ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ᠂ ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ ᠤ ᠵᠢᠩᠬᠢᠨᠢ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠠᠶᠢᠮᠠᠭ ᠵᠠᠬᠢᠷᠭ᠎ᠠ ᠪᠤᠶᠤ ᠡᠷᠬᠡ ᠣᠯᠭᠤᠭᠰᠠᠨ ᠪᠠᠶᠢᠭᠤᠯᠤᠮᠵᠢ ᠳᠤ ᠮᠡᠳᠡᠭᠦᠯᠦᠨ ᠬᠦᠷᠭᠡᠬᠦ ᠬᠡᠷᠡᠭᠲᠡᠶ᠃        ᠨᠠᠢᠮᠠᠳᠤᠭᠠᠷ ᠵᠦᠢᠯ ᠠᠶᠢᠮᠠᠭ ᠤᠨ ᠱᠠᠲᠤᠨ ᠤ ᠬᠢᠨᠠᠨ ᠬᠠᠷᠭᠤᠭᠤᠯᠬᠤ᠃ ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ ᠤ ᠮᠡᠳᠡᠭᠦᠯᠦᠨ ᠬᠦᠷᠭᠡᠭᠰᠡᠨ ᠦᠨᠡᠮᠰᠢᠬᠦ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠳᠤ ᠡᠷᠬᠡ ᠣᠯᠭᠤᠭᠰᠠᠨ ᠪᠠᠶᠢᠭᠤᠯᠤᠮᠵᠢ ᠨᠢ ᠠᠶᠢᠮᠠᠭ ᠤᠨ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ᠂ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ︵ᠡᠷᠬᠡ ᠮᠡᠳᠡᠯ ᠤᠨ ᠬᠡᠪᠴᠢᠶ᠎ᠡ ᠪᠠᠷ ᠢᠶᠠᠨ ᠬᠠᠷᠢᠶ᠎ᠠ ᠭᠠᠵᠠᠷ ᠢ ᠵᠣᠬᠢᠴᠠᠭᠤᠯᠬᠤ︶᠂ ᠵᠠᠮ ᠬᠠᠷᠢᠯᠴᠠᠭ᠎ᠠ ᠲᠡᠭᠡᠭᠡᠪᠦᠷᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠠᠵᠤ ᠠᠬᠤᠶᠢᠯᠠᠯ ᠤᠨ ᠮᠡᠳᠡᠭᠦᠯᠦᠭᠰᠡᠨ ᠮᠠᠲ᠋ᠧᠷᠢᠶᠠᠯ ᠢ ᠳᠠᠬᠢᠨ ᠬᠢᠨᠠᠬᠤ ᠪᠤᠶᠤ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠨ᠎ᠠ᠃ 5 ᠠᠵᠢᠯᠯᠠᠬᠤ ᠡᠳᠦᠷ ᠤᠨ ᠳᠣᠲᠣᠷ᠎ᠠ ᠮᠡᠳᠡᠭᠦᠯᠬᠦ ᠮᠠᠲ᠋ᠧᠷᠢᠶᠠᠯ ᠳᠤ ᠡᠴᠦᠰ ᠤᠨ ᠬᠢᠨᠠᠨ ᠬᠠᠷᠭᠤᠭᠤᠯᠤᠭᠰᠠᠨ ᠰᠠᠨᠠᠯ ᠵᠢᠴᠢ ᠬᠤᠪᠢ ᠲᠣᠭᠲᠠᠭᠠᠭᠰᠠᠨ ᠦᠷ᠎ᠡ ᠳ᠋ᠦᠩ ᠢ ᠭᠠᠷᠭᠠᠨ ᠥᠭᠴᠦ᠂ ᠡᠷᠬᠡ ᠣᠯᠭᠤᠭᠰᠠᠨ ᠪᠠᠶᠢᠭᠤᠯᠤᠮᠵᠢ ᠳᠤ ᠲᠤᠰᠢᠶᠠᠨ ᠥᠭᠴᠦ ᠶᠡᠷᠦᠩᠬᠡᠶᠢᠯᠡᠨ ᠬᠢᠨᠠᠨ ᠬᠠᠷᠭᠤᠭᠤᠯᠤᠭᠰᠠᠨ ᠰᠠᠨᠠᠯ ᠵᠢᠴᠢ ᠡᠴᠦᠰ ᠤᠨ ᠬᠤᠪᠢ ᠲᠣᠭᠲᠠᠭᠠᠭᠰᠠᠨ ᠦᠷ᠎ᠡ ᠳ᠋ᠦᠩ ᠢ ᠪᠣᠶ ᠪᠣᠯᠭᠠᠵᠤ᠂ ᠮᠠᠭᠠᠳᠯᠠᠨ ᠲᠣᠭᠲᠠᠭᠠᠬᠤ ᠪᠠᠷ ᠪᠠᠶᠢᠭ᠎ᠠ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠤᠨ ᠠᠵᠤ ᠠᠬᠤᠶᠢᠯᠠᠯ ᠤᠨ ᠨᠡᠷᠡᠰ ᠢ ᠲᠣᠭᠲᠠᠭᠠᠬᠤ ᠶᠢᠨ ᠬᠠᠮᠲᠤ ᠡᠷᠬᠡ ᠣᠯᠭᠤᠭᠰᠠᠨ ᠪᠠᠶᠢᠭᠤᠯᠤᠮᠵᠢ ᠶᠢᠨ ᠰᠦᠯᠵᠢᠶᠡᠨ ᠥᠷᠲᠡᠭᠡ ᠳᠤ ᠢᠯᠡ ᠨᠡᠶᠢᠲᠡᠯᠡᠨ᠎ᠡ᠂ ᠢᠯᠡ ᠨᠡᠶᠢᠲᠡᠯᠡᠬᠦ ᠬᠤᠭᠤᠴᠠᠭ᠎ᠠ ᠨᠢ 7 ᠡᠳᠦᠷ ᠪᠣᠯᠤᠨ᠎ᠠ᠃ ᠵᠠᠷᠯᠠᠨ ᠨᠡᠶᠢᠲᠡᠯᠡᠬᠦ ᠳᠤ ᠣᠨᠳᠣᠤ ᠰᠠᠨᠠᠯ ᠥᠬᠡᠶ ᠪᠣᠯ᠂ ᠠᠶᠢᠮᠠᠭ ᠵᠠᠬᠢᠷᠭ᠎ᠠ ᠳᠤ ᠮᠡᠳᠡᠭᠦᠯᠵᠦ ᠰᠤᠳᠤᠯᠤᠨ ᠬᠢᠨᠠᠨ ᠲᠣᠭᠲᠠᠭᠠᠯᠭᠠᠬᠤ ᠶᠢᠨ ᠬᠠᠮᠲᠤ ᠨᠡᠶᠢᠲᠡᠯᠡᠨ᠎ᠡ᠃        ᠶᠢᠰᠦᠳᠦᠭᠡᠷ ᠵᠦᠢᠯ ᠨᠢᠭᠡᠨᠲᠡ ᠨᠢᠭᠡ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ᠲᠥᠪᠯᠡᠷᠡᠭᠰᠡᠨ ᠲᠣᠭᠤᠷᠢᠭ︶ ᠲᠠᠢ ᠭᠡᠵᠦ ᠦᠨᠡᠮᠰᠢᠭᠰᠡᠨ ᠬᠤᠰᠢᠭᠤ ᠰᠢᠶᠠᠨ ᠬᠤᠲᠠ ᠶᠢᠨ ᠬᠠᠷᠢᠶ᠎ᠠ ᠣᠷᠣᠨ ᠤ ᠳᠣᠲᠣᠷᠠᠬᠢ ᠠᠵᠤ ᠠᠬᠤᠶᠢᠯᠠᠯ ᠨᠢ ᠵᠠᠷᠴᠢᠮ ᠳᠡᠭᠡᠷ᠎ᠡ ᠪᠠᠨ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠢᠶᠠᠷ ᠦᠨᠡᠮᠰᠢᠭᠦᠯᠬᠦ ᠪᠠᠷ ᠭᠤᠶᠤᠴᠢᠯᠠᠬᠤ ᠥᠬᠡᠶ᠃ ᠲᠣᠰ ᠨᠠᠷᠢᠨ ᠲᠦᠷᠢᠮ ᠢ ᠨᠡᠶᠢᠲᠡᠯᠡᠭᠰᠡᠨ ᠤ ᠳᠠᠷᠠᠭ᠎ᠠ ᠰᠢᠨ᠎ᠡ ᠪᠠᠷ ᠮᠠᠭᠠᠳᠯᠠᠨ ᠲᠣᠭᠲᠠᠭᠠᠭᠰᠠᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ᠲᠥᠪᠯᠡᠷᠡᠭᠰᠡᠨ ᠲᠣᠭᠤᠷᠢᠭ︶ ᠤᠨ ᠳᠣᠲᠣᠷ᠎ᠠ ᠬᠡᠷᠪᠡ ᠲᠣᠰ ᠠᠷᠭ᠎ᠠ ᠶᠢ ᠦᠨᠳᠦᠰᠦᠯᠡᠨ ᠮᠠᠭᠠᠳᠯᠠᠨ ᠲᠣᠭᠲᠠᠭᠠᠭᠰᠠᠨ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠤᠨ ᠠᠵᠤ ᠠᠬᠤᠶᠢᠯᠠᠯ ᠨᠢ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠢ ᠠᠶᠠᠨᠳᠠᠭᠠᠨ ᠬᠦᠴᠦᠨ ᠥᠬᠡᠶ ᠪᠣᠯᠭᠠᠵᠤ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ᠲᠥᠪᠯᠡᠷᠡᠭᠰᠡᠨ ᠲᠣᠭᠤᠷᠢᠭ︶ ᠤᠨ ᠳᠣᠲᠣᠷᠠᠬᠢ ᠠᠵᠤ ᠠᠬᠤᠶᠢᠯᠠᠯ ᠢᠶᠠᠷ ᠬᠠᠮᠢᠶᠠᠷᠤᠯᠲᠠ ᠬᠢᠨ᠎ᠠ᠃        ᠳᠥᠷᠪᠡᠳᠦᠭᠡᠷ ᠪᠦᠯᠦᠭ ᠦᠷ᠎ᠡ ᠳ᠋ᠦᠩ ᠢ ᠬᠡᠷᠡᠭᠯᠡᠬᠦ        ᠠᠷᠪᠠᠳᠤᠭᠠᠷ ᠵᠦᠢᠯ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠢᠶᠠᠷ ᠨᠢᠭᠡᠨᠲᠡ ᠦᠨᠡᠮᠰᠢᠭᠰᠡᠨ ᠠᠵᠤ ᠠᠬᠤᠶᠢᠯᠠᠯ ᠨᠢ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠪᠥᠲᠥᠭᠡᠨ ᠪᠠᠶᠢᠭᠤᠯᠬᠤ ᠪᠠ ᠬᠠᠮᠢᠶᠠᠷᠬᠤ ᠲᠠᠯ᠎ᠠ ᠪᠠᠷ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ᠲᠥᠪᠯᠡᠷᠡᠭᠰᠡᠨ ᠲᠣᠭᠤᠷᠢᠭ︶  ᠤᠨ ᠳᠣᠲᠣᠷᠠᠬᠢ ᠠᠵᠤ ᠠᠬᠤᠶᠢᠯᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠬᠦ ᠬᠡᠷᠡᠭᠲᠡᠶ᠃ ᠠᠵᠤ ᠠᠬᠤᠶᠢᠯᠠᠯ ᠨᠢ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠬᠠᠤᠯᠢ ᠲᠣᠭᠲᠠᠭᠠᠯ ᠶᠣᠰᠣᠭᠠᠷ ᠦᠢᠯᠡᠳᠪᠦᠷᠢ ᠶᠢᠨ ᠲᠣᠭᠤᠷᠢᠭ ᠤᠨ ᠳᠣᠲᠣᠷ᠎ᠠ ᠪᠤᠶᠤ ᠬᠥᠷᠰᠢ ᠵᠡᠷᠭᠡᠯᠡᠳᠡᠭᠡ ᠦᠢᠯᠡᠳᠪᠦᠷᠢ ᠶᠢᠨ ᠲᠣᠭᠤᠷᠢᠭ ᠲᠤ ᠣᠲᠣ ᠶᠢᠨ ᠪᠠᠶᠢᠭ᠎ᠠ ᠲᠣᠨᠤᠭ ᠲᠥᠬᠦᠭᠡᠷᠦᠮᠵᠢ ᠶᠢᠨ ᠠᠳᠠᠯᠢ ᠲᠥᠷᠥᠯ ᠤᠨ ᠣᠶᠢᠯᠡᠳᠬᠦᠨ᠂ ᠠᠵᠤ ᠣᠶᠢᠯᠡᠰ ᠤᠨ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ ᠨᠥᠬᠦᠪᠥᠷᠢᠯᠡᠬᠦ᠂ ᠣᠷᠴᠢᠯ ᠠᠵᠤ ᠠᠬᠤᠶ ᠶᠢ ᠠᠰᠢᠭᠯᠠᠬᠤ᠂ ᠠᠮᠤᠷ ᠲᠦᠪᠰᠢᠨ ᠣᠷᠴᠢᠨ ᠲᠣᠭᠤᠷᠢᠨ ᠢ ᠬᠠᠮᠠᠭᠠᠯᠠᠵᠤ ᠡᠨᠧᠷᠭᠢ ᠠᠷᠪᠢᠯᠠᠬᠤ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠵᠤ ᠪᠣᠯᠤᠨ᠎ᠠ᠂ ᠭᠡᠪᠡᠴᠦ ᠵᠠᠷᠴᠢᠮ ᠳᠡᠭᠡᠷ᠎ᠡ ᠪᠠᠨ ᠳᠡᠭᠡᠳᠦ ᠤᠷᠤᠰᠬᠠᠯ ᠤᠨ ᠠᠵᠤ ᠣᠶᠢᠯᠡᠰ ᠢ ᠰᠢᠨ᠎ᠡ ᠪᠠᠷ ᠪᠠᠶᠢᠭᠤᠯᠵᠤ ᠪᠣᠯᠬᠤ ᠥᠬᠡᠶ᠃ ᠠᠵᠤ ᠠᠬᠤᠶᠢᠯᠠᠯ ᠤᠨ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠣᠲᠣ ᠶᠢᠨ ᠪᠠᠶᠢᠭ᠎ᠠ ᠰᠠᠭᠤᠷᠢᠨ ᠳᠡᠭᠡᠷ᠎ᠡ ᠳᠠᠭᠢᠵᠤ ᠨᠡᠮᠡᠭᠳᠡᠭᠦᠯᠬᠦ ᠥᠬᠡᠶ᠂ ᠦᠨᠡᠨᠬᠦ ᠰᠢᠨ᠎ᠡ ᠪᠠᠷ ᠨᠡᠮᠡᠭᠳᠡᠭᠦᠯᠬᠦ ᠴᠢᠬᠤᠯᠠ ᠲᠠᠢ ᠪᠣᠯ ᠱᠠᠭᠠᠷᠳᠠᠯᠭ᠎ᠠ ᠶᠣᠰᠣᠭᠠᠷ ᠬᠢᠩᠭᠠᠨ ᠠᠶᠢᠮᠠᠭ ᠲᠤ ᠭᠤᠤᠯ ᠪᠣᠯᠬᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢᠨ ᠠᠳᠠᠯᠢ ᠬᠡᠮᠵᠢᠶ᠎ᠡ ᠪᠤᠶᠤ ᠳᠠᠬᠢᠨ ᠬᠡᠮᠵᠢᠶ᠎ᠡ ᠪᠠᠷ ᠣᠷᠣᠯᠠᠭᠤᠯᠬᠤ ᠶᠢ ᠶᠠᠪᠤᠭᠳᠠᠭᠤᠯᠤᠨ᠎ᠠ᠃ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ᠲᠥᠪᠯᠡᠷᠡᠯ ᠤᠨ ᠲᠣᠭᠤᠷᠢᠭ︶ ᠠᠴᠠ ᠭᠠᠳᠠᠨ᠎ᠠ ᠬᠢᠮᠢ ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠢᠶᠠᠷ ᠦᠨᠡᠮᠰᠢᠭᠰᠡᠨ ᠦᠬᠡᠢ ᠠᠵᠤ ᠠᠬᠤᠶᠢᠯᠠᠯ ᠤᠨ ᠣᠳᠣᠬᠢ ᠪᠠᠶᠢᠳᠠᠯ ᠢᠶᠠᠨ ᠪᠠᠷᠢᠮᠲᠠᠯᠠᠨ᠂ ᠥᠭᠡᠷᠡᠴᠢᠯᠡᠵᠦ ᠥᠷᠭᠡᠳᠬᠡᠨ ᠪᠠᠶᠢᠭᠤᠯᠵᠤ ᠪᠣᠯᠬᠤ ᠦᠬᠡᠢ ︵ᠠᠶᠤᠯ ᠦᠬᠡᠢ᠂ ᠣᠷᠴᠢᠨ ᠲᠣᠭᠤᠷᠢᠨ ᠢ ᠬᠠᠮᠠᠭᠠᠯᠠᠬᠤ᠂ ᠡᠨᠧᠷᠬᠢ ᠠᠷᠪᠢᠯᠠᠬᠤ ᠪᠠ ᠤᠶᠤᠨᠴᠢᠯᠠᠬᠰᠠᠨ ᠥᠭᠡᠷᠡᠴᠢᠯᠡᠯᠲᠡ ᠶᠢᠨ ᠳᠦᠷᠦᠯ ᠵᠦᠢᠯ ᠪᠠᠭᠲᠠᠬᠤ ᠦᠬᠡᠢ︶ ᠪᠥᠭᠡᠳ ᠲᠡᠭᠦᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠦᠨᠡᠮᠰᠢᠭᠰᠡᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ᠲᠥᠪᠯᠡᠷᠡᠯ ᠲᠣᠭᠤᠷᠢᠭ︶ ᠲᠤ ᠨᠡᠭᠦᠯᠭᠡᠨ᠎ᠡ᠃        ᠠᠷᠪᠠᠨ ᠨᠢᠭᠡᠳᠦᠭᠡᠷ ᠵᠦᠢᠯ ᠬᠢᠮᠢ ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠢᠶᠠᠷ ᠦᠨᠡᠮᠰᠢᠭᠰᠡᠨ ᠠᠵᠤ ᠠᠬᠤᠶᠢᠯᠠᠯ ᠢ ᠲᠡᠭᠦᠨ ᠤ ᠬᠤᠪᠢ ᠡᠵᠡᠮᠳᠡᠬᠦ ᠶᠢᠨ ᠬᠠᠮᠲᠤ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠤᠨ ᠦᠶ᠋ᠯᠡᠳᠪᠦᠷᠢᠯᠡᠯ ᠤᠨ ᠲᠠᠯᠠᠪᠤᠷ ᠯᠤᠭ᠎ᠠ ᠵᠠᠯᠭᠠᠯᠳᠤᠭᠰᠠᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠠᠵᠤ ᠠᠬᠤᠶᠢᠯᠠᠯ ᠨᠢ ᠦᠨᠡᠮᠰᠢᠬᠦ ᠪᠠᠷᠢᠮᠵᠢᠶ᠎ᠠ ᠵᠢᠴᠢ ᠪᠤᠰᠤᠳ ᠬᠠᠮᠢᠶ᠎ᠠ ᠪᠥᠬᠦᠶ ᠲᠣᠭᠲᠠᠭᠠᠯ ᠢ ᠬᠠᠩᠭᠠᠭᠰᠠᠨ ᠤᠷᠢᠲᠠᠯ ᠳᠣᠤᠷ᠎ᠠ᠂ ᠬᠠᠮᠢᠶ᠎ᠠ ᠪᠥᠬᠦᠶ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠤᠨ ᠠᠵᠤ ᠠᠬᠤᠶᠢᠯᠠᠯ ᠤᠨ ᠬᠢᠨᠠᠨ ᠡᠵᠡᠮᠳᠡᠬᠦ ᠬᠡᠪᠴᠢᠶᠡᠨ ᠳᠤ ᠣᠷᠣᠭᠤᠯᠵᠤ᠂ ᠬᠠᠤᠯᠢ ᠲᠣᠭᠲᠠᠭᠠᠯ ᠶᠣᠰᠣᠭᠠᠷ ᠲᠣᠰ ᠦᠢᠯᠡᠳᠪᠦᠷᠢ ᠶᠢᠨ ᠲᠣᠭᠤᠷᠢᠭ ᠤᠨ ᠳᠣᠲᠣᠷ᠎ᠠ ᠣᠲᠣ ᠶᠢᠨ ᠪᠠᠶᠢᠭ᠎ᠠ ᠦᠶ᠋ᠯᠡᠳᠪᠦᠷᠢᠯᠡᠯ ᠤᠨ ᠲᠣᠨᠤᠭ ᠲᠥᠬᠦᠭᠡᠷᠦᠮᠵᠢ᠂ ᠣᠶᠢᠯᠡᠳᠬᠦᠨ ᠢ ᠥᠭᠡᠷᠡᠴᠢᠯᠡᠵᠦ ᠥᠷᠭᠡᠳᠬᠡᠨ ᠪᠠᠶᠢᠭᠤᠯᠵᠤ ᠪᠣᠯᠤᠨ᠎ᠠ᠃        ᠲᠠᠪᠤᠳᠤᠭᠠᠷ ᠪᠦᠯᠦᠭ ᠬᠢᠨᠠᠵᠤ ᠬᠠᠮᠢᠶᠠᠷᠬᠤ        ᠠᠷᠪᠠᠨ ᠬᠤᠶᠠᠳᠤᠭᠠᠷ ᠵᠦᠢᠯ ᠨᠢᠭᠡᠨᠲᠡ ᠦᠨᠡᠮᠰᠢᠭᠰᠡᠨ ᠬᠢᠮᠢ ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠲᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠬᠤᠰᠢᠭᠤ ᠰᠢᠶᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠶ᠎ᠠ ᠣᠷᠣᠨ ᠤ ᠳᠣᠲᠣᠷᠠᠬᠢ ᠬᠢᠮᠢ ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠤᠨ ᠬᠠᠮᠢᠶᠠᠷᠤᠯᠲᠠ ᠶᠢ ᠬᠠᠷᠢᠭᠤᠴᠠᠵᠤ᠂ ᠡᠵᠡᠩᠨᠡᠯᠲᠡ ᠳᠤ ᠠᠯᠳᠠᠭᠳᠠᠯ ᠭᠠᠷᠤᠭᠰᠠᠨ ᠪᠠ ᠠᠵᠤ ᠠᠬᠤᠶ ᠶᠢᠨ ᠦᠷ᠎ᠡ ᠠᠰᠢᠭ ᠨᠢ ᠮᠠᠭᠤᠳᠠᠭᠰᠠᠨ ᠬᠢᠮᠢ ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠲᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠠᠶᠢᠮᠠᠭ ᠤᠨ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠬᠢᠨᠠᠯᠲᠠ ᠲᠠᠯᠪᠢᠬᠤ᠂ ᠵᠢᠯᠣᠭᠤᠳᠬᠤ ᠪᠠ ᠦᠢᠯᠡᠴᠢᠯᠡᠬᠦ ᠶᠢ ᠰᠠᠶᠢᠲᠤᠷ ᠬᠢᠵᠦ᠂ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠤᠨ ᠠᠵᠤ ᠠᠬᠤᠶᠢᠯᠠᠯ ᠤᠨ ᠶᠠᠰᠤ ᠴᠢᠨᠠᠷ ᠦᠷ᠎ᠡ ᠠᠰᠢᠭ ᠪᠠ ᠮᠥᠨ ᠴᠢᠨᠠᠷ ᠤᠨ ᠠᠮᠤᠷ ᠲᠦᠪᠰᠢᠨ ᠪᠣᠬᠢᠷᠲᠤᠯ ᠥᠬᠡᠶ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃        ᠠᠷᠪᠠᠨ ᠭᠤᠷᠪᠠᠳᠤᠭᠠᠷ ᠵᠦᠢᠯ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢᠨ ᠲᠣᠬᠢᠷᠠᠭᠤᠯᠤᠯᠲᠠ ᠵᠡᠷᠭᠡ ᠨᠥᠬᠦᠴᠡᠯ ᠤᠨ ᠬᠤᠪᠢᠷᠠᠯᠲᠠ ᠠᠴᠠ ᠪᠣᠯᠵᠣ᠂ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠢ ᠦᠷᠭᠦᠯᠵᠢᠯᠡᠨ ᠡᠷᠭᠢᠯᠡᠬᠦ ᠳᠤ ᠳᠣᠭᠢᠷᠠᠬᠤ ᠥᠬᠡᠶ ᠠᠵᠤ ᠠᠬᠤᠶᠢᠯᠠᠯ ᠤᠨ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠤᠨ ᠬᠢᠷᠢ ᠬᠡᠮ ᠢ ᠨᠢ ᠬᠠᠰᠤᠨ᠎ᠠ᠃        ᠳᠣᠤᠷᠠᠬᠢ ᠪᠠᠶᠢᠳᠠᠯ ᠤᠨ ᠨᠢᠭᠡ ᠶᠢ ᠣᠯᠵᠤ ᠮᠡᠳᠡᠪᠡᠯ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠨᠢ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠂ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠵᠠᠷᠴᠢᠮ ᠳᠡᠭᠡᠷ᠎ᠡ ᠪᠠᠨ ᠬᠠᠭᠠᠰ ᠵᠢᠯ ᠠᠴᠠ ᠬᠡᠲᠦᠷᠡᠭᠦᠯᠵᠦ ᠪᠣᠯᠬᠤ ᠥᠬᠡᠶ᠂ ᠴᠡᠭᠴᠡᠯᠡᠨ ᠰᠠᠶᠢᠵᠢᠷᠠᠭᠤᠯᠵᠤ ᠳᠠᠭᠤᠰᠤᠭᠰᠠᠨ ᠤ ᠳᠠᠷᠠᠭ᠎ᠠ᠂ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠬᠤᠯᠪᠣᠭ᠎ᠠ ᠶᠢᠨ ᠲᠠᠰ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠠᠴᠠ ᠳᠠᠬᠢᠨ ᠦᠨᠡᠯᠡᠨ ᠨᠤᠲᠠᠯᠠᠵᠤ᠂ ᠦᠨᠡᠮᠰᠢᠭᠡᠳ ᠮᠥᠨ ᠬᠢᠷᠢ ᠲᠡᠩᠴᠡᠭᠰᠡᠨ ᠥᠬᠡᠶ ᠪᠠᠶᠢᠪᠠᠯ᠂ ᠠᠶᠢᠮᠠᠭ ᠵᠠᠬᠢᠷᠭ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠤᠨ ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ᠃        ︵ᠨᠢᠭᠡ︶ ᠲᠣᠭᠲᠠᠭᠠᠯ ᠢ ᠵᠥᠷᠢᠴᠡᠨ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠵᠦᠢᠯᠡᠰ︔      ︵ᠬᠤᠶᠠᠷ︶ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠪᠤᠶᠤ ᠣᠷᠴᠢᠨ ᠠᠬᠤᠶ ᠶᠢᠨ ᠭᠡᠨᠡᠳᠲᠡ ᠶᠢᠨ ᠬᠡᠷᠡᠭ ᠭᠠᠷᠤᠭᠰᠠᠨ︔        ︵ᠭᠤᠷᠪᠠ︶ ᠬᠢᠨᠠᠨ ᠬᠠᠮᠢᠶᠠᠷᠤᠯᠲᠠ ᠠᠴᠠ ᠵᠠᠶᠢᠯᠠᠭᠰᠠᠨ ᠦᠢᠯᠡ ᠠᠵᠢᠯᠯᠠᠭ᠎ᠠ ᠲᠠᠢ ᠪᠠᠶᠢᠬᠤ︔        ︵ᠲᠥᠷᠪᠡ︶ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠬᠦᠨᠳᠦ ᠨᠣᠴᠢᠲᠠᠶ ᠥᠢᠯᠡ ᠠᠵᠢᠯᠯᠠᠭ᠎ᠠ ᠲᠠᠢ ᠪᠠᠶᠢᠬᠤ᠃        ᠠᠷᠪᠠᠨ ᠳᠥᠷᠪᠡᠳᠦᠭᠡᠷ ᠵᠦᠢᠯ ᠬᠢᠮᠢ ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠨᠢ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠭᠤᠷᠪᠠᠨ ᠵᠢᠯ ᠪᠣᠯᠬᠤ ᠪᠦᠷᠢ ᠠᠶᠢᠮᠠᠭ ᠵᠠᠬᠢᠷᠭ᠎ᠠ ᠪᠤᠶᠤ ᠲᠡᠭᠦᠨ ᠤ ᠡᠷᠬᠡ ᠣᠯᠭᠤᠭᠰᠠᠨ ᠪᠠᠶᠢᠭᠤᠯᠤᠮᠵᠢ ᠠᠴᠠ ᠦᠨᠡᠮᠰᠢᠭᠰᠡᠨ ᠬᠢᠮᠢ ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠤᠨ ᠠᠵᠤ ᠠᠬᠤᠶᠢᠯᠠᠯ ᠳᠤ ᠲᠠᠬᠢᠨ ᠬᠢᠨᠠᠯᠲᠠ ᠬᠢᠵᠦ᠂ ᠦᠨᠡᠮᠰᠢᠬᠦ ᠨᠥᠬᠦᠴᠡᠯ ᠢ ᠬᠠᠩᠭᠠᠭᠰᠠᠨ ᠬᠢᠮᠢ ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠤᠨ ᠠᠵᠤ ᠠᠬᠤᠶᠢᠯᠠᠯ ᠢ ᠠᠶᠢᠮᠠᠭ ᠵᠠᠬᠢᠷᠭ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ ᠤ ᠲᠠᠷᠠᠭ᠎ᠠ ᠨᠡᠶᠢᠲᠡᠯᠡᠨ᠎ᠡ᠃        ᠠᠷᠪᠠᠨ ᠲᠠᠪᠤᠳᠤᠭᠠᠷ ᠵᠦᠢᠯ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠢ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ᠲᠥᠪᠯᠡᠷᠡᠭᠰᠡᠨ ᠲᠣᠭᠤᠷᠢᠭ︶ ᠳᠠᠰᠢ ᠰᠢᠯᠵᠢᠭᠦᠯᠦᠨ ᠬᠥᠭᠵᠢᠭᠦᠯᠬᠦ ᠶᠢ ᠵᠣᠷᠢᠭᠵᠢᠭᠤᠯᠵᠤ᠂ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠡᠯᠬᠢᠶ᠎ᠡ ᠶᠢ ᠨᠥᠬᠦᠪᠥᠷᠢᠯᠡᠨ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠠᠵᠤ ᠦᠶ᠋ᠯᠡᠰ ᠤᠨ ᠠᠮᠢ ᠠᠬᠤᠶ ᠶᠢ ᠰᠢᠯᠢᠳᠡᠭᠵᠢᠭᠦᠯᠦᠨ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠶᠠᠰᠤ ᠴᠢᠨᠠᠷ ᠢ ᠳᠠᠶᠢᠴᠢᠯᠠᠨ ᠳᠡᠭᠡᠭᠰᠢᠯᠡᠭᠦᠯᠦᠨ᠎ᠡ        ᠵᠢᠷᠭᠤᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ        ᠠᠷᠪᠠᠨ ᠵᠢᠷᠭᠤᠳᠤᠭᠠᠷ ᠵᠦᠢᠯ ᠲᠣᠰ ᠨᠠᠷᠢᠨ ᠲᠦᠷᠢᠮ ᠢ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠠᠴᠠ ᠬᠠᠷᠢᠭᠤᠴᠠᠨ ᠲᠠᠶᠢᠯᠪᠤᠷᠢᠯᠠᠨ᠎ᠠ᠃        ᠠᠷᠪᠠᠨ ᠳᠣᠯᠣᠳᠤᠭᠠᠷ ᠵᠦᠢᠯ ᠲᠤᠰ ᠨᠠᠷᠢᠨ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号