| ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ | ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠲᠦᠪ | ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠰᠢᠭᠤᠳ ᠬᠠᠮᠢᠶᠠᠷᠤᠯᠲᠠ ᠶᠢᠨ ᠨᠢᠭᠡᠴᠢ ᠳᠤ᠄ | ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽ᠬᠢᠩᠭᠠᠨ ᠠᠶᠢᠮᠠᠭ ᠤᠨ ᠦᠷᠡᠵᠢᠯ ᠤᠨ | ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ | ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ | ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2023 ᠣᠨ ᠤ 12 ᠰᠠᠷ᠎ᠠ ᠶᠢᠨ 29 | ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ | ᠬᠢᠩᠭᠠᠨ ᠠᠶᠢᠮᠠᠭ ᠤᠨ ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ ᠬᠥᠮᠦᠨ ᠠᠮᠠ ᠶᠢᠨ | ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠠᠷᠭ᠎ᠠ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠵᠡᠷᠭᠡ 17 | ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠭᠰᠠᠨ ᠦᠷᠡᠵᠢᠯ ᠢ ᠢᠳᠡᠪᠬᠢᠲᠡᠶ ᠳᠡᠮᠵᠢᠬᠦ ᠠᠷᠭ᠎ᠠ ᠬᠡᠮᠵᠢᠶ᠎ᠡ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠲᠤᠬᠠᠶ ᠵᠢᠯᠣᠭᠤᠳᠬᠤ ᠰᠠᠨᠠᠯ︾ ︵ᠤᠯᠤᠰ ᠡᠷᠡᠬᠦᠯ | ᠬᠠᠮᠠᠭᠠᠯᠠᠯ ᠬᠥᠮᠦᠨ ᠠᠮᠠ ᠲᠠᠷᠬᠠᠭᠠᠬᠤ ︹2022︺ 26 ᠳ᠋ᠤᠭᠠᠷ ᠲᠣᠭᠠᠲᠤ︶᠂ ︽︿ᠦᠷᠡᠵᠢᠯ ᠤᠨ | ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ | ᠬᠥᠭᠵᠢᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠤᠷᠳᠤᠨ ︵ᠥᠪᠥᠷ ᠨᠠᠮ ᠲᠠᠷᠬᠠᠭᠠᠭᠰᠠᠨ ﹇2022﹈ 12 ᠳ᠋ᠤᠭᠠᠷ ᠲᠣᠭᠠᠲᠤ︶᠂ ︽︿ᠦᠷᠡᠵᠢᠯ ᠢ | ᠢᠳᠡᠪᠬᠢᠲᠡᠶ ᠳᠡᠮᠵᠢᠬᠦ ᠠᠷᠭ᠎ᠠ ᠬᠡᠮᠵᠢᠶ᠎ᠡ ᠨᠦᠭᠦᠳ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠲᠤᠬᠠᠶ ᠵᠡᠷᠭᠡ 16 | ᠰᠠᠯᠠᠭ᠎ᠠ ᠮᠥᠴᠢᠷ ᠤᠨ ᠮᠡᠳᠡᠭᠳᠡᠯ︾ ︵ᠥᠪᠥᠷ ᠡᠷᠡᠭᠦᠯ ᠬᠠᠮᠠᠭᠠᠯᠠᠯ ᠤᠨ ᠵᠢᠷᠤᠮᠵᠢᠯ ﹇2022﹈ 4 ᠳ᠋ᠦ᠋ᠭᠡᠷ | ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 16 | ᠰᠠᠯᠠᠭ᠎ᠠ ᠮᠥᠴᠢᠷ ᠤᠨ ᠮᠡᠳᠡᠭᠳᠡᠯ︾ ︵ᠥᠪᠥᠷ ᠬᠠᠮᠠᠭᠠᠯᠠᠯ ᠤᠨ ᠵᠢᠷᠤᠮᠵᠢᠯ ﹇2022﹈ 4 ᠳ᠋ᠦ᠋ᠭᠡᠷ ᠲᠣᠭᠠᠲᠤ︶ | ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠭᠤᠷᠪᠠᠨ ᠬᠡᠤᠬᠡᠳ ᠠᠪᠬᠤ ᠲᠥᠷᠥ ᠶᠢᠨ ᠪᠣᠳᠣᠯᠭ᠎ᠠ ᠵᠢᠴᠢ ᠢᠵᠢ | ᠪᠥᠷᠢᠳᠦᠭᠦᠯᠦᠨ ᠳᠡᠮᠵᠢᠬᠦ ᠠᠷᠭ᠎ᠠ ᠬᠡᠮᠵᠢᠶ᠎ᠡ ᠶᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠣᠬᠢᠬᠤ | ᠬᠡᠮᠵᠢᠶᠡᠨ ᠤ ᠦᠷᠡᠵᠢᠯ ᠤᠨ ᠬᠢᠷᠢ ᠬᠡᠮᠵᠢᠶ᠎ᠡ ᠶᠢ ᠪᠡᠶᠡᠯᠡᠭᠦᠯᠬᠦ ᠶᠢ ᠠᠬᠢᠭᠤᠯᠤᠨ᠂ ᠬᠥᠮᠦᠨ ᠠᠮᠠ ᠶᠢᠨ ᠪᠦᠲᠦᠴᠡ ᠶᠢ | ᠰᠢᠯᠢᠳᠡᠭᠵᠢᠭᠦᠯᠵᠦ᠂ ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠂ | ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠳᠣᠤᠷᠠᠬᠢ ᠠᠷᠭ᠎ᠠ ᠬᠡᠮᠵᠢᠶ᠎ᠡ ᠶᠢ ᠲᠤᠭᠳᠠᠭᠠᠪᠠ᠃ | ᠨᠢᠭᠡ᠂ ᠭᠤᠷᠪᠠᠨ ᠬᠡᠤᠬᠡᠳ ᠠᠪᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠬᠡᠷᠡᠭᠵᠢᠭᠦᠯᠦᠨ᠎ᠡ | ︵ᠨᠢᠭᠡ︶ ᠦᠷᠡᠵᠢᠬᠦ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠢᠯᠭᠠᠷᠠᠭᠤᠯᠤᠨ ᠳᠢᠭᠯᠡᠵᠦ ᠬᠦᠴᠦᠨ ᠥᠬᠡᠶ | ᠪᠣᠯᠭᠠᠨ᠎ᠠ᠃ ᠭᠤᠷᠪᠠᠨ ᠬᠡᠤᠬᠡᠳ ᠠᠪᠬᠤ ᠲᠥᠷᠥ ᠶᠢᠨ ᠪᠣᠳᠣᠯᠭ᠎ᠠ ᠲᠠᠢ ᠨᠢᠭᠡᠳᠦᠯ ᠥᠬᠡᠶ᠂ ᠠᠪᠴᠠᠯᠳᠤᠬᠤ ᠥᠬᠡᠶ | ᠪᠠᠶᠢᠬᠤ ᠬᠤᠯᠪᠣᠭᠳᠠᠯ ᠪᠥᠬᠦᠶ ᠲᠣᠭᠲᠠᠭᠠᠯ ᠢ ᠢᠯᠭᠠᠷᠠᠭᠤᠯᠤᠨ ᠳᠢᠭᠯᠡᠵᠦ᠂ ᠨᠡᠶᠢᠭᠡᠮ ᠤᠨ ᠠᠰᠠᠷᠠᠨ ᠲᠡᠵᠢᠭᠡᠬᠦ | ᠵᠠᠷᠤᠳᠠᠯ ᠢ ᠬᠦᠴᠦᠨ ᠥᠬᠡᠶ ᠪᠣᠯᠭᠠᠵᠤ᠂ ᠡᠷᠦᠬᠡ ᠳᠤ ᠣᠷᠣᠬᠤ᠂ ᠰᠤᠷᠭᠠᠭᠤᠯᠢ ᠳᠤ ᠣᠷᠣᠬᠤ᠂ ᠠᠵᠢᠯ ᠳᠤ ᠣᠷᠣᠬᠤ | ᠵᠡᠷᠭᠡ ᠶᠢ ᠬᠤᠪᠢ ᠬᠥᠮᠦᠨ ᠤ ᠦᠷᠡᠵᠢᠯ ᠤᠨ ᠪᠠᠶᠢᠳᠠᠯ ᠠᠴᠠ ᠪᠥᠬᠦ ᠲᠠᠯ᠎ᠠ ᠪᠠᠷ ᠰᠠᠯᠭᠠᠨ᠎ᠠ᠃ ︵ᠬᠠᠷᠢᠭᠤᠴᠠᠯᠭᠠᠲᠤ | ᠨᠢᠭᠡᠴᠢ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ᠂ ᠳᠣᠷᠣᠭᠰᠢᠬᠢ ᠶᠢ ᠴᠥᠮ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ | ᠨᠠᠶᠢᠳᠠᠪᠤᠷᠢᠵᠢᠭᠤᠯᠬᠤ ᠬᠡᠷᠡᠭᠲᠡᠶ᠂ ᠳᠠᠭᠢᠵᠤ ᠵᠢᠭᠰᠠᠭᠠᠬᠤ ᠥᠬᠡᠶ︶ | ︵ᠬᠤᠶᠠᠷ︶ ᠬᠡᠷ ᠪᠦᠯᠢ ᠶᠢᠨ ᠠᠰᠠᠷᠠᠨ ᠬᠥᠮᠦᠵᠢᠭᠦᠯᠬᠦ ᠨᠥᠬᠦᠪᠥᠷᠢ ᠶᠢᠨ ᠲᠦᠷᠢᠮ ᠢ ᠬᠡᠷᠡᠭᠵᠢᠭᠦᠯᠦᠨ᠎ᠡ᠃ | 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠠᠳᠠᠯᠢ ᠨᠢᠭᠡ ᠬᠤᠤᠰ ᠡᠷ᠎ᠡ ᠡᠮ᠎ᠡ ᠬᠠᠤᠯᠢ | ᠶᠣᠰᠣᠭᠠᠷ ᠬᠤᠶᠠᠳᠤᠭᠠᠷ᠂ ᠭᠤᠷᠪᠠᠳᠤᠭᠠᠷ ᠬᠡᠤᠬᠡᠳ ᠠᠪᠤᠭᠰᠠᠨ ᠪᠠᠶᠢᠪᠠᠯ ︵ᠡᠷ᠎ᠡ ᠡᠮ᠎ᠡ ᠶᠢᠨ ᠨᠢᠭᠡ ᠲᠠᠯ᠎ᠠ ᠨᠢ ᠲᠣᠰ | ᠠᠶᠢᠮᠠᠭ ᠤᠨ ᠡᠷᠦᠬᠡ ᠠᠮᠠ ᠶᠢᠨ ᠲᠠᠩᠰᠠ ᠶᠢ ᠪᠠᠶᠢᠩᠭᠤ ᠰᠠᠭᠤᠭ᠎ᠠ ᠬᠠᠮᠢᠶᠠᠷᠤᠯᠲᠠ ᠳᠤ ᠣᠷᠣᠭᠤᠯᠬᠤ ᠮᠥᠷᠲᠡᠭᠡᠨ | ᠦᠷ᠎ᠡ ᠬᠡᠤᠬᠡᠳ ᠨᠢ ᠲᠣᠰ ᠠᠶᠢᠮᠠᠭ ᠲᠤ ᠡᠷᠦᠬᠡ ᠠᠮᠠ ᠣᠷᠣᠬᠤ︶ ᠳᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ | ᠬᠡᠤᠬᠡᠳ ᠪᠤᠶᠢᠵᠢᠭᠤᠯᠬᠤ ᠨᠡᠮᠡᠭᠦᠷᠢ 2000 ᠲᠥᠭᠦᠷᠢᠭ ᠪᠠ 5000 ᠲᠥᠭᠦᠷᠢᠭ ᠣᠯᠭᠤᠵᠤ᠂ ᠬᠡᠷᠡᠭᠰᠡᠬᠦ ᠪᠠᠯᠠ | ᠮᠥᠩᠭᠦ ᠶᠢ ᠠᠶᠢᠮᠠᠭ ᠬᠤᠰᠢᠭᠤ ᠬᠤᠶᠠᠷ ᠱᠠᠲᠤᠨ ᠠᠴᠠ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠣᠰᠣᠭᠠᠷ ᠠᠳᠠᠯᠢ ᠱᠠᠲᠤᠨ ᠤ ᠲᠥᠰᠦᠪ ᠤᠨ ᠲᠣᠬᠢᠷᠠᠭᠤᠯᠤᠯᠲᠠ ᠳᠤ ᠣᠷᠣᠭᠤᠯᠤᠨ᠎ᠠ᠃ | ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ︶ | ︵ᠭᠤᠷᠪᠠ︶ ᠬᠥᠮᠦᠨ ᠠᠮᠠ ᠶᠢᠨ ᠬᠢᠨᠠᠨ ᠬᠡᠮᠵᠢᠬᠦ ᠠᠵᠢᠯ ᠤᠨ ᠲᠣᠭᠲᠠᠴᠠ ᠶᠢ ᠪᠥᠷᠢᠨᠰᠢᠬᠦᠯᠥᠨ᠎ᠡ᠃ | ᠦᠷᠡᠵᠢᠯ ᠤᠨ ᠳᠡᠩᠰᠡᠯᠡᠯᠲᠡ ᠶᠢ ᠰᠦᠯᠵᠢᠶᠡᠨ ᠳᠡᠭᠡᠷ᠎ᠡ ᠭᠦᠢᠴᠡᠳᠭᠡᠬᠦ ᠪᠠ ᠮᠤᠵᠢ ᠠᠯᠤᠰᠯᠠᠨ ᠨᠡᠶᠢᠳᠡᠮ | ᠭᠦᠢᠴᠡᠳᠭᠡᠬᠦ ᠶᠢ ᠬᠡᠷᠡᠭᠵᠢᠭᠦᠯᠵᠦ᠂ ᠬᠥᠩᠭᠡᠵᠢᠯᠲᠡ ᠶᠢᠨ ᠠᠨᠠᠭᠠᠬᠤ ᠤᠬᠠᠭᠠᠨ ᠤ ᠭᠡᠷᠡᠴᠢᠯᠡᠯ᠂ ᠬᠡᠤᠬᠡᠳ ᠤᠨ | ᠰᠡᠷᠭᠡᠶᠢᠯᠡᠬᠦ ᠲᠠᠷᠢᠯᠭ᠎ᠠ᠂ ᠡᠷᠦᠬᠡ ᠠᠮᠠ ᠶᠢᠨ ᠳᠡᠩᠰᠡᠯᠡᠯᠲᠡ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ᠂ | ᠨᠡᠶᠢᠭᠡᠮ ᠤᠨ ᠳᠠᠭᠠᠳᠬᠠᠯ ᠤᠨ ᠺᠠᠷᠲ ᠭᠤᠶᠤᠴᠢᠯᠠᠨ ᠠᠪᠬᠤ ᠵᠡᠷᠭᠡ ︽ᠬᠥᠩᠭᠡᠵᠢᠯᠲᠡ ᠶᠢᠨ ᠨᠢᠭᠡ ᠶᠠᠪᠤᠳᠠᠯ︾ ᠢ | ᠬᠠᠮᠲᠤᠷᠠᠨ ᠭᠦᠢᠴᠡᠳᠭᠡᠬᠦ ᠶᠢ ᠠᠬᠢᠭᠤᠯᠤᠨ᠎ᠠ᠃ ᠬᠥᠮᠦᠨ ᠠᠮᠠ ᠶᠢ ᠬᠢᠨᠠᠨ ᠬᠡᠮᠵᠢᠵᠦ ᠪᠦᠷᠢᠳᠬᠡᠬᠦ ᠲᠦᠷᠢᠮ ᠢ | ᠲᠡᠭᠦᠯᠳᠡᠷᠵᠢᠭᠦᠯᠵᠦ᠂ ᠬᠥᠮᠦᠨ ᠠᠮᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠰᠢᠨᠡᠳᠬᠡᠵᠦ᠂ | ᠬᠥᠮᠦᠨ ᠠᠮᠠ ᠶᠢᠨ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠤᠨ᠂ ᠰᠤᠷᠭᠠᠨ | ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠤ ᠵᠡᠷᠭᠡ | ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠬᠠᠮᠲᠤ ᠪᠠᠷ ᠡᠳ᠋ᠯᠡᠬᠦ ᠶᠢ | ᠲᠦᠯᠬᠢᠨ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ | ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮ | ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ︶ | ᠬᠤᠶᠠᠷ᠂ ᠴᠢᠭᠢᠷᠠᠭ ᠲᠥᠷᠥᠭᠦᠯᠵᠦ ᠲᠣᠷᠨᠢᠭᠤᠨ ᠥᠰᠬᠡᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ | ︵ᠳᠥᠷᠪᠡ︶ ᠴᠢᠭᠢᠷᠠᠭ ᠲᠥᠷᠥᠭᠦᠯᠵᠦ ᠲᠣᠷᠨᠢᠭᠤᠨ ᠥᠰᠬᠡᠬᠦ ᠪᠥᠬᠦ ᠶᠠᠪᠤᠴᠠ ᠶᠢᠨ ᠦᠢᠯᠡᠴᠢᠯᠡᠭᠡ ᠶᠢ | ᠰᠠᠶᠢᠵᠢᠷᠠᠭᠤᠯᠤᠨ᠎ᠠ᠃ ᠠᠶᠢᠮᠠᠭ ᠬᠤᠰᠢᠭᠤ ᠬᠤᠶᠠᠷ ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ | ᠪᠠᠶᠢᠭᠤᠯᠤᠮᠵᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠪᠠ ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠤᠨ᠎ᠠ᠃ | ᠠᠶᠢᠮᠠᠭ ᠬᠤᠰᠢᠭᠤ ᠬᠤᠶᠠᠷ ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠲᠤᠰᠬᠠᠶ | ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠷᠡᠵᠢᠯ ᠤᠨ ᠡᠷᠡᠭᠦᠯ ᠮᠡᠨᠳᠦ ᠶᠢᠨ ᠦᠶ᠋ᠯᠡᠴᠢᠯᠡᠭᠡ ᠶᠢ | ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠪᠥᠬᠦ ᠬᠢᠲᠠᠳ ︵ᠮᠣᠩᠭᠤᠯ︶ ᠡᠮ ᠡᠮᠨᠡᠯᠭᠡ ᠶᠢᠨ ᠡᠬᠡ | ᠨᠢᠯᠬᠠᠰ ᠤᠨ ᠤᠷᠢᠳᠴᠢᠯᠠᠨ ᠰᠡᠷᠭᠡᠶᠢᠯᠡᠵᠦ ᠡᠷᠡᠭᠦᠯᠵᠢᠭᠦᠯᠬᠦ ᠪᠠ ᠡᠪᠡᠳᠴᠢᠨ ᠡᠮᠭᠡᠭ ᠢ ᠣᠨᠣᠰᠢᠯᠠᠨ ᠡᠮᠨᠡᠬᠦ ᠳᠤᠮᠳᠠᠬᠢ | ᠥᠪᠡᠷᠮᠢᠴᠡ ᠦᠢᠯᠡᠳᠦᠯ ᠢ ᠭᠦᠢᠴᠡᠳ ᠪᠠᠳᠠᠷᠠᠭᠤᠯᠵᠤ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ | ᠬᠥᠩᠭᠡᠵᠢᠭᠦᠯᠬᠦ ᠰᠠᠯᠠᠭ᠎ᠠ᠂ ᠬᠡᠤᠬᠡᠳ ᠤᠨ ᠡᠮᠨᠡᠯᠭᠡ ᠶᠢᠨ ᠬᠢᠲᠠᠳ ︵ᠮᠣᠩᠭᠤᠯ︶ ᠡᠮ ᠡᠮᠨᠡᠯᠭᠡ ᠶᠢᠨ ᠳᠣᠭᠢᠷᠠᠬᠤ | ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠪᠣᠯᠤᠨ ᠬᠤᠲᠠ ᠪᠠᠯᠭᠠᠰᠤ ᠶᠢᠨ | ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠬᠡᠷ ᠪᠦᠯᠢ ᠶᠢᠨ ᠵᠣᠬᠢᠬᠤ ᠨᠠᠰᠤᠨ ᠤ ᠡᠮᠡᠭᠲᠡᠶᠢᠴᠦᠳ ᠤᠨ ︽ | ᠬᠤᠶᠠᠷ ᠥᠮᠡᠨ︾ ᠢ ᠰᠢᠭᠰᠢᠨ ᠪᠠᠶᠢᠴᠠᠭᠠᠬᠤ ᠲᠥᠷᠥᠯ ᠵᠦᠢᠯ ᠤᠨ ᠠᠵᠢᠯ ᠢ ᠰᠠᠶᠢᠲᠤᠷ ᠬᠢᠨ᠎ᠠ᠃ ︵ᠬᠠᠷᠢᠭᠤᠴᠠᠯᠭᠠᠲᠤ | ᠨᠢᠭᠡᠴᠢ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ | ᠲᠣᠪᠴᠢᠶ᠎ᠠ᠂ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ︶ | ︵ᠲᠠᠪᠤ︶ ᠬᠡᠤᠬᠡᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ ᠡᠬᠡ | ᠨᠢᠯᠬᠠᠰ ᠤᠨ ᠠᠮᠤᠷ ᠲᠦᠪᠰᠢᠨ ᠤ ᠲᠠᠪᠤᠨ ᠵᠦᠢᠯ ᠤᠨ ᠲᠦᠷᠢᠮ ᠢ ᠬᠡᠷᠡᠭᠵᠢᠭᠦᠯᠵᠦ᠂ ᠡᠬᠡ ᠨᠢᠯᠬᠠᠰ ᠤᠨ ᠠᠮᠤᠷ | ᠲᠦᠪᠰᠢᠨ ᠤ ᠠᠵᠢᠯᠯᠠᠭ᠎ᠠ ᠶᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠦᠨ᠂ ᠠᠶᠤᠯ ᠶᠡᠬᠡᠲᠡᠶ ᠵᠢᠷᠮᠦᠰᠦᠨ | ᠡᠮᠡᠭᠲᠡᠶ ᠶᠢᠨ ᠲᠤᠰᠬᠠᠶ ᠬᠡᠷᠡᠭ ᠤᠨ ᠬᠠᠮᠢᠶᠠᠷᠤᠯᠲᠠ ᠶᠢ ᠴᠢᠩᠭᠠᠷᠠᠭᠤᠯᠵᠤ᠂ ᠵᠢᠷᠮᠦᠰᠦᠨ ᠤ ᠲᠦᠭᠰᠢᠭᠦᠷᠢ ᠶᠢ ᠰᠢᠭᠰᠢᠨ | ᠪᠠᠶᠢᠴᠠᠭᠠᠬᠤ ᠪᠠ ᠦᠨᠡᠯᠡᠨ ᠵᠢᠱᠢᠬᠦ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠦᠨᠳᠦ ᠲᠦᠭᠰᠢᠭᠦᠷᠢ ᠲᠠᠢ | ᠵᠢᠷᠮᠦᠰᠦᠨ ᠡᠮᠡᠭᠲᠡᠶ ᠪᠠ ᠨᠢᠷᠠᠶ ᠬᠡᠤᠬᠡᠳ ᠢ ᠠᠪᠤᠷᠠᠨ ᠵᠠᠰᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠠᠪᠤᠷᠠᠨ ᠵᠠᠰᠠᠬᠤ ᠲᠣᠤᠷ ᠰᠦᠯᠵᠢᠶ᠎ᠡ ᠶᠢ ᠪᠦᠷᠢᠨᠰᠢᠬᠦᠯᠦᠨ᠂ 2025 ᠣᠨ ᠪᠣᠯᠬᠤ ᠳᠤ᠂ ᠡᠯ᠎ᠡ ᠬᠤᠰᠢᠭᠤ ᠰᠢᠶᠠᠨ | ᠬᠤᠲᠠ ᠨᠤᠭᠤᠳ ᠪᠠᠷᠢᠮᠵᠢᠶ᠎ᠠ ᠳᠤ ᠬᠦᠷᠦᠭᠰᠡᠨ ᠬᠦᠨᠳᠦ ᠲᠦᠭᠰᠢᠭᠦᠷᠢ ᠲᠠᠢ ᠵᠢᠷᠮᠦᠰᠦᠨ ᠡᠮᠡᠭᠲᠡᠶ ᠪᠠ ᠨᠢᠷᠠᠶ ᠬᠡᠤᠬᠡᠳ ᠢ | ᠠᠪᠤᠷᠠᠨ ᠵᠠᠰᠠᠬᠤ ᠲᠥᠪ ᠪᠠ ᠬᠦᠨᠳᠦ ᠲᠦᠭᠰᠢᠭᠦᠷᠢ ᠲᠠᠢ ᠨᠢᠷᠠᠶ ᠬᠡᠤᠬᠡᠳ ᠢ ᠠᠪᠤᠷᠠᠨ ᠵᠠᠰᠠᠬᠤ ᠲᠥᠪ ᠢ ᠨᠠᠭᠠᠳᠤ | ᠵᠠᠬ᠎ᠠ ᠳᠠᠭᠠᠨ ᠲᠣᠰ ᠲᠣᠰ 1 ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ | ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠮ ᠡᠮᠨᠡᠯᠭᠡ ᠶᠢᠨ | ᠳᠠᠭᠠᠳᠬᠠᠯ ᠤᠨ ᠲᠣᠪᠴᠢᠶ᠎ᠠ᠂ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ︶ | ︵ᠵᠢᠷᠭᠤᠭ᠎ᠠ︶ ᠦᠷᠡᠵᠢᠯ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠴᠢᠩᠭᠠᠳᠬᠠᠨ᠎ᠠ᠃ ᠣᠯᠠᠨ ᠰᠠᠯᠠᠭ᠎ᠠ | ᠮᠥᠴᠢᠷ ᠬᠤᠯᠪᠣᠭᠠᠯᠠᠨ ᠬᠥᠳᠡᠯᠦᠯᠴᠡᠵᠦ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠦᠨ᠎ᠡ᠃ ᠵᠡᠷᠡᠮᠳᠡᠭ ᠲᠦᠷᠦᠭᠦ ᠶᠢ ᠭᠤᠷᠪᠠᠨ ᠱᠠᠲᠤ ᠪᠠᠷ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ | ᠬᠡᠷᠡᠭᠵᠢᠭᠦᠯᠵᠦ᠂ ᠵᠡᠷᠡᠮᠳᠡᠭ ᠲᠦᠷᠦᠭᠦ ᠶᠢ ᠰᠡᠷᠭᠡᠶᠢᠯᠡᠨ ᠡᠵᠡᠮᠳᠡᠬᠦ ᠯᠠᠪᠯᠠᠯᠭ᠎ᠠ ᠶᠢ ᠴᠢᠩᠭᠠᠳᠬᠠᠨ᠂ ᠤᠷᠤᠭᠯᠠᠬᠤ ᠠᠴᠠ | ᠡᠮᠦᠨᠡᠬᠢ ᠠᠨᠠᠭᠠᠬᠤ ᠤᠬᠠᠭᠠᠨ ᠤ ᠪᠠᠶᠢᠴᠠᠭᠠᠯᠲᠠ᠂ ᠦᠷᠡᠵᠢᠯ ᠤᠨ ᠵᠢᠯᠣᠭᠤᠳᠣᠯᠭ᠎ᠠ ᠶᠢᠨ ︽ᠨᠢᠭᠡ ᠥᠷᠲᠡᠭᠡᠨ ᠤ | ᠮᠠᠶ᠋ᠢᠭ︾ ᠤᠨ ᠦᠢᠯᠡᠴᠢᠯᠡᠭᠡ ᠶᠢ ᠠᠬᠢᠭᠤᠯᠤᠨ᠎ᠠ᠃ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠬᠤ ᠪᠠ | ᠬᠥᠩᠭᠡᠵᠢᠬᠦ ᠠᠴᠠ ᠡᠮᠦᠨᠡᠬᠢ ᠣᠨᠣᠰᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠨᠢᠷᠠᠶ ᠬᠡᠤᠬᠡᠳ ᠤᠨ ᠤᠯᠠᠮᠵᠢᠯᠠᠯᠲᠤ ︽ | ᠭᠤᠷᠪᠠᠨ ᠡᠪᠡᠳᠴᠢᠨ︾ ᠢ ᠰᠢᠭᠰᠢᠨ ᠪᠠᠶᠢᠴᠠᠭᠠᠬᠤ ᠶᠢ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠳᠤ ᠣᠷᠣᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠮᠴᠢᠯᠡᠭᠡᠨ ᠤ | ᠳᠠᠭᠠᠳᠬᠠᠯ ᠤᠨ ᠲᠣᠪᠴᠢᠶ᠎ᠠ᠂ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ︶ | ︵ᠳᠣᠯᠤᠭ᠎ᠠ︶ ᠬᠡᠷ ᠪᠦᠯᠢ ᠶᠢᠨ ᠨᠢᠯᠬ᠎ᠠ ᠬᠡᠤᠬᠡᠳ ᠢ ᠬᠠᠷᠠᠭᠠᠯᠵᠠᠨ ᠠᠰᠠᠷᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠶᠢᠮᠠᠭ ᠤᠨ ᠲᠠᠰ ᠤᠨ ᠬᠡᠤᠬᠡᠳ ᠤᠨ ᠰᠠᠯᠠᠭ᠎ᠠ ᠶᠢᠨ ᠶᠠᠰᠤ ᠴᠢᠨᠠᠷ ᠢ ᠡᠵᠡᠮᠳᠡᠬᠦ ᠲᠣᠤᠷ | ᠰᠦᠯᠵᠢᠶ᠎ᠡ ᠶᠢ ᠪᠦᠷᠢᠨᠰᠢᠬᠦᠯᠦᠨ᠂ ᠮᠠᠨ ᠤ ᠠᠶᠢᠮᠠᠭ ᠤᠨ ᠬᠡᠤᠬᠡᠳ ᠤᠨ ᠰᠠᠯᠠᠭ᠎ᠠ ᠶᠢᠨ ᠰᠢᠨᠵᠢᠯᠡᠭᠡᠨ ᠤ ᠰᠠᠯᠠᠭ᠎ᠠ ᠶᠢᠨ | ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠡᠤᠬᠡᠳ ᠤᠨ ᠡᠷᠡᠭᠦᠯᠵᠢᠯ ᠤᠨ ᠡᠭᠦᠳᠡᠨ ᠡᠮᠨᠡᠯᠭᠡ ᠶᠢᠨ ᠪᠠᠷᠢᠮᠵᠢᠶᠠᠵᠢᠭᠤᠯᠤᠯᠲᠠ | ᠂ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠨ᠂ ᠬᠡᠤᠬᠡᠳ ᠪᠠᠭᠠᠴᠤᠳ ᠤᠨ ᠣᠶᠢᠷ᠎ᠠ ᠬᠠᠷᠠᠭ᠎ᠠ᠂ ᠰᠢᠮ᠎ᠡ | ᠲᠡᠵᠢᠭᠡᠯ ᠲᠡᠩᠴᠡᠭᠦᠷᠢ ᠥᠬᠡᠶ᠂ ᠰᠢᠳᠦ ᠬᠤᠷᠣᠬᠠᠶᠢᠲᠤᠬᠤ ᠵᠡᠷᠭᠡ ᠲᠦᠭᠰᠢᠭᠦᠷᠢ ᠶᠢᠨ ᠬᠦᠴᠦᠨ ᠵᠦᠢᠯ ᠪᠠ ᠡᠪᠡᠳᠴᠢᠨ | ᠡᠮᠭᠡᠭ ᠢ ᠰᠢᠭᠰᠢᠨ ᠪᠠᠶᠢᠴᠠᠭᠠᠬᠤ᠂ ᠣᠨᠣᠰᠢᠯᠠᠬᠤ᠂ ᠬᠠᠮᠢᠶᠠᠷᠬᠤ ᠠᠵᠢᠯ ᠢ ᠥᠷᠨᠢᠭᠦᠯᠦᠨ᠎ᠡ᠃ ᠰᠢᠨᠵᠢᠯᠡᠬᠦ | ᠤᠬᠠᠭᠠᠨᠴᠢ ᠪᠠᠷ ᠬᠡᠤᠬᠡᠳ ᠪᠤᠶᠢᠵᠢᠭᠤᠯᠬᠤ ᠮᠡᠳᠡᠯᠭᠡ ᠪᠠ ᠮᠡᠷᠭᠡᠵᠢᠯ ᠴᠢᠳᠠᠪᠤᠷᠢ ᠶᠢ ᠲᠦᠭᠡᠮᠡᠯᠵᠢᠭᠦᠯᠵᠦ᠂ ᠨᠡᠶᠢᠭᠡᠮ | ᠲᠣᠭᠤᠷᠢᠭ ᠤᠨ ᠬᠡᠷ ᠪᠦᠯᠢ ᠶᠢᠨ ᠬᠡᠤᠬᠡᠳ ᠪᠤᠶᠢᠵᠢᠭᠤᠯᠬᠤ ᠵᠢᠯᠣᠭᠤᠳᠬᠤ ᠥᠷᠲᠡᠭᠡ ᠶᠢ ᠪᠠᠶᠢᠭᠤᠯᠤᠨ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠰᠢᠨᠵᠢᠯᠡᠬᠦ ᠤᠬᠠᠭᠠᠨᠴᠢ ᠪᠠᠷ ᠬᠡᠤᠬᠡᠳ ᠪᠤᠶᠢᠵᠢᠭᠤᠯᠬᠤ ᠵᠢᠯᠣᠭᠤᠳᠣᠯᠭ᠎ᠠ ᠶᠢ ᠬᠠᠩᠭᠠᠨ᠎ᠠ᠃ | ᠨᠡᠶᠢᠭᠡᠮ ᠲᠣᠭᠤᠷᠢᠭ ᠤᠨ ᠬᠡᠷ ᠪᠦᠯᠢ ᠶᠢᠨ ᠬᠠᠮᠲᠤᠷᠠᠨ ᠬᠥᠳᠡᠯᠦᠯᠴᠡᠵᠦ ᠬᠠᠮᠵᠢᠯᠴᠠᠨ ᠬᠡᠤᠬᠡᠳ ᠪᠤᠶᠢᠵᠢᠭᠤᠯᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠡᠷ ᠪᠦᠯᠢ ᠪᠠᠷ ᠨᠢᠭᠡᠴᠢ ᠪᠣᠯᠭᠠᠨ ᠵᠢᠷᠮᠦᠰᠦᠯᠡᠵᠦ ᠲᠣᠷᠨᠢᠭᠤᠨ | ᠲᠥᠷᠥᠭᠦᠯᠵᠦ ᠲᠣᠷᠨᠢᠭᠤᠨ ᠥᠰᠬᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠪᠠ ᠰᠡᠳᠬᠢᠴᠡ ᠶᠢᠨ ᠬᠠᠪᠰᠤᠷᠤᠨ | ᠵᠢᠯᠣᠭᠤᠳᠣᠯᠭ᠎ᠠ ᠶᠢ ᠴᠢᠩᠭᠠᠳᠬᠠᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ | ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠠᠶᠢᠮᠠᠭ ᠤᠨ | ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠠᠶᠢᠮᠠᠭ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ︶ | | ᠭᠤᠷᠪᠠ᠂ ᠨᠠᠶᠢᠳᠠᠨ ᠬᠥᠮᠦᠵᠢᠭᠦᠯᠬᠦ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠎ᠡ | ︵ᠨᠠᠢᠮᠠ︶ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠨᠢᠯᠬ᠎ᠠ | ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡ ᠶᠢ ᠠᠵᠤ ᠠᠬᠤᠶ ᠨᠡᠶᠢᠭᠡᠮ ᠤᠨ ᠬᠥᠭᠵᠢᠯᠲᠡ᠂ ᠤᠯᠠᠨ | ᠨᠡᠶᠢᠲᠡ ᠶᠢᠨ ᠦᠢᠯᠡᠴᠢᠯᠡᠭᠡ ᠵᠡᠷᠭᠡ ᠲᠤᠰᠬᠠᠶ ᠵᠦᠢᠯ ᠤᠨ ᠲᠥᠯᠥᠪᠵᠢᠭᠦᠯᠭᠡ ᠳᠤ ᠣᠷᠣᠭᠤᠯᠤᠨ᠎ᠠ᠃ 2025 ᠣᠨ | ᠪᠣᠯᠬᠤ ᠳᠤ᠂ ᠠᠶᠢᠮᠠᠭ ᠤᠨ ᠱᠠᠲᠤᠨ ᠳᠤ ᠪᠠᠷᠢᠮᠵᠢᠶᠠᠵᠢᠭᠤᠯᠤᠭᠰᠠᠨ ᠬᠡᠤᠬᠡᠳ ᠰᠠᠭᠠᠲᠠᠭᠤᠯᠬᠤ ᠶᠡᠷᠦᠩᠬᠡᠶᠢᠯᠡᠭᠰᠡᠨ | ᠦᠢᠯᠡᠴᠢᠯᠡᠭᠡᠨ ᠤ ᠲᠥᠪ ᠢ 1 ᠪᠠᠶᠢᠭᠤᠯᠵᠤ᠂ ᠬᠤᠰᠢᠭᠤ ᠰᠢᠶᠠᠨ ᠬᠤᠲᠠ ᠨᠢᠭᠡᠪᠦᠷᠢ ᠳᠤ ᠠᠯᠪᠠᠨ ᠠᠴᠠ ᠡᠷᠭᠢᠯᠡᠭᠰᠡᠨ | ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢ ᠠᠳᠠᠭ ᠲᠠᠭᠠᠨ 2 ᠪᠠᠶᠢᠭᠤᠯᠤᠨ᠎ᠠ᠃ ᠣᠯᠠᠨ | ᠲᠦᠮᠡᠨ ᠤ ᠨᠠᠶᠢᠳᠠᠨ ᠬᠥᠮᠦᠵᠢᠭᠦᠯᠬᠦ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠪᠠᠷ ᠶᠡᠭᠡ ᠰᠤᠮᠤ ᠰᠢᠶᠠᠩ ᠪᠠᠯᠭᠠᠰᠤ | ︵ᠵᠡᠭᠡᠯᠢ ᠭᠤᠳᠤᠮᠵᠢ︶ ᠳᠤ ᠨᠡᠶᠢᠳᠡᠮ ᠬᠠᠷᠠᠭᠠᠯᠵᠠᠬᠤ ᠨᠠᠶᠢᠳᠠᠨ ᠬᠥᠮᠦᠵᠢᠭᠦᠯᠬᠦ ᠦᠢᠯᠡᠴᠢᠯᠡᠭᠡᠨ ᠤ ᠲᠠᠯᠠᠪᠤᠷ ᠭᠠᠵᠠᠷ ᠢ | ᠪᠥᠲᠥᠭᠡᠨ ᠪᠠᠶᠢᠭᠤᠯᠤᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠪᠠᠷ ᠨᠡᠶᠢᠳᠡᠮ ᠠᠰᠢᠭ ᠬᠦᠷᠲᠡᠭᠡᠬᠦ ᠨᠠᠶᠢᠳᠠᠨ | ᠬᠥᠮᠦᠵᠢᠭᠦᠯᠬᠦ ᠬᠥᠭᠵᠢᠯᠲᠡ ᠶᠢ ᠳᠡᠮᠵᠢᠬᠦ ᠵᠦᠢᠯᠡᠰ ᠢ ᠢᠳᠡᠪᠬᠢᠲᠡᠶ ᠪᠠᠷ ᠮᠡᠳᠡᠭᠦᠯᠦᠨ᠎ᠡ᠃ ᠬᠡᠤᠬᠡᠳ ᠰᠠᠭᠠᠲᠠᠭᠤᠯᠬᠤ | ᠪᠠᠶᠢᠭᠤᠯᠤᠮᠵᠢ ᠪᠠ ᠲᠦᠬᠦᠭᠡᠷᠣᠮᠵᠢ ᠶᠢᠨ ᠰᠢᠨ᠎ᠡ ᠪᠠᠷ ᠨᠡᠮᠡᠭᠳᠡᠭᠦᠯᠬᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠲᠥᠯᠥᠪᠯᠡᠭᠡ ᠶᠢᠨ ᠭᠦᠢᠴᠡᠳᠭᠡᠯ ᠲᠤᠭ᠎ᠠ ᠶᠢ ᠤᠷᠢᠳᠠᠪᠠᠷ ᠨᠠᠶᠢᠳᠠᠪᠤᠷᠢᠵᠢᠭᠤᠯᠵᠤ᠂ ︽ᠬᠤᠪᠢᠶᠠᠷᠢᠯᠠᠨ | ᠰᠠᠯᠭᠠᠵᠤ ᠬᠡᠷᠡᠭᠯᠡᠬᠦ ᠭᠠᠵᠠᠷ ᠤᠨ ᠭᠠᠷᠴᠠᠭ︾ ᠲᠤ ᠨᠡᠶᠢᠴᠡᠬᠦ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ | ᠲᠦᠬᠦᠭᠡᠷᠣᠮᠵᠢ ᠪᠠ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠤᠪᠢᠶᠠᠷᠢᠯᠠᠨ ᠰᠠᠯᠭᠠᠬᠤ ᠠᠷᠭ᠎ᠠ ᠮᠠᠶ᠋ᠢᠭ ᠢᠶᠠᠷ ᠪᠠᠲᠤᠯᠠᠨ᠎ᠠ᠃ | ᠨᠠᠶᠢᠳᠠᠨ ᠬᠥᠮᠦᠵᠢᠭᠦᠯᠬᠦ ᠪᠠᠶᠢᠭᠤᠯᠤᠮᠵᠢ᠂ ᠨᠡᠶᠢᠭᠡᠮ ᠲᠣᠭᠤᠷᠢᠭ᠂ ᠬᠡᠷ ᠪᠦᠯᠢ ᠶᠢᠨ ᠨᠠᠶᠢᠳᠠᠨ ᠬᠥᠮᠦᠵᠢᠭᠦᠯᠬᠦ | ᠦᠢᠯᠡᠴᠢᠯᠡᠭᠡᠨ ᠤ ᠦᠢᠯᠡᠰ ᠤᠨ ᠬᠡᠷᠡᠭᠯᠡᠬᠦ ᠤᠰᠤ᠂ ᠴᠠᠬᠢᠯᠭᠠᠨ᠂ ᠬᠡᠶ ᠳᠤ ᠰᠠᠭᠤᠭᠠᠯᠢ ᠠᠷᠠᠳ ᠤᠨ ᠠᠮᠢᠳᠤᠷᠠᠯ ᠤᠨ | ᠲᠥᠷᠥᠯ ᠤᠨ ᠦᠨ᠎ᠡ ᠬᠠᠩᠰᠢ ᠶᠢ ᠬᠡᠷᠡᠭᠵᠢᠭᠦᠯᠵᠦ᠂ ᠨᠢᠭᠡᠨᠲᠡ ᠳᠠᠩᠰᠠᠯᠠᠭᠤᠯᠤᠭᠰᠠᠨ ᠪᠥᠭᠡᠳ ᠵᠢᠷᠤᠮᠵᠢᠭᠤᠯᠤᠨ | ᠡᠵᠡᠩᠨᠡᠭᠰᠡᠨ ᠨᠠᠶᠢᠳᠠᠨ ᠬᠥᠮᠦᠵᠢᠭᠦᠯᠬᠦ ᠪᠠᠶᠢᠭᠤᠯᠤᠮᠵᠢ ᠳᠤ ᠪᠥᠲᠥᠭᠡᠨ ᠪᠠᠶᠢᠭᠤᠯᠤᠯᠲᠠ᠂ ᠡᠵᠡᠩᠨᠡᠯᠲᠡ ᠶᠢᠨ ᠨᠥᠬᠦᠪᠥᠷᠢ | ᠵᠡᠷᠭᠡ ᠲᠥᠷᠥ ᠶᠢᠨ ᠪᠣᠳᠣᠯᠭ᠎ᠠ ᠶᠢ ᠣᠯᠭᠤᠵᠤ᠂ ᠬᠡᠷᠡᠭᠰᠡᠬᠦ ᠪᠠᠯᠠ ᠮᠥᠩᠭᠦ ᠶᠢ ᠠᠶᠢᠮᠠᠭ ᠬᠤᠰᠢᠭᠤ ᠬᠤᠶᠠᠷ | ᠱᠠᠲᠤᠨ ᠠᠴᠠ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠣᠰᠣᠭᠠᠷ | ᠠᠳᠠᠯᠢ ᠱᠠᠲᠤᠨ ᠤ ᠲᠥᠰᠦᠪ ᠤᠨ ᠲᠣᠬᠢᠷᠠᠭᠤᠯᠤᠯᠲᠠ ᠳᠤ ᠣᠷᠣᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ | ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠢᠩᠭᠠᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ︶ | ︵ᠶᠢᠰᠦ︶ ᠨᠡᠶᠢᠳᠡᠮ ᠬᠠᠷᠠᠭᠠᠯᠵᠠᠵᠤ ᠨᠠᠶᠢᠳᠠᠨ ᠬᠥᠮᠦᠵᠢᠭᠦᠯᠬᠦ ᠦᠢᠯᠡᠴᠢᠯᠡᠭᠡᠨ ᠤ ᠰᠢᠰᠲ᠋ᠧᠮᠵᠢ ᠶᠢ | ᠪᠦᠷᠢᠨᠰᠢᠭᠦᠯᠦᠨ᠎ᠡ᠃ ᠬᠡᠤᠬᠡᠳ ᠰᠠᠭᠠᠲᠠᠭᠤᠯᠬᠤ ᠦᠢᠯᠡᠴᠢᠯᠡᠭᠡ ᠶᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ | ᠰᠢᠰᠲ᠋ᠧᠮᠵᠢ ᠳᠤ ᠣᠷᠣᠭᠤᠯᠵᠤ᠂ ᠡᠯ᠎ᠡ ᠭᠠᠵᠠᠷ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠣᠮᠵᠢ ᠵᠢᠴᠢ | ᠰᠤᠯᠠ ᠪᠠᠶᠢᠭ᠎ᠠ ᠡᠬᠢ ᠪᠠᠶᠠᠯᠢᠭ ᠢ ᠠᠰᠢᠭᠯᠠᠨ᠂ ᠨᠠᠶᠢᠳᠠᠬᠤ ᠪᠤᠶᠤ ᠦᠢᠯᠡᠴᠢᠯᠡᠭᠡ ᠬᠤᠳᠠᠯᠳᠤᠨ ᠠᠪᠬᠤ ᠠᠷᠭ᠎ᠠ | ᠮᠠᠶ᠋ᠢᠭ ᠢᠶᠠᠷ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠬᠡᠤᠬᠡᠳ ᠰᠠᠭᠠᠲᠠᠭᠤᠯᠬᠤ ᠪᠠᠶᠢᠭᠤᠯᠤᠮᠵᠢ ᠡᠷᠭᠢᠯᠡᠬᠦ ᠶᠢ | ᠠᠬᠢᠭᠤᠯᠵᠤ᠂ ︽15 ᠮᠢᠨᠦ᠋ᠲ︾ ᠤᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠲᠣᠭᠤᠷᠢᠭ ᠢ ᠪᠠᠶᠢᠭᠤᠯᠤᠨ᠎ᠠ᠃ | 2025 ᠣᠨ ᠪᠣᠯᠬᠤ ᠳᠤ᠂ ᠪᠥᠬᠦ ᠠᠶᠢᠮᠠᠭ ᠤᠨ ᠬᠤᠲᠠ ᠶᠢᠨ ᠨᠡᠶᠢᠭᠡᠮ ᠲᠣᠭᠤᠷᠢᠭ ᠤᠨ ᠬᠡᠤᠬᠡᠳ ᠰᠠᠭᠠᠲᠠᠭᠤᠯᠬᠤ | ᠦᠢᠯᠡᠴᠢᠯᠡᠭᠡᠨ ᠤ ︵ᠬᠡᠤᠬᠡᠳ ᠰᠠᠭᠠᠲᠠᠭᠤᠯᠬᠤ ᠪᠠᠶᠢᠭᠤᠯᠤᠮᠵᠢ᠂ ᠬᠡᠤᠬᠡᠳ ᠤᠨ ᠴᠡᠴᠡᠷᠯᠢᠭ ᠤᠨ ᠬᠡᠤᠬᠡᠳ | ᠰᠠᠭᠠᠲᠠᠭᠤᠯᠬᠤ ᠠᠩᠭᠢ᠂ ᠬᠡᠷ ᠪᠦᠯᠢ ᠶᠢᠨ ᠬᠡᠤᠬᠡᠳ ᠰᠠᠭᠠᠲᠠᠭᠤᠯᠬᠤ ᠴᠢᠬ ᠵᠡᠷᠭᠡ︶ ᠤ ᠪᠦᠷᠬᠦᠴᠡ ᠶᠢᠨ ᠨᠣᠷᠮ᠎ᠠ ᠶᠢ | 80% ᠠᠴᠠ ᠳᠡᠭᠡᠭᠰᠢ ᠳᠤ ᠬᠦᠷᠦᠭᠦᠯᠦᠨ᠎ᠡ᠃ ᠨᠥᠬᠦᠴᠡᠯ ᠲᠠᠢ ᠬᠡᠤᠬᠡᠳ ᠤᠨ ᠴᠡᠴᠡᠷᠯᠢᠭ ᠲᠤ 2 — 3 | ᠨᠠᠰᠤᠨ ᠤ ᠨᠢᠯᠬ᠎ᠠ ᠬᠡᠤᠬᠡᠳ ᠤᠨ ᠴᠡᠴᠡᠷᠯᠢᠭ ᠤᠨ ᠠᠩᠭᠢ ᠡᠷᠭᠢᠯᠡᠬᠦ ᠶᠢ ᠠᠬᠢᠭᠤᠯᠤᠨ᠎ᠠ᠃ ᠬᠡᠷ ᠪᠦᠯᠢ ᠶᠢᠨ | ᠬᠥᠭᠵᠢᠯᠲᠡ ᠶᠢᠨ ᠦᠢᠯᠡᠴᠢᠯᠡᠭᠡᠨ ᠤ ᠲᠥᠪ ᠢ ᠭᠦᠶ᠋ᠴᠡᠳ ᠠᠰᠢᠭᠯᠠᠨ᠂ ᠬᠡᠷ ᠪᠦᠯᠢ ᠶᠢᠨ ᠰᠢᠨᠵᠢᠯᠡᠬᠦ ᠤᠬᠠᠭᠠᠨᠴᠢ ᠪᠠᠷ | ᠬᠡᠤᠬᠡᠳ ᠪᠤᠶᠢᠵᠢᠭᠤᠯᠬᠤ ᠶᠢ ᠵᠢᠯᠣᠭᠤᠳᠴᠤ᠂ ᠦᠶ᠎ᠡ ᠠᠯᠤᠰᠯᠠᠨ ᠬᠠᠷᠠᠭᠠᠯᠵᠠᠬᠤ᠂ ᠬᠡᠷ ᠪᠦᠯᠢ ᠶᠢᠨ ᠬᠠᠷᠢᠯᠴᠠᠨ | ᠬᠠᠪᠰᠤᠷᠤᠯᠴᠠᠬᠤ ᠵᠡᠷᠭᠡ ᠬᠠᠷᠠᠭᠠᠯᠵᠠᠨ ᠠᠰᠠᠷᠠᠬᠤ ᠵᠠᠭᠪᠤᠷ ᠤᠨ ᠬᠥᠭᠵᠢᠯᠲᠡ ᠶᠢ ᠳᠡᠮᠵᠢᠨ᠎ᠡ᠃ ᠬᠦᠷᠢᠶᠡᠯᠡᠩ | ᠲᠣᠭᠤᠷᠢᠭ᠂ ᠨᠥᠬᠦᠴᠡᠯ ᠲᠠᠢ ᠬᠥᠮᠦᠨ ᠬᠡᠷᠡᠭᠯᠡᠬᠦ ᠨᠢᠭᠡᠴᠢ ᠶᠢᠨ ᠪᠦᠬᠦᠯᠢ ᠡᠳᠦᠷ ᠤᠨ ᠨᠠᠶᠢᠳᠠᠯᠭ᠎ᠠ᠂ ᠬᠠᠭᠠᠰ | ᠡᠳᠦᠷ ᠤᠨ ᠨᠠᠶᠢᠳᠠᠯᠭ᠎ᠠ᠂ ᠴᠠᠭ ᠢᠶᠠᠷ ᠪᠤᠳᠤᠬᠤ ᠨᠠᠶᠢᠳᠠᠯᠭ᠎ᠠ᠂ ᠲᠦᠷ ᠴᠠᠭ ᠤᠨ ᠨᠠᠶᠢᠳᠠᠯᠭ᠎ᠠ ᠵᠡᠷᠭᠡ ᠣᠯᠠᠨ | ᠶᠠᠩᠵᠤ ᠶᠢᠨ ᠨᠠᠶᠢᠳᠠᠨ ᠬᠥᠮᠦᠵᠢᠭᠦᠯᠬᠦ ᠣᠶᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ ᠨᠥᠬᠦᠴᠡᠯ ᠲᠠᠢ ᠪᠣᠯ | ᠰᠠᠭᠤᠭᠠᠯᠢ ᠠᠷᠠᠳ ᠲᠤ ᠴᠢᠯᠥᠭᠡᠲᠡᠶ ᠨᠡᠭᠡᠭᠡᠵᠦ ᠪᠣᠯᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ | ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠶᠢᠮᠠᠭ ᠤᠨ | ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭ᠎ᠠ︶ | ︵ᠠᠷᠪᠠ︶ ᠨᠠᠶᠢᠳᠠᠨ ᠬᠥᠮᠦᠵᠢᠭᠦᠯᠬᠦ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠪᠥᠬᠦ | ᠤᠯᠤᠰ ᠤᠨ ᠨᠢᠯᠬ᠎ᠠ ᠬᠡᠤᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠬᠤᠲᠠ ᠶᠢ | ᠡᠭᠦᠳᠦᠨ ᠪᠠᠶᠢᠭᠤᠯᠵᠤ᠂ ᠡᠯ᠎ᠡ ᠭᠠᠵᠠᠷ ᠤᠨ ᠬᠢᠨ ᠤ ᠨᠢᠯᠬ᠎ᠠ ᠬᠡᠤᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ | ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃ ︽ᠡᠮᠨᠡᠬᠦ ᠪᠠ | ᠪᠤᠶᠢᠵᠢᠭᠤᠯᠬᠤ ᠶᠢ ᠤᠶᠠᠯᠳᠤᠭᠤᠯᠬᠤ︾ ᠦᠢᠯᠡᠴᠢᠯᠡᠭᠡᠨ ᠤ ᠵᠠᠭᠪᠤᠷ ᠢ ᠬᠥᠭᠵᠢᠭᠦᠯᠵᠦ᠂ ᠨᠢᠯᠬ᠎ᠠ ᠬᠡᠤᠬᠡᠳ ᠢ ᠥᠰᠬᠡᠨ | ᠪᠤᠶᠢᠵᠢᠭᠤᠯᠬᠤ᠂ ᠠᠰᠠᠷᠠᠨ ᠪᠤᠶᠢᠵᠢᠭᠤᠯᠬᠤ ᠶᠢ ᠠᠬᠢᠭᠤᠯᠤᠨ᠂ ᠰᠤᠷᠭᠠᠨ ᠬᠥᠮᠦᠵᠢᠯ ᠢ ᠡᠪᠡᠳᠴᠢᠨ ᠡᠮᠭᠡᠭ ᠢ | ᠰᠡᠷᠭᠡᠶᠢᠯᠡᠨ ᠵᠠᠰᠠᠬᠤ᠂ ᠡᠷᠡᠭᠦᠯ ᠮᠡᠨᠳᠦ ᠶᠢᠨ ᠬᠠᠮᠢᠶᠠᠷᠤᠯᠲᠠ᠂ ᠠᠩᠬᠠᠨ ᠤ ᠬᠤᠭᠤᠴᠠᠭᠠᠨ ᠤ ᠬᠥᠭᠵᠢᠯᠲᠡ ᠯᠦᠭᠡ | ᠣᠷᠭᠠᠨᠢᠭ ᠢᠶᠠᠷ ᠤᠶᠠᠯᠳᠤᠭᠤᠯᠤᠨ᠎ᠠ᠃ ᠨᠠᠶᠢᠳᠠᠨ ᠬᠥᠮᠦᠵᠢᠭᠦᠯᠬᠦ ᠴᠢᠳᠠᠪᠤᠷᠢᠲᠠᠨ ᠢ ᠬᠥᠮᠦᠵᠢᠭᠦᠯᠦᠨ ᠪᠣᠯᠪᠠᠰᠤᠷᠠᠭᠤᠯᠬᠤ | ᠲᠥᠯᠥᠪᠵᠢᠭᠦᠯᠭᠡ ᠶᠢ ᠨᠠᠶᠢᠷᠠᠭᠤᠯᠤᠨ ᠬᠡᠷᠡᠭᠵᠢᠭᠦᠯᠵᠦ᠂ ᠨᠠᠶᠢᠳᠠᠨ ᠬᠥᠮᠦᠵᠢᠭᠦᠯᠬᠦ ᠴᠢᠳᠠᠪᠤᠷᠢᠲᠠᠨ ᠤ ᠡᠩᠨᠡᠭᠡ ᠶᠢ ᠣᠯᠠᠨ | ᠠᠷᠭ᠎ᠠ ᠵᠠᠮ ᠢᠶᠠᠷ ᠲᠡᠭᠦᠯᠳᠡᠷᠵᠢᠭᠦᠯᠦᠨ᠎ᠡ᠃ ᠬᠤᠯᠪᠣᠭᠳᠠᠯ ᠪᠥᠬᠦᠶ ᠡᠩ ᠤᠨ ᠳᠡᠭᠡᠳᠦ ᠰᠤᠷᠭᠠᠭᠤᠯᠢ ᠪᠣᠯᠤᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠡᠤᠬᠡᠳ ᠤᠨ ᠠᠰᠠᠷᠠᠨ ᠬᠥᠮᠦᠵᠢᠭᠦᠯᠬᠦ᠂ ᠨᠢᠯᠬ᠎ᠠ ᠬᠡᠤᠬᠡᠳ ᠤᠨ ᠠᠰᠠᠷᠠᠨ | ᠬᠥᠮᠦᠵᠢᠭᠦᠯᠬᠦ ᠬᠠᠮᠢᠶ᠎ᠠ ᠪᠥᠬᠦᠶ ᠲᠤᠰᠬᠠᠶ ᠮᠡᠷᠭᠡᠵᠢᠯ ᠨᠡᠭᠡᠭᠡᠬᠦ ᠶᠢ ᠳᠡᠮᠵᠢᠬᠦ ᠬᠡᠷᠡᠭᠲᠡᠶ᠃ ᠬᠡᠤᠬᠡᠳ ᠰᠠᠭᠠᠲᠠᠭᠤᠯᠬᠤ | ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠦᠭᠯᠡᠭᠦᠷ᠂ ᠭᠠᠯ ᠤᠨᠲᠠᠷᠠᠭᠠᠬᠤ ᠠᠮᠤᠷ | ᠲᠦᠪᠰᠢᠨ ᠤ ᠵᠦᠭᠯᠡᠭᠦᠷ ᠵᠡᠷᠭᠡ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠵᠤ᠂ | ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠨᠢᠯᠬ᠎ᠠ ᠬᠡᠤᠬᠡᠳ ᠤᠨ ᠡᠷᠡᠭᠦᠯ | ᠮᠡᠨᠳᠦ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠰᠠᠬᠢᠬᠤ ᠬᠡᠷᠡᠭᠲᠡᠶ᠃ ᠡᠯ᠎ᠡ ᠱᠠᠲᠤᠨ ᠤ | ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠨᠠᠶᠢᠳᠠᠨ ᠬᠥᠮᠦᠵᠢᠭᠦᠯᠬᠦ ᠪᠠᠶᠢᠭᠤᠯᠤᠮᠵᠢ ᠶᠢ ᠳᠠᠩᠰᠠᠯᠠᠬᠤ ᠪᠠ ᠳᠠᠩᠰᠠᠯᠠᠬᠤ ᠵᠡᠷᠭᠡ ᠲᠦᠷᠢᠮ ᠢ ᠲᠡᠭᠦᠯᠳᠡᠷᠵᠢᠭᠦᠯᠦᠨ᠎ᠡ᠃ | ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠤ᠂ ᠪᠠᠶᠢᠭᠤᠯᠤᠮᠵᠢ ᠶᠢ ᠬᠠᠭᠠᠵᠤ ᠵᠣᠭᠰᠣᠭᠠᠬᠤ ᠵᠡᠷᠭᠡ ᠣᠨᠴᠣᠭᠤᠶ | ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃ ︵ᠬᠠᠷᠢᠭᠤᠴᠠᠯᠭᠠᠲᠤ | ᠨᠢᠭᠡᠴᠢ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠤᠷᠭᠠᠨ | ᠬᠥᠮᠦᠵᠢᠯ ᠤᠨ ᠲᠣᠪᠴᠢᠶ᠎ᠠ︶ | ᠳᠥᠷᠪᠡ᠂ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢ ᠡᠮᠬᠢ ᠵᠢᠷᠤᠮ ᠲᠠᠢ ᠪᠤᠯᠭᠠᠨ᠎ᠠ᠃ | ︵ᠠᠷᠪᠠᠨ ᠨᠢᠭᠡ︶ ᠲᠥᠯᠥᠪᠯᠡᠭᠡᠲᠦ ᠦᠷᠡᠵᠢᠯ ᠤᠨ ᠣᠨᠴᠣᠭᠤᠶ ᠬᠡᠷ ᠪᠦᠯᠢ ᠶᠢ ᠪᠥᠬᠦ ᠲᠠᠯ᠎ᠠ ᠪᠠᠷ ᠬᠠᠪᠰᠤᠷᠤᠨ | ᠲᠡᠳᠬᠦᠬᠦ ᠪᠠᠲᠤᠯᠠᠭ᠎ᠠ ᠶᠢᠨ ᠲᠦᠷᠢᠮ ᠢ ᠪᠦᠷᠢᠨᠰᠢᠭᠦᠯᠦᠨ᠎ᠡ᠃ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠦᠷᠡᠵᠢᠯ ᠤᠨ ᠲᠥᠷᠥ ᠶᠢᠨ ᠪᠣᠳᠣᠯᠭ᠎ᠠ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ | ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠲᠣᠬᠢᠲᠠᠶ ᠰᠢᠢᠳᠪᠦᠷᠢᠯᠡᠵᠦ᠂ ᠲᠥᠯᠥᠪᠯᠡᠭᠡᠲᠦ ᠦᠷᠡᠵᠢᠯ ᠤᠨ | ᠣᠨᠴᠣᠭᠤᠶ ᠬᠡᠷ ᠪᠦᠯᠢ ᠶᠢᠨ ᠡᠯ᠎ᠡ ᠵᠦᠢᠯ ᠤᠨ ᠱᠠᠩᠨᠠᠨ ᠲᠡᠳᠬᠦᠬᠦ ᠲᠦᠷᠢᠮ ᠪᠠ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠦᠨ᠂ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠲᠥᠯᠥᠪᠯᠡᠭᠡᠲᠦ ᠦᠷᠡᠵᠢᠯ ᠤᠨ ᠣᠨᠴᠣᠭᠤᠶ ᠬᠡᠷ ᠪᠦᠯᠢ ᠶᠢ ᠬᠠᠪᠰᠤᠷᠤᠨ ᠲᠡᠳᠬᠦᠨ᠎ᠡ᠃ | ᠲᠥᠯᠥᠪᠯᠡᠭᠡᠲᠦ ᠦᠷᠡᠵᠢᠯ ᠤᠨ ᠣᠨᠴᠣᠭᠤᠶ ᠬᠡᠷ ᠪᠦᠯᠢ ᠶᠢᠨ ︽ᠭᠤᠷᠪᠠ ᠶᠢ ᠪᠦᠷᠢᠨ ᠪᠥᠷᠬᠦᠭᠦᠯᠬᠦ︾ ᠲᠦᠷᠢᠮ ᠢ | ᠴᠢᠩᠭᠠᠷᠠᠭᠤᠯᠵᠤ᠂ ᠨᠥᠬᠦᠴᠡᠯ ᠳᠤ ᠨᠡᠶᠢᠴᠡᠬᠦ ᠲᠥᠯᠥᠪᠯᠡᠭᠡᠲᠦ ᠦᠷᠡᠵᠢᠯ ᠤᠨ ᠣᠨᠴᠣᠭᠤᠶ ᠬᠡᠷ ᠪᠦᠯᠢ ᠶᠢᠨ | ᠪᠦᠷᠢᠯᠳᠦᠬᠦᠨ ᠢ ᠠᠯᠪᠠᠨ ᠠᠴᠠ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠰᠠᠭᠤᠯᠭᠠᠬᠤ ᠪᠠᠷ | ᠤᠷᠢᠳᠠᠪᠠᠷ ᠳᠣᠭᠢᠷᠠᠭᠤᠯᠤᠨ᠎ᠠ᠃ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ | ᠨᠥᠬᠦᠴᠡᠯ ᠳᠤ ᠨᠡᠶᠢᠴᠡᠬᠦ ᠲᠥᠯᠥᠪᠯᠡᠭᠡᠲᠦ ᠦᠷᠡᠵᠢᠯ ᠤᠨ ᠣᠨᠴᠣᠭᠤᠶ ᠬᠡᠷ ᠪᠦᠯᠢ ᠳᠤ ᠤᠷᠢᠳᠠᠪᠠᠷ ᠣᠷᠣᠨ | ᠰᠠᠭᠤᠴᠠ ᠶᠢᠨ ᠪᠠᠲᠤᠯᠠᠭ᠎ᠠ ᠣᠯᠭᠤᠨ᠎ᠠ᠃ ᠦᠷ᠎ᠡ ᠶᠢᠨ ᠭᠠᠭᠴᠠ ᠬᠡᠤᠬᠡᠳ ᠲᠠᠢ ᠡᠴᠢᠭᠡ ᠡᠬᠡ ᠨᠢ ᠡᠪᠡᠳᠴᠢᠯᠡᠭᠡᠳ | ᠡᠮᠨᠡᠯᠭᠡ ᠳᠤ ᠰᠠᠭᠤᠬᠤ ᠬᠤᠭᠤᠴᠠᠭᠠᠨ ᠳᠠᠬᠢ ᠰᠤᠪᠢᠯᠠᠯᠲᠠ ᠶᠢᠨ ᠴᠢᠯᠥᠭᠡᠨ ᠤ ᠬᠢᠷᠢ ᠬᠡᠮ ᠲᠠᠢ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠲᠥᠯᠥᠪᠯᠡᠭᠡᠲᠦ ᠦᠷᠡᠵᠢᠯ ᠤᠨ ᠣᠨᠴᠣᠭᠤᠶ ᠬᠡᠷ ᠪᠦᠯᠢ ᠶᠢᠨ ᠨᠠᠶᠢᠳᠠᠯᠭ᠎ᠠ ᠶᠢ ᠭᠥᠯᠢᠶᠡᠨ | ᠠᠪᠬᠤ ᠶᠢ ᠳᠡᠮᠵᠢᠵᠦ᠂ ᠠᠮᠢᠳᠤᠷᠠᠯ ᠤᠨ ᠬᠠᠷᠠᠭᠠᠯᠵᠠᠯ᠂ ᠣᠶᠤᠨ ᠰᠠᠨᠠᠭᠠᠨ ᠤ ᠲᠠᠶᠢᠳᠬᠤᠷᠠᠭᠤᠯᠤᠯ ᠵᠡᠷᠭᠡ | ᠦᠢᠯᠡᠴᠢᠯᠡᠭᠡᠨ ᠢ ᠥᠷᠨᠢᠭᠦᠯᠵᠦ᠂ ᠨᠠᠰᠤᠵᠢᠯ ᠤᠨ ᠪᠠᠶᠢᠭᠤᠯᠤᠮᠵᠢ ᠳᠤ ᠣᠷᠣᠵᠤ ᠰᠠᠭᠤᠬᠤ᠂ ᠡᠪᠡᠳᠴᠢᠨ ᠦᠵᠡᠭᠦᠯᠵᠦ | ᠠᠰᠠᠷᠠᠨ ᠰᠤᠪᠢᠯᠠᠬᠤ ᠵᠡᠷᠭᠡ ᠬᠡᠷᠡᠭ ᠶᠠᠪᠤᠳᠠᠯ ᠢ ᠬᠠᠤᠯᠢ ᠶᠣᠰᠣᠭᠠᠷ ᠣᠷᠣᠯᠠᠨ ᠭᠦᠢᠴᠡᠳᠭᠡᠨ᠎ᠡ᠃ ︵ᠬᠠᠷᠢᠭᠤᠴᠠᠯᠭᠠᠲᠤ | ᠨᠢᠭᠡᠴᠢ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶ | ︵ᠠᠷᠪᠠᠨ ᠬᠤᠶᠠᠷ︶ ᠭᠠᠶᠢᠯᠢ ᠲᠠᠲᠠᠪᠤᠷᠢ᠂ ᠣᠷᠣᠨ ᠰᠠᠭᠤᠴᠠ ᠵᠡᠷᠭᠡ ᠦᠷᠡᠵᠢᠯ ᠤᠨ ᠳᠡᠮᠵᠢᠯᠭᠡ ᠶᠢᠨ | ᠲᠥᠷᠥ ᠶᠢᠨ ᠪᠣᠳᠣᠯᠭ᠎ᠠ ᠶᠢ ᠴᠢᠩᠭᠠᠳᠬᠠᠨ᠎ᠠ᠃ 3 ᠨᠠᠰᠤᠨ ᠠᠴᠠ ᠳᠣᠷᠣᠭᠰᠢᠬᠢ ᠨᠢᠯᠬ᠎ᠠ ᠬᠡᠤᠬᠡᠳ ᠢ ᠬᠠᠷᠠᠭᠠᠯᠵᠠᠨ | ᠠᠰᠠᠷᠠᠬᠤ ᠵᠠᠷᠤᠳᠠᠯ ᠢ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠵᠦᠢᠯ ᠤᠨ ᠨᠡᠮᠡᠯᠲᠡ ᠶᠢ | ᠬᠠᠰᠤᠵᠤ ᠭᠠᠷᠭᠠᠬᠤ ᠲᠥᠷᠥ ᠶᠢᠨ ᠪᠠᠩᠬᠢ ᠶᠢᠨ ᠪᠠᠶᠢᠭᠤᠯᠤᠮᠵᠢ ᠶᠢᠨ ᠬᠠᠮᠢᠶ᠎ᠠ ᠪᠥᠬᠦᠶ ᠨᠥᠬᠦᠴᠡᠯ ᠳᠤ ᠨᠡᠶᠢᠴᠡᠬᠦ | ᠣᠷᠤᠭ ᠪᠦᠷᠢᠳᠬᠡᠭᠦᠯᠦᠭᠰᠡᠨ ᠡᠷ᠎ᠡ ᠡᠮ᠎ᠡ ᠳᠤ ᠣᠷᠤᠭ ᠦᠷᠡᠵᠢᠯ ᠤᠨ ᠬᠡᠷᠡᠭᠯᠡᠭᠡᠨ ᠤ ᠵᠢᠭᠡᠯᠡᠯᠭᠡ ᠬᠠᠩᠭᠠᠬᠤ ᠶᠢ | ᠳᠡᠮᠵᠢᠨ᠎ᠡ᠃ ᠨᠥᠬᠦᠴᠡᠯ ᠳᠤ ᠨᠡᠶᠢᠴᠡᠬᠦ ᠬᠥᠮᠦᠨ ᠬᠡᠷᠡᠭᠯᠡᠬᠦ ᠨᠢᠭᠡᠴᠢ ᠵᠢᠴᠢ ᠠᠵᠢᠯᠲᠠᠨ ᠠᠵᠢᠯᠴᠢᠨ ᠢ ᠦᠷᠡᠵᠢᠯ ᠤᠨ | ᠳᠠᠭᠠᠳᠬᠠᠯ ᠤᠨ ᠬᠠᠮᠤᠷᠬᠤ ᠬᠡᠪᠴᠢᠶᠡᠨ ᠳᠤ ᠣᠷᠣᠭᠤᠯᠤᠨ᠎ᠠ᠃ ᠡᠮᠡᠭᠲᠡᠶ ᠠᠵᠢᠯᠲᠠᠨ ᠠᠵᠢᠯᠴᠢᠨ ᠤ ᠭᠤᠷᠪᠠᠨ ᠬᠡᠤᠬᠡᠳ | ᠠᠪᠤᠭᠰᠠᠨ ᠵᠠᠷᠤᠳᠠᠯ ᠢ ᠦᠷᠡᠵᠢᠯ ᠤᠨ ᠳᠠᠭᠠᠳᠬᠠᠯ ᠤᠨ ᠬᠠᠷᠠᠭᠠᠯᠵᠠᠯ ᠣᠯᠭᠤᠬᠤ ᠬᠡᠪᠴᠢᠶᠡᠨ ᠳᠤ ᠣᠷᠣᠭᠤᠯᠤᠨ᠎ᠠ᠃ | ᠠᠵᠢᠯᠲᠠᠨ ᠠᠵᠢᠯᠴᠢᠨ ᠤ ᠦᠷᠡᠵᠢᠯ ᠤᠨ ᠨᠡᠮᠡᠭᠦᠷᠢ ᠶᠢ ᠭᠤᠶᠤᠴᠢᠯᠠᠨ ᠠᠪᠬᠤ ᠭᠠᠷᠳᠠᠮ ᠢ ᠳᠥᠭᠦᠮᠴᠢᠯᠡᠵᠦ᠂ | ᠦᠷᠡᠵᠢᠯ ᠤᠨ ᠨᠡᠮᠡᠭᠦᠷᠢ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠬᠡᠷᠡᠭᠲᠡᠶ᠃ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠤᠨ ᠡᠮᠨᠡᠯᠭᠡ ᠳᠤ ᠰᠠᠭᠤᠵᠤ ᠬᠥᠩᠭᠡᠵᠢᠬᠦ ᠡᠮ ᠬᠡᠤᠬᠡᠳ ᠤᠨ ᠦᠨᠳᠦᠰᠦᠨ ᠡᠮᠴᠢᠯᠡᠭᠡᠨ ᠤ | ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠰᠠᠶ᠋ᠢ ᠲᠥᠷᠥᠭᠰᠡᠨ ᠬᠡᠤᠬᠡᠳ ᠢ ᠲᠥᠷᠥᠭᠰᠡᠨ ᠤ ᠳᠠᠷᠠᠭᠠᠬᠢ 90 | ᠡᠳᠦᠷ ᠤᠨ ᠳᠣᠲᠣᠷ᠎ᠠ ᠬᠢᠨᠠᠨ ᠬᠠᠮᠠᠭᠠᠯᠠᠭᠴᠢ ᠨᠢ ᠲᠥᠷᠥᠭᠰᠡᠨ ᠲᠤᠬᠠᠶ ᠶᠢᠨ ᠵᠢᠯ ᠤᠨ ᠰᠠᠭᠤᠭᠠᠯᠢ ᠠᠷᠠᠳ ᠤᠨ | ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠲᠣᠭᠲᠠᠭᠠᠯ ᠶᠣᠰᠣᠭᠠᠷ ᠲᠤᠰᠢᠶᠠᠭᠰᠠᠨ ᠤ ᠳᠠᠷᠠᠭ᠎ᠠ᠂ ᠲᠥᠷᠥᠭᠰᠡᠨ | ᠡᠳᠦᠷ ᠠᠴᠠ ᠪᠠᠨ ᠡᠬᠢᠯᠡᠨ ᠵᠠᠷᠤᠴᠠᠭᠤᠯᠤᠭᠰᠠᠨ ᠡᠮᠴᠢᠯᠡᠭᠡᠨ ᠤ ᠵᠠᠷᠤᠳᠠᠯ ᠢ ᠴᠥᠮ ᠡᠮᠴᠢᠯᠡᠭᠡᠨ ᠤ ᠳᠠᠭᠠᠳᠬᠠᠯ ᠤᠨ | ᠲᠠᠩᠰᠠ ᠲᠠᠶᠢᠯᠬᠤ ᠳᠤ ᠣᠷᠣᠭᠤᠯᠵᠤ ᠪᠣᠯᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠤᠯᠤᠰ ᠤᠨ ᠮᠥᠩᠭᠦᠨ ᠭᠦᠶ᠋ᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ | ᠲᠣᠪᠴᠢᠶ᠎ᠠ ᠶᠢᠨ ᠬᠢᠩᠭᠠᠨ ᠬᠢᠨᠠᠨ ᠬᠠᠮᠢᠶᠠᠷᠬᠤ ᠬᠤᠪᠢᠶᠠᠷᠢ ᠲᠣᠪᠴᠢᠶ᠎ᠠ︶ | ︵ᠠᠷᠪᠠᠨ ᠭᠤᠷᠪᠠ︶ ᠡᠮᠡᠭᠲᠡᠶ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ | ᠠᠶᠢᠮᠠᠭ ᠤᠨ ᠳᠣᠲᠣᠭᠠᠳᠤ ᠳᠤ ᠨᠢᠭᠡᠳᠦᠭᠡᠷ᠂ ᠬᠤᠶᠠᠳᠤᠭᠠᠷ ᠬᠡᠤᠬᠡᠳ ᠠᠪᠤᠭᠰᠠᠨ ᠡᠮᠡᠭᠲᠡᠶ ᠠᠵᠢᠯᠲᠠᠨ ᠠᠵᠢᠯᠴᠢᠨ 98 | ᠡᠳᠦᠷ ᠤᠨ ᠬᠥᠩᠭᠡᠵᠢᠯᠲᠡ ᠶᠢᠨ ᠴᠢᠯᠥᠭᠡ ᠠᠪᠤᠭᠰᠠᠨ ᠰᠠᠭᠤᠷᠢᠨ ᠳᠡᠭᠡᠷ᠎ᠡ 60 ᠡᠳᠦᠷ ᠤᠨ ᠬᠥᠩᠭᠡᠵᠢᠯᠲᠡ ᠶᠢᠨ | ᠴᠢᠯᠥᠭᠡ ᠨᠡᠮᠡᠵᠦ᠂ ᠭᠤᠷᠪᠠᠳᠤᠭᠠᠷ ᠬᠡᠤᠬᠡᠳ ᠠᠪᠤᠭᠰᠠᠨ ᠪᠠᠶᠢᠪᠠᠯ 90 ᠡᠳᠦᠷ ᠤᠨ ᠬᠥᠩᠭᠡᠵᠢᠯᠲᠡ ᠶᠢᠨ ᠴᠢᠯᠥᠭᠡ | ᠨᠡᠮᠡᠵᠦ ᠥᠭᠭᠦᠨ᠎ᠡ︔ ᠬᠤᠯᠪᠣᠰᠤ ᠨᠢ 25 ᠡᠳᠦᠷ ᠤᠨ ᠴᠢᠯᠥᠭᠡ ᠠᠪᠤᠨ᠎ᠠ᠃ 0 — 3 ᠨᠠᠰᠤᠨ ᠤ ᠡᠴᠢᠭᠡ | ᠡᠬᠡ ᠶᠢᠨ ᠬᠡᠤᠬᠡᠳ ᠪᠤᠶᠢᠵᠢᠭᠤᠯᠬᠤ ᠴᠢᠯᠥᠭᠡᠨ ᠤ ᠲᠦᠷᠢᠮ ᠢ ᠬᠡᠷᠡᠭᠵᠢᠭᠦᠯᠵᠦ᠂ ᠠᠶᠢᠮᠠᠭ ᠤᠨ ᠳᠣᠲᠣᠭᠠᠳᠤ ᠳᠤ | ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠤᠬᠡᠳ ᠠᠪᠤᠭᠰᠠᠨ ᠡᠷ᠎ᠡ ᠡᠮ᠎ᠡ ᠬᠤᠶᠠᠭᠤᠯᠠ ᠶᠢᠨ ᠦᠷ᠎ᠡ ᠬᠡᠤᠬᠡᠳ ᠨᠢ | ᠪᠦᠬᠦᠯᠢ ᠭᠤᠷᠪᠠᠨ ᠨᠠᠰᠤ ᠬᠦᠷᠬᠦ ᠠᠴᠠ ᠡᠮᠦᠨ᠎ᠡ᠂ ᠡᠷ᠎ᠡ ᠡᠮ᠎ᠡ ᠬᠤᠶᠠᠭᠤᠯᠠ ᠪᠠᠨ ᠵᠢᠯ ᠪᠦᠷᠢ ᠲᠣᠰ ᠲᠣᠰ 10 | ᠡᠳᠦᠷ ᠤᠨ ᠬᠡᠤᠬᠡᠳ ᠪᠤᠶᠢᠵᠢᠭᠤᠯᠬᠤ ᠴᠢᠯᠥᠭᠡ ᠶᠢ ᠡᠳ᠋ᠯᠡᠨ᠎ᠡ᠃ ᠬᠥᠮᠦᠨ ᠬᠡᠷᠡᠭᠯᠡᠬᠦ ᠨᠢᠭᠡᠴᠢ ᠶᠢᠨ ᠠᠵᠢᠯᠳᠠᠨ | ᠠᠵᠢᠯᠴᠢᠨ ᠤ ᠠᠵᠢᠯ ᠪᠠ ᠭᠡᠷ ᠪᠦᠯᠢ ᠶᠢᠨ ᠬᠠᠷᠢᠴᠠᠭ᠎ᠠ ᠶᠢ ᠲᠡᠩᠴᠡᠭᠦᠷᠢᠲᠡᠶ ᠪᠠᠶᠢᠯᠭᠠᠬᠤ ᠳᠤ ᠠᠰᠢᠭᠲᠠᠶ ᠠᠷᠭ᠎ᠠ | ᠬᠡᠮᠵᠢᠶ᠎ᠡ ᠶᠢ ᠬᠠᠤᠯᠢ ᠶᠣᠰᠣᠭᠠᠷ ᠲᠣᠭᠲᠠᠭᠠᠬᠤ ᠶᠢ ᠵᠣᠷᠢᠭᠵᠢᠭᠤᠯᠵᠤ᠂ ᠨᠢᠯᠬ᠎ᠠ ᠬᠡᠦᠬᠡᠳ ᠢ ᠬᠠᠷᠠᠭᠠᠯᠵᠠᠬᠤ ᠳᠤ | ᠠᠰᠢᠭᠲᠠᠶ ᠠᠮᠢᠳᠤᠯᠢᠭ ᠠᠮᠠᠷᠠᠯᠲᠠ ᠶᠢᠨ ᠴᠢᠯᠥᠭᠡ ᠪᠠ ᠠᠮᠢᠳᠤᠯᠢᠭ ᠠᠵᠢᠯᠯᠠᠬᠤ ᠠᠷᠭ᠎ᠠ ᠮᠠᠶ᠋ᠢᠭ ᠢ ᠬᠠᠤᠯᠢ ᠶᠣᠰᠣᠭᠠᠷ | ᠵᠥᠪᠳᠡᠯᠴᠡᠨ ᠲᠣᠭᠲᠠᠭᠠᠬᠤ ᠬᠡᠷᠡᠭᠲᠡᠶ᠃ ᠬᠥᠮᠦᠨ ᠬᠡᠷᠡᠭᠯᠡᠬᠦ ᠨᠢᠭᠡᠴᠢ ᠶᠢᠨ ᠡᠮᠡᠭᠲᠡᠶ ᠠᠵᠢᠯᠳᠠᠨ ᠠᠵᠢᠯᠴᠢᠨ ᠤ | ᠵᠢᠷᠮᠦᠰᠦᠯᠡᠬᠦ᠂ ᠬᠥᠩᠭᠡᠵᠢᠬᠦ᠂ ᠬᠦᠬᠦᠬᠦᠯᠬᠦ ᠠᠴᠠ ᠪᠤᠯᠵᠤ ᠴᠠᠯᠢᠩ ᠢ ᠨᠢ ᠪᠠᠭᠤᠷᠠᠭᠤᠯᠬᠤ᠂ ᠠᠵᠢᠯ ᠠᠴᠠ ᠨᠢ | ᠵᠣᠭᠰᠣᠭᠠᠬᠤ ᠪᠤᠶᠤ ᠭᠠᠭᠴᠠ ᠲᠠᠯ᠎ᠠ ᠠᠴᠠ ᠬᠥᠳᠡᠯᠮᠦᠷᠢ ᠶᠢᠨ ᠭᠡᠷ᠎ᠡ ᠶᠢ ᠴᠤᠴᠠᠯᠬᠤ᠂ ᠳᠠᠭᠤᠰᠬᠠᠬᠤ ᠶᠢ ᠴᠠᠭᠠᠵᠠᠯᠠᠵᠤ᠂ | ᠬᠦᠢᠰᠦ ᠶᠢᠨ ᠢᠯᠭᠠᠯ ᠡᠷᠬᠡ ᠲᠡᠭᠰᠢ ᠪᠠᠶᠢᠬᠤ ᠠᠵᠢᠯ ᠣᠯᠭᠤᠯᠲᠠ ᠶᠢᠨ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ | ᠪᠤᠢ ᠪᠣᠯᠭᠠᠵᠤ᠂ ᠡᠮᠡᠭᠲᠡᠶᠢᠴᠦᠳ ᠤᠨ ᠡᠷᠬᠡ ᠲᠡᠭᠰᠢ ᠪᠠᠷ ᠠᠵᠢᠯ ᠤᠯᠬᠤ ᠶᠢ ᠪᠠᠲᠤᠯᠠᠨ᠎ᠠ᠃ ᠦᠷᠡᠵᠢᠯ ᠤᠨ | ᠴᠢᠯᠥᠭᠡᠨ ᠤ ᠬᠤᠭᠤᠴᠠᠭᠠᠨ ᠳᠠᠬᠢ ᠠᠵᠢᠯᠴᠢᠨ ᠬᠡᠷᠡᠭᠯᠡᠬᠦ ᠥᠪᠡᠷ ᠤᠨ ᠥᠷᠲᠡᠭ ᠢ ᠵᠦᠶ ᠵᠣᠬᠢᠰᠲᠠᠶ ᠬᠤᠪᠢᠶᠠᠨ | ᠡᠭᠦᠷᠭᠡᠯᠡᠬᠦ ᠲᠣᠭᠲᠠᠴᠠ ᠶᠢ ᠰᠦᠪᠡᠭᠴᠢᠯᠡᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠤᠷᠤᠭᠯᠠᠬᠤ | ᠴᠢᠯᠥᠭᠡ᠂ ᠬᠥᠩᠭᠡᠵᠢᠬᠦ ᠴᠢᠯᠥᠭᠡ᠂ ᠰᠤᠪᠢᠯᠠᠬᠤ ᠴᠢᠯᠥᠭᠡ ᠪᠠ ᠬᠡᠤᠬᠡᠳ ᠪᠤᠶᠢᠵᠢᠭᠤᠯᠬᠤ ᠴᠢᠯᠥᠭᠡᠨ ᠤ | ᠬᠤᠭᠤᠴᠠᠭᠠᠨ ᠳᠤ ᠵᠠᠷᠤᠴᠠᠭᠤᠯᠤᠭᠰᠠᠨ ᠨᠡᠶᠢᠭᠡᠮ ᠤᠨ ᠳᠠᠭᠠᠳᠬᠠᠯ ᠤᠨ ᠵᠠᠷᠤᠳᠠᠯ ᠳᠤ ᠡᠯ᠎ᠡ ᠭᠠᠵᠠᠷ ᠤᠨ ᠬᠢᠨ ᠵᠣᠬᠢᠬᠤ | ᠬᠡᠮᠵᠢᠶᠡᠨ ᠤ ᠨᠥᠬᠦᠪᠥᠷᠢ ᠥᠭᠴᠦ ᠪᠣᠯᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠨᠠᠮ ᠤᠨ ᠬᠤᠷᠢᠶ᠎ᠠ ᠶᠢᠨ | ᠵᠣᠬᠢᠶᠠᠨ ᠪᠠᠶᠢᠭᠤᠯᠬᠤ ᠬᠡᠯᠲᠡᠰ᠂ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠶᠢᠮᠠᠭ ᠤᠨ | ᠡᠮᠡᠭᠲᠡᠶᠢᠴᠦᠳ ᠤᠨ ᠬᠤᠯᠪᠣᠭ᠎ᠠ᠂ ᠠᠵᠢᠯᠴᠢᠨ ᠤ ᠡᠪᠯᠡᠯ︶ | ︵ᠠᠷᠪᠠᠨ ᠳᠥᠷᠪᠡ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ ᠣᠯᠠᠨ ᠲᠦᠮᠡᠨ ᠤ | ᠦᠵᠡᠵᠦ ᠰᠣᠨᠢᠷᠬᠠᠬᠤ ᠳᠤᠷᠠᠲᠠᠶ ᠬᠡᠯᠪᠡᠷᠢ ᠶᠢ ᠬᠡᠷᠡᠭᠯᠡᠨ᠂ ᠦᠷᠡᠵᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠰᠢᠯᠢᠳᠡᠭᠵᠢᠭᠦᠯᠬᠦ ᠤᠬᠠᠭᠤᠯᠭ᠎ᠠ ᠲᠠᠶᠢᠯᠤᠮᠵᠢ ᠶᠢ ᠰᠠᠶᠢᠲᠤᠷ ᠬᠢᠨ᠎ᠠ᠃ ᠦᠨᠳᠦᠰᠦᠨ ᠱᠠᠲᠤᠨ ᠤ ᠬᠥᠮᠦᠨ | ᠠᠮᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠲᠣᠬᠢᠷᠠᠭᠤᠯᠤᠨ | ᠲᠡᠭᠦᠯᠳᠡᠷᠵᠢᠭᠦᠯᠵᠦ᠂ ᠦᠷᠡᠵᠢᠯ ᠤᠨ ᠲᠦᠷᠦ ᠶᠢᠨ ᠪᠤᠳᠤᠯᠭ᠎ᠠ ᠶᠢᠨ ᠵᠥᠪᠯᠡᠯᠭᠡ ᠥᠭᠬᠦ᠂ ᠥᠰᠬᠡᠨ ᠬᠥᠮᠦᠵᠢᠭᠦᠯᠬᠦ | ᠵᠢᠯᠤᠭᠤᠳᠤᠯᠭ᠎ᠠ᠂ ᠡᠪᠡᠳᠴᠢᠨ ᠦᠵᠡᠭᠦᠯᠬᠦ ᠪᠠ ᠴᠡᠴᠡᠷᠯᠢᠭ ᠲᠤ ᠣᠷᠣᠬᠤ ᠶᠢ ᠣᠷᠣᠯᠠᠨ ᠭᠦᠢᠴᠡᠳᠬᠡᠬᠦ ᠵᠡᠷᠭᠡ | ᠦᠢᠯᠡᠴᠢᠯᠡᠭᠡ ᠶᠢ ᠬᠠᠩᠭᠠᠵᠤ᠂ ᠤᠯᠠᠨ ᠲᠦᠮᠡᠨ ᠤ ᠦᠷᠡᠵᠢᠯ ᠤᠨ ᠭᠤᠮᠣᠳᠠᠯ ᠱᠠᠭᠠᠷᠳᠠᠯᠭ᠎ᠠ ᠶᠢ ᠴᠤᠭᠯᠠᠭᠤᠯᠬᠤ ᠪᠠ | ᠬᠠᠷᠢᠭᠤ ᠲᠤᠰᠬᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠬᠥᠮᠦᠨ ᠠᠮᠠ ᠬᠢᠭᠡᠳ ᠬᠡᠷ ᠪᠦᠯᠢ ᠶᠢᠨ | ᠬᠥᠳᠡᠯᠦᠩᠭᠦᠶ ᠪᠠᠶᠢᠳᠠᠯ ᠢ ᠬᠢᠨᠠᠨ ᠰᠢᠨᠵᠢᠵᠦ ᠪᠠᠶᠢᠴᠠᠭᠠᠬᠤ ᠠᠵᠢᠯ ᠢ ᠥᠷᠨᠢᠭᠦᠯᠵᠦ᠂ ᠣᠯᠠᠨ ᠲᠦᠮᠡᠨ ᠤ ᠬᠡᠤᠬᠡᠳ | ᠠᠪᠬᠤ ᠬᠦᠰᠡᠯ ᠰᠠᠨᠠᠭ᠎ᠠ᠂ ᠬᠡᠤᠬᠡᠳ ᠠᠪᠴᠤ ᠥᠰᠬᠡᠨ ᠪᠤᠶᠢᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠬᠡᠷ ᠪᠦᠯᠢ ᠶᠢᠨ ᠡᠷᠡᠭᠦᠯ ᠮᠡᠨᠳᠦ ᠵᠡᠷᠭᠡ ᠮᠡᠳᠡᠭᠡ ᠵᠠᠩᠭᠢ ᠶᠢ ᠡᠵᠡᠮᠰᠢᠨ᠂ | ᠦᠷᠡᠵᠢᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠴᠠᠭ ᠲᠤᠬᠠᠶ ᠳᠤᠨᠢ ᠦᠨᠡᠯᠡᠨ | ᠵᠢᠱᠢᠨ᠎ᠡ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ | ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠠᠷᠪᠠᠨ ᠲᠠᠪᠤ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠡᠯ᠎ᠡ | ᠱᠠᠲᠤᠨ ᠤ ᠵᠠᠰᠠᠭ ᠤᠨ ᠣᠷᠳᠣᠨ ᠨᠤᠭᠤᠳ ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ᠂ ᠬᠥᠮᠦᠨ | ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠶᠠᠪᠤᠳᠠᠯ ᠢ ᠡᠳᠦᠷ ᠲᠤᠲᠤᠮ ᠤᠨ | ᠴᠢᠬᠤᠯᠠ ᠵᠥᠪᠯᠡᠬᠦ ᠵᠣᠶᠢᠯ ᠳᠡᠭᠡᠨ ᠣᠷᠣᠭᠤᠯᠵᠤ᠂ ᠨᠢᠭᠡᠳᠦᠭᠡᠷ ᠭᠠᠷ ᠪᠡᠶ᠎ᠡ ᠪᠠᠷ ᠢᠶᠠᠨ ᠠᠳᠬᠤᠬᠤ᠂ ᠶᠡᠷᠦᠩᠬᠡᠶ | ᠬᠠᠷᠢᠭᠤᠴᠠᠯᠭ᠎ᠠ ᠶᠢ ᠡᠭᠦᠷᠭᠡᠯᠡᠬᠦ ᠶᠢ ᠪᠠᠷᠢᠮᠲᠠᠯᠠᠨ᠂ ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ | ᠪᠠᠷᠢᠮᠲᠠᠯᠠᠨ ᠲᠡᠭᠦᠯᠳᠡᠷᠵᠢᠭᠦᠯᠵᠦ᠂ ᠨᠢᠭᠡᠳᠦᠯᠲᠡᠶ ᠲᠥᠯᠥᠪᠵᠢᠭᠦᠯᠬᠦ᠂ ᠲᠥᠷᠥ ᠶᠢᠨ ᠪᠣᠳᠣᠯᠭ᠎ᠠ ᠶᠢ ᠵᠣᠬᠢᠴᠠᠭᠤᠯᠬᠤ ᠪᠠ | ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠢᠳᠡᠪᠬᠢᠲᠡᠶ ᠪᠠᠷ ᠦᠷᠡᠵᠢᠯ ᠢ ᠳᠡᠮᠵᠢᠬᠦ ᠠᠷᠭ᠎ᠠ ᠬᠡᠮᠵᠢᠶ᠎ᠡ | ᠨᠡᠶᠢᠲᠡᠯᠡᠬᠦ ᠶᠢ ᠠᠬᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ | ᠣᠷᠣᠭᠤᠯᠤᠯᠲᠠ ᠶᠢ ᠪᠣᠳᠠᠲᠠᠶᠢᠵᠢᠭᠤᠯᠬᠤ᠂ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ | ᠬᠡᠷᠡᠭᠲᠡᠶ᠃ | ︵ᠠᠷᠪᠠᠨ ᠵᠢᠷᠭᠤᠭ᠎ᠠ︶ ᠠᠵᠢᠯ ᠤᠨ ᠨᠡᠶᠢᠯᠡᠮᠡᠯ ᠬᠦᠴᠦᠨ ᠢ ᠴᠢᠩᠭᠠᠷᠠᠭᠤᠯᠤᠨ᠎ᠠ᠃ ᠬᠤᠯᠪᠣᠭᠳᠠᠯ ᠪᠥᠬᠦᠶ | ᠨᠢᠭᠡᠴᠢ ᠨᠦᠭᠦᠳ ᠬᠠᠷᠠᠯᠲᠠᠲᠤ ᠡᠭᠦᠷᠭᠡ ᠶᠢᠨ ᠲᠣᠭᠤᠷᠢᠨ ᠳᠤ᠂ ᠦᠷᠡᠵᠢᠯ ᠤᠨ ᠲᠥᠷᠥ ᠶᠢᠨ ᠪᠣᠳᠣᠯᠭ᠎ᠠ ᠶᠢ | ᠰᠢᠯᠢᠳᠡᠭᠵᠢᠭᠦᠯᠬᠦ ᠶᠢ ᠳᠡᠮᠵᠢᠬᠦ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠰᠤᠳᠤᠯᠤᠨ ᠲᠣᠭᠲᠠᠭᠠᠬᠤ ᠬᠡᠷᠡᠭᠲᠡᠶ᠃ ᠡᠯ᠎ᠡ | ᠱᠠᠲᠤᠨ ᠤ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠨᠤᠭᠤᠳ ᠬᠥᠮᠦᠨ ᠠᠮᠠ ᠶᠢᠨ ᠬᠥᠭᠵᠢᠯᠲᠡ ᠶᠢ | ᠠᠬᠢᠭᠤᠯᠬᠤ᠂ ᠬᠡᠷ ᠪᠦᠯᠢ ᠶᠢᠨ ᠪᠥᠲᠥᠭᠡᠨ ᠪᠠᠶᠢᠭᠤᠯᠤᠯᠲᠠ ᠪᠠ ᠦᠷᠡᠵᠢᠯ ᠤᠨ ᠳᠡᠮᠵᠢᠯᠭᠡ ᠶᠢ ᠠᠬᠢᠭᠤᠯᠬᠤ ᠵᠡᠷᠭᠡ | ᠠᠵᠢᠯ ᠢ ᠢᠳᠡᠪᠬᠢᠲᠡᠶ ᠥᠷᠨᠢᠭᠦᠯᠬᠦ ᠬᠡᠷᠡᠭᠲᠡᠶ᠃ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠨᠢ ᠤᠬᠠᠭᠤᠯᠭ᠎ᠠ | ᠬᠥᠮᠦᠵᠢᠯ᠂ ᠦᠷᠡᠵᠢᠯ ᠤᠨ ᠡᠷᠡᠭᠦᠯ ᠮᠡᠨᠳᠦ ᠶᠢᠨ ᠯᠠᠪᠯᠠᠭ᠎ᠠ᠂ ᠴᠢᠭᠢᠷᠠᠭ ᠲᠥᠷᠥᠭᠦᠯᠵᠦ ᠲᠣᠷᠨᠢᠭᠤᠨ ᠥᠰᠬᠡᠬᠦ ᠶᠢᠨ | ᠵᠢᠯᠣᠭᠤᠳᠣᠯᠭ᠎ᠠ᠂ ᠲᠥᠯᠥᠪᠯᠡᠭᠡᠲᠦ ᠦᠷᠡᠵᠢᠯ ᠤᠨ ᠬᠡᠷ ᠪᠦᠯᠢ ᠶᠢ ᠬᠠᠪᠰᠤᠷᠤᠨ ᠲᠡᠳᠬᠦᠬᠦ᠂ ᠡᠷᠬᠡ ᠠᠰᠢᠭ ᠢ | ᠬᠠᠮᠠᠭᠠᠯᠠᠬᠤ ᠪᠠ ᠬᠡᠷ ᠪᠦᠯᠢ ᠶᠢᠨ ᠡᠷᠡᠭᠦᠯ ᠮᠡᠨᠳᠦ ᠶᠢ ᠠᠬᠢᠭᠤᠯᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ | ︵ᠠᠷᠪᠠᠨ ᠳᠣᠯᠤᠭ᠎ᠠ︶ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠦᠨᠳᠦᠰᠦᠨ ᠱᠠᠲᠤᠨ ᠤ | ᠬᠥᠮᠦᠨ ᠠᠮᠠ ᠶᠢᠨ ᠠᠵᠢᠯ ᠤᠨ ᠡᠩᠨᠡᠭᠡ ᠶᠢ ᠲᠣᠭᠲᠠᠪᠤᠷᠢᠵᠢᠭᠤᠯᠤᠨ ᠲᠡᠭᠦᠯᠳᠡᠷᠵᠢᠭᠦᠯᠵᠦ᠂ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ | ᠪᠠᠶᠢᠭᠤᠯᠤᠮᠵᠢ ᠨᠢ ᠠᠵᠢᠯ ᠤᠨ ᠡᠭᠦᠷᠭᠡ ᠯᠦᠭᠡ ᠵᠣᠬᠢᠴᠠᠯᠳᠤᠭᠰᠠᠨ ᠲᠥᠯᠥᠪᠯᠡᠭᠡᠲᠦ ᠦᠷᠡᠵᠢᠯ ᠤᠨ ᠲᠤᠰᠬᠠᠶ | ᠲᠤᠰᠢᠶᠠᠯᠲᠤ ᠠᠵᠢᠯᠲᠠᠨ ᠢ ᠰᠣᠩᠭᠤᠨ ᠳᠣᠭᠢᠷᠠᠭᠤᠯᠤᠨ᠎ᠠ᠃ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ | ᠠᠷᠠᠳ ᠤᠨ ᠵᠠᠰᠠᠭ ᠤᠨ ᠣᠷᠳᠣᠨ ︵ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ | ᠲᠣᠰᠬᠤᠨ ᠤ ︵ᠰᠠᠭᠤᠭᠠᠯᠢ ᠠᠷᠠᠳ︶ ᠤ ᠵᠥᠪᠯᠡᠯ ᠠᠴᠠ ᠲᠤᠰᠬᠠᠶ ᠠᠵᠢᠯᠲᠠᠨ ᠲᠣᠭᠲᠠᠭᠠᠨ ᠲᠥᠯᠥᠪᠯᠡᠭᠡᠲᠦ | ᠦᠷᠡᠵᠢᠯ ᠤᠨ ᠡᠳᠦᠷ ᠲᠤᠲᠤᠮ ᠤᠨ ᠠᠵᠢᠯ ᠢ ᠬᠢᠯᠭᠡᠵᠦ᠂ ᠦᠨᠳᠦᠰᠦᠨ ᠱᠠᠲᠤᠨ ᠤ ᠡᠩᠨᠡᠭᠡ ᠶᠢᠨ ᠪᠣᠯᠪᠠᠰᠤᠷᠠᠭᠤᠯᠤᠯ ᠢ | ᠴᠢᠩᠭᠠᠳᠬᠠᠨ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ | ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ | 2023 ᠣᠨ ᠤ 12 ᠰᠠᠷ᠎ᠠ ᠶᠢᠨ 29 ᠤ ᠡᠳᠦᠷ ᠳᠠᠷᠤᠮᠠᠯᠯᠠᠨ ᠲᠠᠷᠬᠠᠭᠠᠪᠠ |