ᠬᠢᠩᠭᠠᠨ ᠠᠶᠢᠮᠠᠭ ᠤᠨ ᠵᠠᠬᠢᠷᠭ᠎ᠠ ᠶᠢᠨ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠠᠮᠢ ᠠᠬᠤᠶ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢᠨ ᠬᠡᠷᠡᠭᠵᠢᠭᠦᠯᠬᠦ ᠰᠠᠨᠠᠯ ᠳᠤ ᠵᠠᠰᠠᠪᠤᠷᠢ ᠣᠷᠣᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/12/31
ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠳᠤᠮᠳᠠ ᠣᠷᠣᠨ ᠤ ᠰᠢᠭᠤᠳ ᠬᠠᠷᠢᠶ᠎ᠠ ᠰᠢᠭᠤᠳ ᠬᠠᠮᠢᠶᠠᠷᠤᠯᠲᠠ ᠶᠢᠨ ᠨᠢᠭᠡᠴᠢ ᠳᠤ᠄       ᠠᠶᠢᠮᠠᠭ ᠤᠨ ᠵᠠᠬᠢᠷᠭ᠎ᠠ ᠶᠢᠨ 2023 ᠣᠨ ᠤ 30 ᠳ᠋ᠤᠭᠠᠷ ᠤᠳᠠᠭ᠎ᠠ ᠶᠢᠨ  ᠪᠠᠶᠢᠩᠭᠤ ᠶᠢᠨ ᠬᠤᠷᠠᠯ ᠢᠶᠠᠷ ᠰᠤᠳᠤᠯᠤᠨ ᠪᠠᠲᠤᠯᠠᠭᠰᠠᠨ ᠬᠢᠩᠭᠠᠨ ᠠᠶᠢᠮᠠᠭ ᠤᠨ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠭᠤᠷᠢᠭ ᠤᠨ ᠬᠠᠮᠢᠶᠠᠷᠤᠨ ᠡᠵᠡᠮᠳᠡᠭᠰᠡᠨ ᠦᠷ᠎ᠡ ᠪᠦᠲᠦᠭᠡᠯ ᠤᠨ ᠶᠣᠰᠣᠭᠠᠷ᠂ ︽ᠬᠢᠩᠭᠠᠨ ᠠᠶᠢᠮᠠᠭ ᠤᠨ ᠵᠠᠬᠢᠷᠭ᠎ᠠ ᠶᠢᠨ ︿ᠭᠤᠷᠪᠠᠨ ᠱᠤᠭᠤᠮ ᠨᠢᠭᠡ ᠬᠠᠭᠤᠳᠠᠰᠤ﹀ ᠶᠢᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠭᠤᠷᠢᠭ ᠤᠨ ᠬᠠᠮᠢᠶᠠᠷᠤᠨ ᠡᠵᠡᠮᠳᠡᠬᠦ ᠲᠤᠬᠠᠶ ᠬᠡᠷᠡᠭᠵᠢᠭᠦᠯᠬᠦ ᠰᠠᠨᠠᠯ︾ ︵ᠬᠢᠩᠭᠠᠨ ᠵᠠᠬᠢᠷᠭ᠎ᠠ ᠲᠠᠷᠬᠠᠭᠠᠭᠰᠠᠨ ﹇2021﹈ 77 ᠳ᠋ᠤᠭᠠᠷ ᠲᠣᠭᠠᠲᠤ︶ ᠳᠤ ᠵᠠᠰᠠᠪᠤᠷᠢ ᠣᠷᠣᠭᠤᠯᠤᠨ ᠨᠥᠬᠦᠪᠥᠷᠢᠯᠡᠨ᠎ᠡ᠂ ᠨᠥᠬᠦᠪᠥᠷᠢᠯᠡᠬᠦ ᠠᠭᠤᠯᠭ᠎ᠠ ᠨᠢ ᠳᠣᠤᠷᠠᠬᠢ ᠮᠡᠲᠦ᠃       ᠨᠢᠭᠡ᠂ ᠠᠮᠢ ᠠᠬᠤᠶ ᠣᠷᠴᠢᠨ ᠲᠣᠭᠤᠷᠢᠨ ᠤ ᠬᠠᠮᠢᠶᠠᠷᠤᠨ ᠡᠵᠡᠮᠳᠡᠬᠦ ᠨᠢᠭᠡᠴᠢ       ᠪᠥᠬᠦ ᠠᠶᠢᠮᠠᠭ ᠤᠨ ᠣᠷᠴᠢᠨ ᠲᠣᠭᠤᠷᠢᠨ ᠤ ᠬᠠᠮᠢᠶᠠᠷᠤᠨ ᠡᠵᠡᠮᠳᠡᠬᠦ ᠨᠢᠭᠡᠴᠢ ᠶᠢ 82 ᠪᠠᠶᠢᠭᠰᠠᠨ ᠠᠴᠠ ᠨᠢ 90 ᠣᠷᠴᠢᠨ ᠲᠣᠭᠤᠷᠢᠨ ᠤ ᠬᠠᠮᠢᠶᠠᠷᠤᠨ ᠡᠵᠡᠮᠳᠡᠬᠦ ᠨᠢᠭᠡᠴᠢ ᠪᠣᠯᠭᠠᠨ ᠰᠢᠯᠢᠳᠡᠭᠵᠢᠭᠦᠯᠦᠨ ᠳᠣᠭᠢᠷᠠᠭᠤᠯᠪᠠ᠂ ᠡᠭᠦᠨ ᠳᠤ ᠡᠩ ᠲᠡᠷᠢᠭᠦᠨ ᠳᠤ ᠬᠠᠮᠠᠭᠠᠯᠠᠬᠤ ᠨᠢᠭᠡᠴᠢ᠂ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠢ᠂ ᠡᠩ ᠤᠨ ᠬᠠᠮᠢᠶᠠᠷᠤᠨ ᠡᠵᠡᠮᠳᠡᠬᠦ ᠨᠢᠭᠡᠴᠢ ᠵᠡᠷᠭᠡ ᠭᠤᠷᠪᠠᠨ ᠲᠥᠷᠥᠯ ᠪᠠᠭᠲᠠᠨ᠎ᠠ᠃       ᠤᠷᠢᠳᠠᠪᠠᠷ ᠬᠠᠮᠠᠭᠠᠯᠠᠬᠤ ᠨᠢᠭᠡᠴᠢ 56 ᠪᠠᠶᠢᠵᠤ᠂ ᠲᠠᠯᠠᠪᠠᠶ ᠶᠢᠨ ᠡᠵᠡᠯᠡᠬᠦ ᠬᠠᠷᠢᠴᠠᠯ ᠨᠢ 71.4% ᠪᠠᠶᠢᠵᠤ᠂ ᠭᠤᠤᠯᠳᠠᠭᠤ ᠮᠠᠨ ᠤ ᠠᠶᠢᠮᠠᠭ ᠤᠨ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠵᠡᠷᠭᠡ ᠬᠠᠤᠯᠢ ᠶᠣᠰᠣᠭᠠᠷ ᠬᠠᠮᠠᠭᠠᠯᠠᠬᠤ ᠴᠢᠬᠤᠯᠠᠲᠠᠶ ᠠᠮᠢ ᠠᠬᠤᠶ ᠶᠢᠨ ᠴᠢᠳᠠᠮᠵᠢ ᠶᠢᠨ ᠴᠢᠬᠤᠯᠠ ᠣᠷᠣᠨ ᠪᠠ ᠠᠮᠢ ᠠᠬᠤᠶ ᠣᠷᠴᠢᠨ ᠲᠣᠭᠤᠷᠢᠨ ᠤ ᠰᠡᠷᠭᠡᠭ ᠣᠷᠣᠨ ᠢ ᠪᠠᠭᠲᠠᠭᠠᠨ᠎ᠠ︔ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠢ 28 ᠪᠠᠶᠢᠵᠤ᠂ ᠲᠠᠯᠠᠪᠠᠶ ᠶᠢᠨ ᠡᠵᠡᠯᠡᠬᠦ ᠬᠠᠷᠢᠴᠠᠯ ᠨᠢ 17.8% ᠪᠠᠶᠢᠵᠤ᠂ ᠭᠤᠤᠯᠳᠠᠭᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠭᠤᠷᠬᠠᠶ ᠶᠢᠨ ᠣᠷᠣᠨ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠵᠡᠷᠭᠡ ᠨᠡᠭᠡᠭᠡᠨ ᠬᠥᠭᠵᠢᠭᠦᠯᠬᠦ ᠬᠦᠴᠦᠯᠡᠴᠡ ᠪᠠᠷ ᠥᠨᠳᠥᠷ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠪᠠᠷ ᠶᠡᠭᠡ᠂ ᠣᠷᠴᠢᠨ ᠲᠣᠭᠤᠷᠢᠨ ᠤ ᠠᠰᠠᠭᠤᠳᠠᠯ ᠬᠠᠷᠢᠴᠠᠩᠭᠤᠶ ᠪᠠᠷ ᠲᠥᠪᠯᠡᠷᠡᠭᠰᠡᠨ ᠣᠷᠣᠨ ᠪᠦᠰᠡ ᠶᠢ ᠪᠠᠭᠲᠠᠭᠠᠨ᠎ᠠ︔ ᠡᠩ ᠤᠨ ᠬᠠᠮᠢᠶᠠᠷᠤᠨ ᠡᠵᠡᠮᠳᠡᠬᠦ ᠨᠢᠭᠡᠴᠢ 6 ᠪᠠᠶᠢᠵᠤ᠂ ᠲᠠᠯᠠᠪᠠᠶ ᠶᠢᠨ ᠡᠵᠡᠯᠡᠬᠦ ᠬᠠᠷᠢᠴᠠᠯ ᠨᠢ 10.8% ᠪᠠᠶᠢᠵᠤ᠂ ᠤᠷᠢᠳᠠᠪᠠᠷ ᠬᠠᠮᠠᠭᠠᠯᠠᠬᠤ ᠨᠢᠭᠡᠴᠢ᠂ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠢ ᠠᠴᠠ ᠭᠠᠳᠠᠨᠠᠬᠢ ᠪᠤᠰᠤᠳ ᠣᠷᠣᠨ ᠪᠦᠰᠡ ᠶᠢ ᠪᠠᠭᠲᠠᠭᠠᠨ᠎ᠠ᠃       ᠬᠤᠶᠠᠷ᠂ ᠣᠷᠴᠢᠨ ᠲᠣᠭᠤᠷᠢᠨ ᠤ ᠵᠥᠪᠰᠢᠶᠡᠷᠡᠨ ᠣᠷᠣᠭᠤᠯᠬᠤ ᠨᠠᠷᠢᠨ ᠬᠠᠭᠤᠳᠠᠰᠤ ᠪᠥᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠣᠷᠣᠬᠤ ᠵᠥᠪᠰᠢᠶᠡᠷᠡᠯ ᠤᠨ ᠨᠠᠷᠢᠨ ᠲᠠᠩᠰᠠ ᠶᠢᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠬᠠᠮᠤᠭ ᠤᠨ ᠰᠢᠨ᠎ᠡ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ ᠵᠠᠰᠠᠪᠤᠷᠢ ᠣᠷᠣᠭᠤᠯᠪᠠ᠂ ᠨᠡᠶᠢᠳᠡ 17 ᠵᠦᠢᠯ ︵ᠳᠠᠭᠠᠯᠳᠤᠭᠤᠯᠤᠯ 2 ᠢ ᠦᠵᠡᠭᠡᠷᠡᠶ︶᠃       ᠭᠤᠷᠪᠠ᠂ ᠪᠤᠰᠤᠳ ᠱᠠᠭᠠᠷᠳᠠᠯᠭ᠎ᠠ ᠵᠠᠰᠠᠪᠤᠷᠢ ᠣᠷᠣᠭᠤᠯᠤᠭᠰᠠᠨ ᠥᠬᠡᠶ ᠬᠡᠰᠡᠭ ᠢ ᠦᠷᠭᠦᠯᠵᠢᠯᠡᠨ ︽︿ᠭᠤᠷᠪᠠᠨ ᠱᠤᠭᠤᠮ ᠨᠢᠭᠡ ᠬᠠᠭᠤᠳᠠᠰᠤ﹀  ᠶᠢᠨ ᠠᠮᠢ ᠠᠬᠤᠶ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠲᠤᠬᠠᠶ ᠬᠢᠩᠭᠠᠨ ᠠᠶᠢᠮᠠᠭ ᠤᠨ ᠵᠠᠬᠢᠷᠭ᠎ᠠ ᠶᠢᠨ ᠬᠡᠷᠡᠭᠵᠢᠭᠦᠯᠬᠦ ᠰᠠᠨᠠᠯ︾ ︵ᠬᠢᠩᠭᠠᠨ ᠵᠠᠬᠢᠷᠭ᠎ᠠ ᠲᠠᠷᠬᠠᠭᠠᠭᠰᠠᠨ ﹇2021﹈ 77 ᠳ᠋ᠤᠭᠠᠷ ᠲᠣᠭᠠᠲᠤ︶ ᠤᠨ ᠶᠣᠰᠣᠭᠠᠷ ᠬᠡᠷᠡᠭᠵᠢᠭᠦᠯᠦᠨ᠎ᠡ᠃       ᠳᠠᠭᠠᠯᠳᠤᠭᠤᠯᠤᠯ ᠢ ᠬᠢᠩᠭᠠᠨ ᠠᠶᠢᠮᠠᠭ ᠤᠨ ᠵᠠᠬᠢᠷᠭ᠎ᠠ ᠶᠢᠨ ᠬᠢᠲᠠᠳ ᠰᠦᠯᠵᠢᠶᠡᠨ ᠠᠴᠠ ᠦᠵᠡᠭᠡᠷᠡᠢ
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号