| ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ | ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠳᠤᠮᠳᠠ | ᠣᠷᠣᠨ ᠤ ᠰᠢᠭᠤᠳ ᠬᠠᠷᠢᠶ᠎ᠠ ᠰᠢᠭᠤᠳ ᠬᠠᠮᠢᠶᠠᠷᠤᠯᠲᠠ ᠶᠢᠨ ᠨᠢᠭᠡᠴᠢ ᠳᠤ᠄ | ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠡᠯ᠎ᠡ ᠱᠠᠲᠤᠨ ᠤ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠤᠨ ᠵᠣᠬᠢᠶᠠᠨ ᠪᠠᠶᠢᠭᠤᠯᠵᠤ ᠥᠷᠨᠢᠭᠦᠯᠦᠭᠰᠡᠨ ᠨᠢᠭᠡ ᠵᠦᠢᠯ ᠤᠨ ᠣᠷᠳᠣ ᠬᠤᠭᠤᠴᠠᠭᠠᠨ ᠤ ᠨᠡᠶᠢᠲᠡ ᠶᠢᠨ | ᠠᠰᠠᠷᠠᠮᠵᠢ ᠶᠢᠨ ᠬᠠᠨᠳᠢᠪ ᠴᠤᠭᠯᠠᠭᠤᠯᠬᠤ ᠠᠵᠢᠯᠯᠠᠭ᠎ᠠ ᠪᠣᠯᠤᠨ᠎ᠠ᠃ 2020 ᠣᠨ ᠠᠴᠠ ᠡᠬᠢᠯᠡᠨ᠂ ᠠᠶᠢᠮᠠᠭ ᠤᠨ | ᠨᠠᠮ ᠤᠨ ᠬᠤᠷᠢᠶ᠎ᠠ᠂ ᠵᠠᠬᠢᠷᠭ᠎ᠠ ᠶᠢᠨ ᠬᠢᠨ ᠵᠣᠭᠤᠰ ᠴᠤᠭᠯᠠᠭᠤᠯᠬᠤ ᠠᠵᠢᠯᠯᠠᠭ᠎ᠠ ᠶᠢᠨ ᠣᠷᠳᠣ ᠬᠤᠭᠤᠴᠠᠭᠠᠨ ᠤ | ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠵᠤ᠂ ᠪᠥᠬᠦ ᠠᠶᠢᠮᠠᠭ ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ᠂ | ᠨᠡᠶᠢᠭᠡᠮ ᠤᠨ ᠡᠯ᠎ᠡ ᠡᠲᠡᠭᠡᠳ ᠤᠨ ᠬᠠᠶᠢᠷ᠎ᠠ ᠬᠠᠯᠠᠮᠵᠢ ᠬᠦᠷᠲᠡᠭᠴᠢᠳ ᠵᠣᠭᠤᠰ ᠴᠤᠭᠯᠠᠭᠤᠯᠬᠤ ᠳᠤ ᠥᠷᠭᠡᠨ ᠢᠶᠠᠷ | ᠣᠷᠣᠯᠴᠠᠬᠤ ᠪᠠ ᠳᠡᠮᠵᠢᠵᠦ᠂ ᠬᠠᠶᠢᠷ᠎ᠠ ᠬᠠᠯᠠᠮᠵᠢ ᠪᠠᠨ ᠢᠳᠡᠪᠬᠢᠲᠡᠶ ᠪᠠᠷ ᠡᠷᠭᠦᠵᠦ᠂ ᠰᠤᠷᠤᠯᠭ᠎ᠠ ᠶᠢ ᠲᠡᠳᠬᠦᠬᠦ᠂ | ᠡᠮᠨᠡᠯᠭᠡ ᠶᠢ ᠲᠤᠰᠠᠯᠠᠬᠤ᠂ ᠵᠡᠮᠳᠡᠭᠴᠦᠳ ᠢ ᠲᠤᠰᠠᠯᠠᠬᠤ᠂ ᠨᠠᠰᠤᠲᠠᠶᠢᠴᠤᠳ ᠢ ᠲᠤᠰᠠᠯᠠᠬᠤ᠂ ᠭᠠᠮᠰᠢᠭ ᠠᠴᠠ ᠠᠪᠤᠷᠠᠨ | ᠲᠤᠰᠠᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠡᠯ᠎ᠡ ᠵᠦᠢᠯ ᠤᠨ ᠠᠵᠢᠯ ᠦᠢᠯᠡᠰ ᠲᠤ | ᠴᠢᠬᠤᠯᠠ ᠦᠢᠯᠡᠳᠦᠯ ᠦᠵᠡᠭᠦᠯᠪᠡ᠃ 2024 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ | ᠤᠨ ᠠᠵᠢᠯᠯᠠᠭ᠎ᠠ ᠶᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ | ᠤᠴᠢᠷ ᠢ ᠳᠣᠤᠷᠠᠬᠢ ᠮᠡᠲᠦ ᠮᠡᠳᠡᠭᠳᠡᠶ᠎ᠡ᠃ | ᠨᠢᠭᠡ᠂ ᠵᠣᠭᠤᠰ ᠴᠤᠭᠯᠠᠭᠤᠯᠬᠤ ᠴᠠᠭ 2024 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ | ᠬᠠᠨᠳᠢᠪᠯᠠᠯ︾ ᠤᠨ ᠠᠵᠢᠯᠯᠠᠭ᠎ᠠ 6 ᠰᠠᠷ᠎ᠠ ᠶᠢᠨ ᠰᠢᠨᠡᠳ ᠠᠴᠠ ᠡᠬᠢᠯᠡᠵᠦ᠂ 9 ᠰᠠᠷ᠎ᠠ ᠶᠢᠨ ᠰᠡᠭᠦᠯᠴᠢ ᠪᠠᠷ ᠲᠡᠭᠦᠰᠪᠡ᠃ | | ᠬᠤᠶᠠᠷ᠂ ᠬᠠᠨᠳᠢᠪ ᠴᠤᠭᠯᠠᠭᠤᠯᠬᠤ ᠲᠤᠭ᠎ᠠ ᠬᠡᠮᠵᠢᠶ᠎ᠡ ᠬᠢᠭᠡᠳ ᠣᠷᠣᠯᠴᠠᠬᠤ ᠬᠡᠪᠴᠢᠶ᠎ᠡ | ︵ᠨᠢᠭᠡ︶ ᠵᠣᠭᠤᠰ ᠴᠤᠭᠯᠠᠭᠤᠯᠬᠤ ᠠᠵᠢᠯᠯᠠᠭ᠎ᠠ ᠳᠤ ᠨᠢᠭᠡᠴᠢ ᠠᠴᠠ ᠵᠣᠬᠢᠶᠠᠨ ᠪᠠᠶᠢᠭᠤᠯᠬᠤ᠂ ᠠᠵᠢᠯᠳᠠᠨ | ᠠᠵᠢᠯᠴᠢᠳ ᠰᠠᠶᠢᠨ ᠳᠤᠷ᠎ᠠ ᠠᠴᠠ ᠪᠠᠨ ᠪᠠᠶᠢᠬᠤ ᠵᠠᠷᠴᠢᠮ ᠢ ᠪᠠᠷᠢᠮᠲᠠᠯᠠᠨ᠂ ᠠᠵᠢᠯᠳᠠᠨ ᠠᠵᠢᠯᠴᠢᠳ ᠤᠨ | ᠬᠠᠨᠳᠢᠪᠯᠠᠭᠰᠠᠨ ᠨᠢᠭᠡ ᠡᠳᠦᠷ ᠤᠨ ᠣᠷᠣᠯᠭ᠎ᠠ ︵ᠬᠥᠮᠦᠨ ᠪᠦᠷᠢ ᠶᠢᠨ ᠰᠠᠷ᠎ᠠ ᠪᠦᠷᠢ ᠥᠭᠬᠦ ᠶᠣᠰᠣᠲᠠᠶ ᠴᠠᠯᠢᠩ ᠢ ᠪᠦᠬᠦ | ᠲᠤᠭ᠎ᠠ ᠪᠠᠷ ᠨᠢ 30 ᠡᠳᠦᠷ ᠢᠶᠠᠷ ᠬᠤᠪᠢᠶᠠᠨ᠎ᠠ︶᠂ ᠠᠵᠤ ᠠᠬᠤᠶᠢᠯᠠᠯ ᠤᠨ ᠬᠠᠨᠳᠢᠪᠯᠠᠭᠰᠠᠨ ᠨᠢᠭᠡ ᠡᠳᠦᠷ ᠤᠨ | ᠠᠰᠢᠭ ᠬᠤᠨᠵᠢᠪᠣᠷᠢ ᠪᠤᠶᠤ ᠠᠷᠪᠢᠯᠠᠭᠰᠠᠨ ᠨᠢᠭᠡ ᠬᠡᠰᠡᠭ ᠵᠠᠷᠤᠯᠭ᠎ᠠ ᠶᠢ ᠰᠠᠨᠠᠭᠠᠴᠢᠯᠠᠬᠤ ᠬᠡᠷᠡᠭᠲᠡᠶ᠃ | ︵ᠬᠤᠶᠠᠷ︶ ᠣᠷᠣᠯᠴᠠᠬᠤ ᠬᠡᠪᠴᠢᠶ᠎ᠡ᠄ ᠪᠥᠬᠦ ᠠᠶᠢᠮᠠᠭ ᠤᠨ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ | ᠂ ᠠᠵᠢᠯ ᠦᠢᠯᠡᠰ ᠤᠨ ᠨᠢᠭᠡᠴᠢ᠂ ᠠᠷᠠᠳ ᠤᠨ ᠪᠦᠯᠬᠦᠮ᠂ ᠲᠦᠪ ᠦᠪᠡᠷᠳᠡᠭᠡᠨ ᠵᠠᠰᠠᠬᠤ ᠤᠷᠤᠨ ᠤ ᠰᠢᠭᠤᠳ | ᠬᠠᠷᠢᠶ᠎ᠠ ᠨᠢᠭᠡᠴᠢ ᠳᠤ ᠰᠠᠭᠤᠭ᠎ᠠ ᠺᠠᠳ᠋ᠷ ᠠᠵᠢᠯᠲᠠᠨ ᠠᠵᠢᠯᠴᠢᠨ᠂ ᠡᠯ᠎ᠡ ᠤᠯᠤᠰ ᠤᠨ ᠥᠮᠴᠢᠯᠡᠯᠲᠦ ᠠᠵᠤ ᠠᠬᠤᠶᠢᠯᠠᠯ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ | ᠬᠤᠪᠢ ᠬᠥᠮᠦᠨ᠃ ᠭᠤᠷᠪᠠ᠂ ᠭᠥᠯᠢᠶᠡᠨ ᠠᠪᠬᠤ ᠠᠷᠭ᠎ᠠ ᠮᠠᠶ᠋ᠢᠭ ᠠᠶᠢᠮᠠᠭ ᠤᠨ ᠱᠠᠲᠤᠨ ᠤ ᠬᠠᠨᠳᠢᠪ ᠴᠤᠭᠯᠠᠭᠤᠯᠬᠤ | ᠪᠠᠯᠠ ᠮᠥᠩᠭᠦ ᠶᠢ ᠭᠥᠯᠢᠶᠡᠨ ᠠᠪᠬᠤ ᠨᠢᠭᠡᠴᠢ ᠪᠣᠯ ᠠᠶᠢᠮᠠᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠣᠯᠤᠨ᠎ᠠ᠂ | ᠬᠤᠰᠢᠭᠤ ᠰᠢᠶᠠᠨ ᠤ ᠱᠠᠲᠤᠨ ᠤ ᠬᠠᠨᠳᠢᠪ ᠴᠤᠭᠯᠠᠭᠤᠯᠬᠤ ᠪᠠᠯᠠ ᠮᠥᠩᠭᠦ ᠶᠢ ᠭᠥᠯᠢᠶᠡᠨ ᠠᠪᠬᠤ ᠨᠢᠭᠡᠴᠢ ᠪᠣᠯ ᠡᠯ᠎ᠡ | ᠬᠤᠰᠢᠭᠤ ᠰᠢᠶᠠᠨ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠣᠯᠤᠨ᠎ᠠ᠃ ᠬᠦᠯᠢᠶᠡᠨ ᠠᠪᠬᠤ ᠬᠡᠯᠪᠡᠷᠢ᠄ | ᠪᠠᠩᠬᠢ ᠳᠠᠩᠰᠠ ᠰᠢᠯᠵᠢᠭᠦᠯᠦᠨ᠎ᠡ᠃ ᠠᠶᠢᠮᠠᠭ ᠤᠨ ᠱᠠᠲᠤᠨ ᠤ ᠬᠠᠨᠳᠢᠪ ᠴᠤᠭᠯᠠᠭᠤᠯᠬᠤ ᠪᠠᠯᠠ ᠮᠥᠩᠭᠦ ᠶᠢ ᠭᠥᠯᠢᠶᠡᠨ | ᠠᠪᠬᠤ ᠨᠢᠭᠡᠴᠡ ᠶᠢᠨ ᠲᠠᠩᠰᠠ ᠪᠠᠶᠢᠭᠤᠯᠤᠭᠰᠠᠨ ᠨᠡᠷᠡᠶᠢᠳᠦᠯ᠄ ᠬᠢᠩᠭᠠᠨ ᠠᠶᠢᠮᠠᠭ ᠤᠨ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ᠃ ᠲᠠᠩᠰᠠ ᠨᠡᠭᠡᠭᠡᠭᠰᠡᠨ ᠪᠠᠩᠬᠢ᠄ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ | ᠤᠯᠠᠭᠠᠨᠬᠤᠲᠠ ᠶᠢᠨ ᠦ᠋ ᠢ ᠰᠠᠯᠪᠤᠷᠢ ᠪᠠᠩᠬᠢ᠃ ᠳᠠᠩᠰᠠᠨ ᠨᠣᠮᠧᠷ᠄ 15001626640052501313᠃ | ᠮᠥᠷ ᠤᠨ ᠳ᠋ᠤᠭᠠᠷ᠄ 105198000052᠃ ᠬᠠᠷᠢᠯᠴᠠᠬᠤ ᠬᠥᠮᠦᠨ᠄ ᠪᠠᠶ ᠰᠢᠨ ᠬᠤᠶ᠂ ᠸᠠᠩ ᠫᠢᠨ ᠸᠧᠶ᠃ | ᠬᠠᠷᠢᠯᠴᠠᠬᠤ ᠤᠲᠠᠰᠤ᠄ 0482-8266317᠂ 0482-8268734᠃ | ᠳᠥᠷᠪᠡ᠂ ᠪᠣᠳᠠᠲᠠᠶ ᠱᠠᠭᠠᠷᠳᠠᠯᠭ᠎ᠠ | ︵ᠨᠢᠭᠡ︶ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢᠨ ᠴᠢᠬᠤᠯᠠ | ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠶ᠃ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ | ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ | ᠬᠠᠨᠳᠢᠪᠯᠠᠯ︾ ᠤᠨ ᠠᠵᠢᠯᠯᠠᠭ᠎ᠠ ᠶᠢᠨ ᠨᠡᠶᠢᠭᠡᠮ ᠤᠨ ᠠᠪᠤᠷᠠᠨ ᠲᠤᠰᠠᠯᠠᠬᠤ᠂ ᠠᠷᠠᠳ ᠤᠨ ᠠᠮᠢᠳᠤᠷᠠᠯ ᠤᠨ | ᠳᠤᠲᠠᠭᠤᠳᠠᠯ ᠢ ᠨᠥᠬᠦᠪᠥᠷᠢᠯᠡᠬᠦ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ | ᠰᠢᠢᠳᠪᠦᠷᠢᠯᠡᠬᠦ ᠵᠡᠷᠭᠡ ᠲᠠᠯ᠎ᠠ ᠪᠠᠷ ᠦᠵᠡᠭᠦᠯᠦᠭᠰᠡᠨ ᠢᠳᠡᠪᠬᠢᠲᠡᠶ ᠦᠢᠯᠡᠳᠦᠯ ᠢ ᠭᠦᠢᠴᠡᠳ ᠲᠠᠨᠢᠵᠤ᠂ ᠲᠤᠬᠠᠶ ᠶᠢᠨ | ᠭᠠᠵᠠᠷ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ︽ᠲᠦᠭᠡᠮᠡᠯ ᠬᠠᠶᠢᠷ᠎ᠠ ᠶᠢᠨ | ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢ ᠶᠡᠬᠡᠪᠡᠷ ᠳᠡᠮᠵᠢᠬᠦ ᠬᠡᠷᠡᠭᠲᠡᠶ᠃ | ︵ᠬᠤᠶᠠᠷ︶ ᠵᠣᠭᠤᠰ ᠴᠤᠭᠯᠠᠭᠤᠯᠬᠤ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠵᠣᠬᠢᠶᠠᠨ | ᠪᠠᠶᠢᠭᠤᠯᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠦᠵᠡᠯ ᠰᠠᠨᠠᠭᠠᠨ ᠤ | ᠳᠠᠶᠢᠴᠢᠯᠠᠯᠲᠠ ᠶᠢ ᠦᠨᠡᠨᠬᠦ ᠰᠠᠶᠢᠲᠤᠷ ᠬᠢᠵᠦ᠂ ᠬᠥᠮᠦᠨ ᠪᠦᠬᠦᠨ ᠨᠡᠶᠢᠲᠡ ᠶᠢᠨ ᠠᠰᠠᠷᠠᠮᠵᠢ ᠳᠤ ᠣᠷᠣᠯᠴᠠᠬᠤ᠂ | ᠬᠥᠮᠦᠨ ᠪᠦᠬᠦᠨ ᠬᠠᠶᠢᠷ᠎ᠠ ᠰᠡᠳᠬᠢᠯᠭᠡ ᠪᠠᠨ ᠡᠷᠭᠦᠬᠦ ᠨᠡᠶᠢᠲᠡ ᠶᠢᠨ ᠠᠰᠠᠷᠠᠮᠵᠢ ᠶᠢᠨ ᠣᠨᠣᠯᠵᠢᠬᠤᠨ ᠢ ᠶᠡᠬᠡᠪᠡᠷ | ᠰᠠᠨᠠᠭᠠᠴᠢᠯᠠᠵᠤ᠂ ᠠᠵᠢᠯᠯᠠᠭ᠎ᠠ ᠶᠢᠨ ᠣᠶᠢᠯᠠᠭᠠᠬᠤ ᠨᠣᠷᠮ᠎ᠠ᠂ ᠮᠡᠳᠡᠷᠡᠬᠦ ᠨᠣᠷᠮ᠎ᠠ ᠪᠠ ᠳᠡᠮᠵᠢᠬᠦ ᠨᠣᠷᠮ᠎ᠠ ᠶᠢ ᠤᠯᠠᠮ ᠨᠢᠭᠡ | ᠠᠯᠬᠤᠮ ᠳᠡᠭᠡᠭᠰᠢᠯᠡᠭᠦᠯᠬᠦ ᠬᠡᠷᠡᠭᠲᠡᠶ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠦᠯᠢᠭᠡᠷ ᠳᠠᠭᠤᠷᠢᠶᠠᠯ ᠪᠣᠯᠬᠤ | ᠦᠢᠯᠡᠳᠦᠯ ᠢᠶᠠᠨ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠥᠷᠭᠡᠨ ᠤᠯᠠᠨ ᠺᠠᠳ᠋ᠷ ᠤᠯᠠᠨ ᠲᠦᠮᠡᠨ ᠢ | ᠲᠠᠶᠢᠴᠢᠯᠠᠨ ᠵᠣᠭᠤᠰ ᠴᠤᠭᠯᠠᠭᠤᠯᠬᠤ ᠠᠵᠢᠯᠯᠠᠭ᠎ᠠ ᠳᠤ ᠣᠷᠣᠯᠴᠠᠭᠤᠯᠬᠤ ᠪᠠ ᠳᠡᠮᠵᠢᠭᠦᠯᠬᠦ ᠬᠡᠷᠡᠭᠲᠡᠶ᠃ ︽ᠲᠦᠭᠡᠮᠡᠯ | ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢᠨ ᠳᠤᠮᠳᠠ ᠴᠣᠯᠭᠤᠷᠠᠨ ᠭᠠᠷᠤᠭᠰᠠᠨ ᠲᠡᠷᠢᠭᠦᠨ ᠤ | ᠬᠠᠮᠲᠤ ᠨᠡᠶᠢᠲᠡ ᠪᠠ ᠬᠤᠪᠢ ᠬᠥᠮᠦᠨ ᠵᠢᠴᠢ ᠬᠥᠮᠥᠡᠯᠢᠭ ᠠᠪᠤᠷᠠᠨ ᠲᠤᠰᠠᠯᠠᠯᠲᠠ ᠶᠢᠨ ᠨᠡᠶᠢᠲᠡᠯᠢᠭ ᠵᠢᠱᠢᠶ᠎ᠡ ᠶᠢ | ᠲᠥᠪᠯᠡᠷᠡᠭᠦᠯᠦᠨ ᠤᠬᠠᠭᠤᠯᠤᠨ ᠮᠡᠳᠡᠭᠡᠯᠡᠵᠦ᠂ ᠬᠠᠶᠢᠷ᠎ᠠ ᠪᠠᠨ ᠡᠷᠭᠦᠬᠦ ᠦᠢᠯᠡ ᠠᠵᠢᠯᠯᠠᠭ᠎ᠠ ᠶᠢ ᠮᠠᠭᠲᠠᠨ ᠰᠠᠶᠢᠰᠢᠶᠠᠵᠤ᠂ | ᠨᠡᠶᠢᠭᠡᠮ ᠤᠨ ᠪᠣᠯᠪᠠᠰᠤᠨ ᠬᠡᠪ ᠰᠤᠷᠲᠠᠯ ᠢ ᠬᠥᠲᠥᠯᠦᠨ ᠵᠢᠯᠣᠭᠤᠳᠴᠤ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ | ᠬᠠᠨᠳᠢᠪᠯᠠᠯ︾ ᠤᠨ ᠠᠵᠢᠯᠯᠠᠭ᠎ᠠ ᠶᠢ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ᠂ ᠲᠣᠰ ᠨᠢᠭᠡᠴᠢ ᠶᠢᠨ | ᠣᠶᠤᠨ ᠤ ᠪᠣᠯᠪᠠᠰᠤᠨ ᠤ ᠪᠠᠶᠢᠭᠤᠯᠤᠯᠲᠠ ᠪᠠ ᠬᠥᠮᠥᠡᠯᠢᠭ ᠶᠣᠰᠣᠨ ᠤ ᠦᠶ᠋ᠯᠡᠰ ᠲᠤ ᠣᠷᠣᠯᠴᠠᠬᠤ ᠶᠢ ᠠᠬᠢᠭᠤᠯᠬᠤ | ᠨᠡᠶᠢᠲᠡ ᠶᠢᠨ ᠠᠰᠠᠷᠠᠮᠵᠢ ᠶᠢᠨ ᠠᠴᠢᠶᠠᠯᠠᠪᠤᠷᠢ ᠪᠣᠯᠭᠠᠬᠤ ᠬᠡᠷᠡᠭᠲᠡᠶ᠃ | ︵ᠭᠤᠷᠪᠠ︶ ᠬᠠᠨᠳᠢᠪᠯᠠᠨ ᠬᠦᠷᠭᠡᠬᠦ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ | ᠴᠢᠩᠭᠠᠳᠬᠠᠨ᠎ᠠ᠃ | ᠡᠯ᠎ᠡ ᠱᠠᠲᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠳ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ︿ᠲᠦᠭᠡᠮᠡᠯ ᠬᠠᠶᠢᠷ᠎ᠠ ᠶᠢᠨ ᠨᠢᠭᠡ ᠡᠳᠦᠷ ᠤᠨ | ᠬᠠᠨᠳᠢᠪᠯᠠᠯ﹀ ᠤᠨ ᠬᠠᠨᠳᠢᠪᠯᠠᠭᠰᠠᠨ ᠵᠣᠭᠤᠰ ᠢ ᠭᠥᠯᠢᠶᠡᠨ ᠠᠪᠴᠤ ᠬᠠᠮᠢᠶᠠᠷᠴᠤ ᠬᠡᠷᠡᠭᠯᠡᠬᠦ ᠠᠷᠭ᠎ᠠ︾ ᠶᠢᠨ | ᠱᠠᠭᠠᠷᠳᠠᠯᠭ᠎ᠠ ᠶᠣᠰᠣᠭᠠᠷ᠂ ᠬᠠᠨᠳᠢᠪᠯᠠᠭᠰᠠᠨ ᠪᠠᠯᠠ ᠮᠥᠩᠭᠦ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ | ᠳᠣᠭᠢᠷᠠᠭᠤᠯᠬᠤ ᠪᠠ ᠬᠡᠷᠡᠭᠯᠡᠵᠦ᠂ ᠡᠯ᠎ᠡ ᠵᠦᠢᠯ ᠤᠨ ᠬᠥᠮᠥᠡᠯᠢᠭ ᠠᠪᠤᠷᠠᠨ ᠲᠤᠰᠠᠯᠠᠬᠤ ᠲᠥᠷᠥᠯ ᠵᠦᠢᠯ ᠢ ᠰᠠᠶᠢᠲᠤᠷ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ | ᠬᠠᠨᠳᠢᠪᠯᠠᠭᠰᠠᠨ ᠵᠣᠭᠤᠰ ᠢ ᠭᠥᠯᠢᠶᠡᠨ ᠠᠪᠤᠭᠰᠠᠨ᠂ ᠬᠠᠮᠢᠶᠠᠷᠤᠭᠰᠠᠨ᠂ ᠬᠡᠷᠡᠭᠯᠡᠭᠰᠡᠨ ᠪᠠᠶᠢᠳᠠᠯ ᠢ ᠴᠠᠭ ᠲᠤᠬᠠᠶ ᠳᠤᠨᠢ᠂ | ᠣᠨᠣᠪᠴᠢᠲᠠᠶ ᠪᠠᠷ ᠨᠡᠶᠢᠭᠡᠮ ᠨᠡᠶᠢᠲᠡ ᠳᠤ ᠨᠡᠶᠢᠲᠡᠯᠡᠬᠦ ᠬᠡᠷᠡᠭᠲᠡᠶ᠃ ᠬᠢᠨᠠᠭᠴᠢᠳ ᠤᠨ ᠵᠥᠪᠯᠡᠯ ᠤᠨ ᠳᠣᠲᠣᠭᠠᠳᠤ ᠶᠢᠨ | ᠬᠢᠨᠠᠯᠲᠠ ᠪᠠ ᠬᠢᠨᠠᠨ ᠪᠤᠳᠤᠯᠳᠠ ᠶᠢᠨ ᠬᠢᠨᠠᠯᠲᠠ ᠶᠢ ᠦᠷᠭᠦᠯᠵᠢᠯᠡᠨ ᠴᠢᠩᠭᠠᠳᠬᠠᠵᠤ᠂ ᠬᠢᠨᠠᠨ ᠪᠤᠳᠤᠯᠳᠠ ᠶᠢᠨ | ᠮᠡᠳᠡᠭᠦᠯᠦᠯᠲᠡ ᠶᠢ ᠴᠠᠭ ᠲᠤᠬᠠᠢ ᠳᠤᠨᠢ ᠢᠯᠡ ᠪᠣᠯᠭᠠᠵᠤ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠠᠨᠳᠢᠪᠯᠠᠨ ᠬᠦᠷᠭᠡᠬᠦ ᠪᠡᠯᠡ ᠮᠥᠩᠭᠦ ᠶᠢᠨ ᠠᠮᠤᠷ ᠲᠦᠪᠰᠢᠨ ᠵᠢᠷᠤᠮᠵᠢᠯ ᠲᠠᠢ | ᠠᠵᠢᠯᠯᠠᠬᠤ ᠶᠢ ᠪᠠᠲᠤᠯᠠᠬᠤ ᠬᠡᠷᠡᠭᠲᠡᠢ᠃ | 2024 ᠣᠨ ᠤ 6 ᠰᠠᠷ᠎ᠠ ᠶᠢᠨ 13 ᠤᠨ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |