ᠬᠢᠩᠭᠠᠨ ᠠᠶᠢᠮᠠᠭ ᠤᠨ ᠵᠠᠬᠢᠷᠭ᠎ᠠ ᠶᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ  ᠵᠤᠶᠢᠯᠡᠰ ᠤᠨ ᠨᠡᠶᠢᠳᠡᠮ ᠪᠠᠶᠢᠴᠠᠭᠠᠯᠳᠠ ᠶᠢ ᠰᠠᠶᠢᠳᠤᠷ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/12/31
ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠤᠶᠢᠯᠡᠰ ᠤᠨ ᠨᠡᠶᠢᠳᠡᠮ  ᠪᠠᠶᠢᠴᠠᠭᠠᠯᠳᠠ ᠶᠢ ᠥᠷᠨᠢᠭᠦᠯᠬᠦ ᠲᠤᠬᠠᠶ ᠮᠡᠳᠡᠭᠳᠡᠯ︾ ︵ᠲᠥᠷᠥ ᠲᠠᠷᠬᠠᠭᠠᠭᠰᠠᠨ ﹇2023﹈ 18 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠤᠶᠢᠯᠡᠰ ᠤᠨ ᠨᠡᠶᠢᠳᠡᠮ ᠪᠠᠶᠢᠴᠠᠭᠠᠯᠳᠠ ᠶᠢ ᠰᠠᠶᠢᠳᠤᠷ ᠬᠢᠬᠦ ᠲᠤᠬᠠᠶ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2023﹈ 26 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠠᠶᠢᠮᠠᠭ ᠤᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠤᠶᠢᠯᠡᠰ ᠤᠨ ᠨᠡᠶᠢᠳᠡᠮ ᠪᠠᠶᠢᠴᠠᠭᠠᠯᠳᠠ ᠤᠨ ᠠᠵᠢᠯ ᠢ ᠪᠥᠬᠦ ᠲᠠᠯ᠎ᠠ ᠪᠠᠷ ᠲᠥᠯᠬᠢᠨ ᠠᠬᠢᠭᠤᠯᠵᠤ᠂ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠂ ᠡᠳᠦᠭᠡ ᠬᠤᠯᠪᠣᠭᠳᠠᠯ ᠪᠥᠬᠦᠢ ᠵᠦᠢᠯ ᠢ ᠳᠣᠣᠷᠠᠬᠢ ᠮᠡᠲᠦ ᠮᠡᠳᠡᠭᠳᠡᠶ᠎ᠡ᠃       ᠨᠢᠭᠡ᠂ ᠵᠢᠯᠣᠭᠤᠳᠬᠤ ᠦᠵᠡᠯ ᠰᠠᠨᠠᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠣᠯᠭᠠᠵᠤ᠂ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠶᠢ ᠴᠢᠩᠭᠠᠳᠬᠠᠬᠤ᠂ ᠦᠷᠳᠡᠭ ᠢ ᠠᠭᠤᠳᠠᠯᠬᠤ᠂ ᠪᠦᠲᠦᠮᠵᠢᠲᠡᠢ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠤᠶᠢᠯᠡᠰ ᠢ ᠠᠮᠢᠳᠤᠯᠢᠭ ᠪᠣᠯᠭᠠᠬᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠮᠠᠨ ᠤ ᠠᠶᠢᠮᠠᠭ ᠤᠨ ᠰᠢᠯᠵᠢᠭᠦᠯᠵᠦ ᠪᠣᠯᠤᠰᠢ ᠦᠬᠡᠢ ᠲᠡᠦᠬᠡ ᠶᠢᠨ ᠳᠤᠷᠠᠰᠬᠠᠯᠲᠤ ᠵᠤᠶᠢᠯᠡᠰ ᠤᠨ ᠡᠬᠢ ᠪᠠᠶᠠᠯᠢᠭ ᠤᠨ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ ᠪᠤᠰᠤᠳᠴᠢ ᠪᠠᠷ ᠲᠤᠰᠬᠠᠨ᠎ᠠ᠃       ᠬᠤᠶᠠᠷ᠂ ᠬᠠᠷᠠᠯᠲᠠ ᠶᠢᠨ ᠡᠭᠦᠷᠭᠡ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠤᠷᠠᠳᠤᠭᠰᠠᠨ ᠲᠡᠤᠬᠡ ᠶᠢᠨ ᠳᠤᠷᠠᠰᠬᠠᠯᠲᠤ  ᠵᠤᠶᠢᠯᠡᠰ ᠤᠨ ᠨᠡᠶᠢᠳᠡᠮ ᠪᠠᠶᠢᠴᠠᠭᠠᠯᠳᠠ ᠶᠢᠨ ᠶᠡᠷᠦᠩᠬᠡᠶ ᠬᠠᠷᠠᠯᠲᠠ ᠶᠢᠨ ᠶᠣᠰᠣᠭᠠᠷ᠂ ᠳᠣᠤᠷᠠᠬᠢ ᠮᠡᠲᠦ ᠠᠵᠢᠯ ᠤᠨ ᠬᠠᠷᠠᠯᠲᠠ ᠪᠠ ᠡᠭᠦᠷᠭᠡ ᠶᠢ ᠪᠡᠶᠡᠯᠡᠭᠦᠯᠦᠨ᠎ᠡ᠄ ᠨᠢᠭᠡ ᠳᠤ᠂ ᠪᠥᠬᠦ ᠠᠶᠢᠮᠠᠭ ᠤᠨ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠤᠶᠢᠯᠡᠰ ᠤᠨ ᠡᠬᠢ ᠪᠠᠶᠠᠯᠢᠭ ᠤᠨ ᠭᠠᠷᠴᠠᠭ ᠢ ᠪᠠᠶᠢᠭᠤᠯᠵᠤ᠂ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠤᠶᠢᠯᠡᠰ ᠢ ᠮᠠᠭᠠᠳᠯᠠᠨ ᠲᠣᠭᠲᠠᠭᠠᠵᠤ ᠨᠡᠶᠢᠳᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠮᠠᠭᠠᠳᠯᠠᠨ ᠲᠣᠭᠲᠠᠭᠠᠬᠤ ᠪᠠᠷᠢᠮᠵᠢᠶ᠎ᠠ ᠪᠠ ᠳᠡᠩᠰᠡᠯᠡᠨ  ᠨᠡᠶᠢᠳᠡᠯᠡᠬᠦ ᠲᠠᠰ ᠳᠠᠷᠠᠭᠠᠯᠠᠯ ᠢ ᠵᠢᠷᠤᠮᠵᠢᠭᠤᠯᠵᠤ᠂ ᠨᠡᠷᠡᠰ ᠤᠨ ᠵᠢᠭᠰᠠᠭᠠᠯᠲᠠ ᠶᠢ ᠨᠡᠶᠢᠳᠡᠯᠡᠬᠦ ᠰᠢᠰᠲ᠋ᠧᠮᠵᠢ ᠶᠢ ᠪᠦᠷᠢᠨᠰᠢᠭᠦᠯᠦᠨ᠎ᠡ᠃ ᠬᠤᠶᠠᠷ ᠲᠤ᠂ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠪᠦᠬᠦ ᠲᠠᠯ᠎ᠠ ᠪᠠᠷ ᠨᠡᠶᠢᠳᠡᠮ ᠪᠠᠶᠢᠴᠠᠭᠠᠬᠤ᠂ ᠲᠤᠰᠬᠠᠢ ᠪᠠᠶᠢᠴᠠᠭᠠᠯᠳᠠ ᠬᠢᠬᠦ᠂ ᠣᠷᠣᠨ ᠵᠠᠢ ᠶᠢ ᠬᠠᠮᠢᠶᠠᠷᠤᠨ ᠡᠵᠡᠮᠳᠡᠬᠦ᠂ ᠬᠥᠳᠡᠯᠦᠩᠭᠦᠢ ᠬᠢᠨᠠᠨ ᠬᠡᠮᠵᠢᠬᠦ ᠶᠢ ᠤᠶᠠᠯᠳᠤᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠎ᠠ᠃ ᠭᠤᠷᠪᠠ ᠳᠤ ᠲᠤᠰᠬᠠᠶ ᠮᠡᠷᠭᠡᠵᠢᠯ ᠤᠨ ᠠᠵᠢᠯᠲᠠᠨ ᠢ ᠬᠥᠮᠦᠵᠢᠭᠦᠯᠦᠨ ᠪᠣᠯᠪᠠᠰᠤᠷᠠᠭᠤᠯᠵᠤ᠂ ᠮᠠᠨ ᠤ ᠠᠶᠢᠮᠠᠭ ᠤᠨ ᠰᠣᠶᠣᠯ ᠦᠵᠡᠰᠬᠦᠯᠡᠩ ᠤᠨ ᠠᠵᠢᠯᠲᠠᠨ ᠤ ᠲᠤᠰᠬᠠᠶ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠨ᠎ᠠ᠃       ᠭᠤᠷᠪᠠ᠂ ᠨᠡᠶᠢᠳᠡᠮ ᠪᠠᠶᠢᠴᠠᠭᠠᠬᠤ ᠬᠡᠪᠴᠢᠶ᠎ᠡ ᠪᠣᠯᠤᠨ ᠠᠭᠤᠯᠭ᠎ᠠ  ᠨᠡᠶᠢᠳᠡᠮ ᠪᠠᠶᠢᠴᠠᠭᠠᠯᠳᠠ ᠶᠢᠨ ᠬᠦᠷᠢᠶ᠎ᠡ ᠬᠡᠪᠴᠢᠶ᠎ᠡ ᠪᠣᠯ ᠮᠠᠨ ᠤ ᠠᠶᠢᠮᠠᠭ ᠤᠨ ᠬᠠᠷᠢᠶ᠎ᠠ ᠣᠷᠣᠨ ᠤ ᠳᠣᠲᠣᠷ᠎ᠠ ᠭᠠᠵᠠᠷ᠂ ᠭᠠᠵᠠᠷ ᠳᠣᠤᠷᠠᠬᠢ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠤᠶᠢᠯᠡᠰ ᠪᠣᠯᠤᠨ᠎ᠠ᠂ ᠨᠢᠭᠡᠨᠲᠡ ᠮᠠᠭᠠᠳᠯᠠᠨ ᠲᠣᠭᠲᠠᠭᠠᠭᠰᠠᠨ᠂ ᠳᠠᠩᠰᠠᠯᠠᠭᠤᠯᠤᠭᠰᠠᠨ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠤᠶᠢᠯᠡᠰ ᠢ ᠳᠠᠬᠢᠨ ᠪᠠᠶᠢᠴᠠᠭᠠᠬᠤ ᠶᠢᠨ ᠬᠠᠮᠲᠤ ᠰᠢᠨ᠎ᠡ ᠪᠠᠷ ᠢᠯᠡᠷᠡᠭᠦᠯᠦᠭᠰᠡᠨ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠤᠶᠢᠯᠡᠰ ᠢ ᠪᠠᠶᠢᠴᠠᠭᠠᠵᠤ᠂ ᠮᠠᠭᠠᠳᠯᠠᠨ ᠲᠣᠭᠲᠠᠭᠠᠵᠤ᠂ ᠳᠠᠩᠰᠠᠯᠠᠨ᠎ᠠ᠃ ᠨᠡᠶᠢᠳᠡᠮ ᠪᠠᠶᠢᠴᠠᠭᠠᠯᠳᠠ ᠶᠢᠨ ᠠᠭᠤᠯᠭ᠎ᠠ ᠳᠤ ᠨᠡᠶᠢᠳᠡᠮ ᠪᠠᠶᠢᠴᠠᠭᠠᠯᠳᠠ ᠶᠢᠨ ᠡᠲᠡᠭᠡᠳ ᠤᠨ ᠨᠡᠷᠡᠶᠢᠳᠤᠯ᠂ ᠣᠷᠣᠨ ᠵᠠᠶ ᠶᠢᠨ ᠣᠷᠣᠨ ᠪᠠᠶᠢᠷᠢ᠂ ᠬᠠᠮᠠᠭᠠᠯᠠᠯᠲᠠ ᠶᠢᠨ ᠲᠠᠰ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠲᠥᠷᠥᠯ ᠢᠯᠭᠠᠯ᠂ ᠣᠨ ᠵᠢᠯ᠂ ᠡᠷᠬᠡ ᠶᠢᠨ ᠬᠠᠷᠢᠶᠠᠯᠠᠯ᠂ ᠬᠡᠷᠡᠭᠯᠡᠭᠰᠡᠨ ᠪᠠᠶᠢᠳᠠᠯ᠂ ᠬᠠᠳᠠᠭᠠᠯᠠᠭᠰᠠᠨ ᠪᠠᠶᠢᠳᠠᠯ ᠵᠡᠷᠭᠡ ᠪᠠᠭᠲᠠᠨ᠎ᠠ᠃       ᠳᠥᠷᠪᠡ᠂ ᠴᠠᠭ ᠤᠨ ᠲᠣᠬᠢᠷᠠᠭᠤᠯᠤᠯᠲᠠ ᠲᠥᠷᠥ ᠶᠢᠨ ᠶᠠᠪᠤᠳᠠᠯ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠳᠠ ᠶᠣᠰᠣᠭᠠᠷ᠂ ᠲᠣᠰ ᠤᠳᠠᠭᠠᠨ ᠤ  ᠨᠡᠶᠢᠳᠡᠮ ᠪᠠᠶᠢᠴᠠᠭᠠᠯᠳᠠ ᠨᠢ 2023 ᠣᠨ ᠤ 11 ᠰᠠᠷ᠎ᠠ ᠠᠴᠠ ᠡᠬᠢᠯᠡᠵᠦ᠂ 2026 ᠣᠨ ᠤ 6 ᠰᠠᠷ᠎ᠠ ᠳᠤ ᠳᠠᠭᠤᠰᠬᠤ ᠪᠣᠯᠲᠠᠯ᠎ᠠ ᠭᠤᠷᠪᠠᠨ ᠱᠠᠲᠤ ᠬᠤᠪᠢᠶᠠᠨ ᠶᠠᠪᠤᠭᠳᠠᠭᠤᠯᠤᠨ᠎ᠠ᠃ 2023 ᠣᠨ ᠤ 11 ᠳ᠋ᠦ᠋ᠭᠡᠷ ᠰᠠᠷ᠎ᠠ ᠠᠴᠠ 2024 ᠣᠨ ᠤ 4 ᠳ᠋ᠦ᠋ᠭᠡᠷ ᠰᠠᠷ᠎ᠠ ᠪᠣᠯᠲᠠᠯᠠᠬᠢ ᠬᠤᠭᠤᠴᠠᠭ᠎ᠠ ᠪᠣᠯ ᠨᠡᠶᠢᠳᠡᠮ ᠪᠠᠶᠢᠴᠠᠭᠠᠯᠳᠠ ᠶᠢᠨ ᠨᠢᠭᠡᠳᠦᠭᠡᠷ ᠱᠠᠲᠤ ᠪᠣᠯᠤᠨ᠎ᠠ᠂ ᠭᠤᠤᠯ ᠡᠭᠦᠷᠭᠡ ᠪᠣᠯ ᠡᠯ᠎ᠡ ᠱᠠᠲᠤᠨ ᠤ ᠨᠡᠶᠢᠳᠡᠮ ᠪᠠᠶᠢᠴᠠᠭᠠᠯᠳᠠ ᠶᠢᠨ ᠪᠠᠶᠢᠭᠤᠯᠤᠮᠵᠢ ᠶᠢ ᠪᠠᠶ᠋ᠢᠭᠤᠯᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠥᠷᠨᠢᠭᠦᠯᠦᠨ᠎ᠡ᠃ 2024 ᠣᠨ ᠤ 5 ᠳ᠋ᠤᠭᠠᠷ ᠰᠠᠷ᠎ᠠ ᠠᠴᠠ 2025 ᠣᠨ ᠤ 5 ᠳ᠋ᠤᠭᠠᠷ ᠰᠠᠷ᠎ᠠ ᠪᠣᠯᠲᠠᠯᠠᠬᠢ ᠬᠤᠭᠤᠴᠠᠭ᠎ᠠ ᠶᠢ  ᠨᠡᠶᠢᠳᠡᠮ ᠪᠠᠶᠢᠴᠠᠭᠠᠯᠳᠠ ᠶᠢᠨ ᠬᠤᠶᠠᠳᠤᠭᠠᠷ ᠱᠠᠲᠤ ᠦᠶ᠎ᠡ ᠪᠣᠯᠭᠠᠵᠤ᠂ ᠭᠤᠤᠯ ᠡᠭᠦᠷᠭᠡ ᠨᠢ ᠬᠤᠰᠢᠭᠤ ᠰᠢᠶᠠᠨ ᠢᠶᠠᠷ ᠦᠨᠳᠦᠰᠦᠨ ᠨᠢᠭᠡᠴᠢ ᠪᠣᠯᠭᠠᠨ᠂ ᠲᠤᠬᠠᠶ ᠶᠢᠨ ᠭᠠᠵᠠᠷ ᠲᠤᠨᠢ ᠲᠡᠤᠬᠡ ᠶᠢᠨ ᠳᠤᠷᠠᠰᠬᠠᠯᠲᠤ ᠵᠦᠢᠯᠡᠰ ᠤᠨ ᠪᠠᠶᠢᠴᠠᠭᠠᠯᠳᠠ ᠶᠢ ᠥᠷᠨᠢᠭᠦᠯᠦᠨ᠎ᠡ᠃ 2025 ᠣᠨ ᠤ 6 ᠳ᠋ᠤᠭᠠᠷ ᠰᠠᠷ᠎ᠠ ᠠᠴᠠ 2026 ᠣᠨ ᠤ 6 ᠳ᠋ᠤᠭᠠᠷ ᠰᠠᠷ᠎ᠠ ᠪᠣᠯᠲᠠᠯᠠᠬᠢ ᠪᠣᠯ ᠨᠡᠶᠢᠳᠡᠮ ᠪᠠᠶᠢᠴᠠᠭᠠᠯᠳᠠ ᠶᠢᠨ ᠭᠤᠷᠪᠠᠳᠤᠭᠠᠷ ᠱᠠᠲᠤ ᠦᠶ᠎ᠡ ᠪᠣᠯᠤᠨ᠎ᠠ᠂ ᠭᠤᠤᠯ ᠡᠭᠦᠷᠭᠡ ᠪᠣᠯ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠤᠶᠢᠯᠡᠰ ᠢ ᠬᠠᠤᠯᠢ ᠶᠣᠰᠣᠭᠠᠷ ᠮᠠᠭᠠᠳᠯᠠᠨ ᠲᠣᠭᠲᠠᠭᠠᠬᠤ᠂ ᠳᠡᠩᠰᠡᠯᠡᠨ ᠲᠡᠮᠳᠡᠭᠯᠡᠬᠦ ᠶᠢᠨ ᠬᠠᠮᠲᠤ ᠨᠡᠶᠢᠳᠡᠯᠡᠵᠤ᠂ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠤᠶᠢᠯᠡᠰ ᠤᠨ ᠡᠬᠢ ᠪᠠᠶᠠᠯᠢᠭ ᠤᠨ ᠭᠠᠷᠴᠠᠭ ᠢ ᠪᠠᠶᠢᠭᠤᠯᠤᠨ᠂ ᠱᠠᠲᠤ ᠳᠠᠷᠠᠭᠠᠯᠠᠨ ᠰᠢᠯᠭᠠᠨ ᠠᠪᠬᠤ ᠶᠢᠨ ᠬᠠᠮᠲᠤ ᠨᠡᠶᠢᠭᠡᠮ ᠨᠡᠶᠢᠳᠡ ᠳᠤ ᠨᠡᠶᠢᠳᠡᠮ ᠪᠠᠶᠢᠴᠠᠭᠠᠯᠳᠠ ᠶᠢᠨ ᠦᠷ᠎ᠡ ᠪᠦᠲᠦᠭᠡᠯ ᠢ ᠨᠡᠶᠢᠳᠡᠯᠡᠨ᠎ᠠ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠨᠡᠶᠢᠳᠡᠮ ᠪᠠᠶᠢᠴᠠᠭᠠᠯᠳᠠ ᠶᠢᠨ ᠦᠷ᠎ᠡ ᠳ᠋ᠦᠩ ᠢ ᠦᠨᠳᠦᠰᠦᠯᠡᠨ᠂ ᠰᠢᠯᠵᠢᠭᠦᠯᠵᠦ ᠪᠣᠯᠤᠰᠢ ᠥᠬᠡᠶ ᠴᠢᠬᠤᠯᠠ ᠲᠡᠤᠬᠡ ᠶᠢᠨ ᠳᠤᠷᠠᠰᠬᠠᠯᠲᠤ ᠵᠦᠢᠯᠡᠰ ᠢ ᠵᠣᠬᠢᠬᠤ ᠲᠠᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠠᠷ ᠴᠠᠭ ᠲᠤᠨᠢ ᠳᠣᠭᠢᠷᠠᠭᠤᠯᠤᠨ ᠬᠢᠨᠠᠨ ᠲᠣᠭᠲᠠᠭᠠᠵᠤ ᠨᠡᠶᠢᠳᠡᠯᠡᠬᠦ ᠬᠡᠷᠡᠭᠲᠡᠶ᠃       ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠨᠢᠭᠡ︶ ᠵᠣᠬᠢᠶᠠᠨ ᠪᠠᠶ᠋ᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠤᠶᠢᠯᠡᠰ ᠤᠨ ᠨᠡᠶᠢᠳᠡᠮ ᠪᠠᠶᠢᠴᠠᠭᠠᠯᠳᠠ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠠᠮᠤᠭ ᠤᠨ ᠶᠡᠭᠡ ᠬᠡᠪᠴᠢᠶᠡᠨ ᠤ ᠲᠡᠦᠬᠡ ᠶᠢᠨ ᠳᠤᠷᠠᠰᠬᠠᠯᠲᠤ ᠤᠯᠤᠰ ᠤᠨ ᠲᠡᠦᠬᠡ ᠰᠣᠶᠣᠯ ᠤᠨ ᠥᠪ ᠢ ᠦᠨᠡᠨᠬᠦ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠰᠣᠶᠣᠯ ᠤᠨ ᠦᠵᠡᠰᠬᠦᠯᠡᠩ ᠤᠨ ᠨᠢᠭᠡᠴᠢ ᠪᠠᠷ ᠭᠤᠣᠯᠯᠠᠭᠤᠯᠵᠤ᠂ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠬᠦᠴᠦ ᠪᠠᠨ ᠬᠠᠮᠲᠤᠳᠬᠠᠨ ᠬᠠᠮᠵᠢᠯᠴᠠᠬᠤ ᠲᠤᠮᠤ ᠶᠠᠪᠤᠳᠠᠯ ᠪᠣᠯᠬᠤ ᠲᠤᠯᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠡᠦᠬᠡ ᠶᠢᠨ ᠳᠤᠷᠠᠰᠬᠠᠯᠲᠤ ᠵᠤᠶᠢᠯᠡᠰ  ᠢ ᠨᠡᠶᠢᠳᠡᠮ ᠪᠠᠶᠢᠴᠠᠭᠠᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠵᠢᠯ ᠢᠶᠠᠨ ᠴᠢᠨᠠᠷ ᠰᠠᠶᠢᠳᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃       ︵ᠬᠤᠶᠠᠷ︶ ᠵᠣᠬᠢᠶᠠᠨ ᠪᠠᠶᠢᠭᠤᠯᠤᠯᠳᠠ ᠶᠢᠨ  ᠪᠠᠶᠢᠭᠤᠯᠤᠮᠵᠢ ᠪᠠᠶᠢᠭᠤᠯᠤᠨ᠎ᠠ᠃ ᠨᠡᠶᠢᠳᠡᠮ ᠪᠠᠶᠢᠴᠠᠭᠠᠯᠳᠠ ᠶᠢᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠤᠰᠠᠳᠠ᠂ ᠬᠢᠩᠭᠠᠨ ᠠᠶᠢᠮᠠᠭ ᠤᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠤᠶᠢᠯᠡᠰ ᠤᠨ  ᠨᠡᠶᠢᠳᠡᠮ ᠪᠠᠶᠢᠴᠠᠭᠠᠯᠳᠠ ᠶᠢᠨ ᠤᠳᠤᠷᠢᠳᠬᠤ ᠲᠤᠭᠤᠶᠢᠯᠠᠩ ᠢ ᠪᠠᠶᠢᠭᠤᠯᠵᠤ᠂ ᠨᠡᠶᠢᠳᠡᠮ ᠪᠠᠶᠢᠴᠠᠭᠠᠯᠳᠠ ᠶᠢᠨ ᠠᠵᠢᠯ ᠤᠨ ᠵᠣᠬᠢᠶᠠᠨ  ᠪᠠᠶᠢᠭᠤᠯᠤᠯᠳᠠ ᠶᠢᠨ ᠤᠳᠤᠷᠢᠳᠤᠯᠭ᠎ᠠ ᠶᠢ ᠬᠠᠷᠢᠭᠤᠴᠠᠭᠤᠯᠤᠨ᠂ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠶᠢᠳᠪᠦᠷᠢᠯᠡᠨ᠎ᠡ᠃ ᠤᠳᠤᠷᠢᠳᠬᠤ ᠲᠤᠭᠤᠶᠢᠯᠠᠩ ᠤᠨ ᠠᠯᠪᠠᠨ ᠬᠡᠷ  ᠢ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠳᠤ  ᠪᠠᠶᠢᠷᠢᠯᠠᠭᠤᠯᠵᠤ᠂ ᠨᠡᠶᠢᠳᠡᠮ ᠪᠠᠶᠢᠴᠠᠭᠠᠯᠳᠠ ᠶᠢᠨ ᠠᠵᠢᠯ ᠤᠨ ᠡᠳᠦᠷ ᠲᠤᠲᠤᠮ ᠤᠨ ᠵᠣᠬᠢᠶᠠᠨ ᠪᠠᠶᠢᠭᠤᠯᠤᠯᠳᠠ ᠪᠠ ᠪᠣᠳᠠᠲᠠᠶ ᠵᠣᠬᠢᠴᠠᠭᠤᠯᠭ᠎ᠠ ᠶᠢ ᠬᠠᠷᠢᠭᠤᠴᠠᠭᠤᠯᠤᠨ᠎ᠠ᠃ ᠡᠯ᠎ᠡ ᠬᠤᠰᠢᠭᠤ ᠰᠢᠶᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠵᠣᠬᠢᠴᠠᠩᠭᠤᠶ ᠪᠥᠬᠦᠢ ᠨᠡᠶᠢᠳᠡᠮ ᠪᠠᠶᠢᠴᠠᠭᠠᠯᠳᠠ ᠶᠢᠨ ᠤᠳᠤᠷᠢᠳᠬᠤ ᠲᠤᠭᠤᠶᠢᠯᠠᠩ ᠵᠢᠴᠢ ᠠᠯᠪᠠᠨ ᠭᠡᠷ ᠪᠠᠶᠢᠭᠤᠯᠵᠤ᠂ ᠲᠤᠰ ᠭᠠᠵᠠᠷ ᠣᠷᠣᠨ ᠤ ᠪᠠᠨ ᠲᠡᠦᠬᠡ ᠶᠢᠨ ᠳᠤᠷᠠᠰᠬᠠᠯᠲᠤ  ᠵᠤᠶᠢᠯᠡᠰ ᠤᠨ ᠨᠡᠶᠢᠳᠡᠮ ᠪᠠᠶᠢᠴᠠᠭᠠᠯᠳᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠰᠠᠶᠢᠳᠤᠷ ᠬᠢᠬᠦ ᠬᠡᠷᠡᠭᠲᠡᠶ᠃       ︵ᠭᠤᠷᠪᠠ︶ ᠵᠠᠷᠤᠳᠠᠯ ᠤᠨ ᠲᠥᠰᠦᠪ ᠢ ᠨᠠᠶᠢᠳᠠᠪᠤᠷᠢᠵᠢᠭᠤᠯᠤᠨ᠎ᠠ᠃ ︽ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠬᠢᠩᠭᠠᠨ  ᠠᠶᠢᠮᠠᠭ ᠤᠨ ᠣᠯᠠᠨ ᠨᠡᠶᠢᠳᠡ ᠶᠢᠨ ᠰᠣᠶᠣᠯ ᠤᠨ ᠬᠦᠷᠢᠶ᠎ᠡ ᠬᠢᠭᠡᠳ ᠬᠤᠰᠢᠭᠤ ᠰᠢᠶᠠᠨ ᠬᠤᠲᠠ ᠶᠢᠨ ᠡᠳ᠋ ᠤᠨ ᠵᠠᠰᠠᠭ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠶᠣᠰᠣᠭᠠᠷ᠂ ᠡᠯ᠎ᠡ ᠬᠤᠰᠢᠭᠤ ᠰᠢᠶᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠨᠡᠶᠢᠳᠡᠮ ᠪᠠᠶᠢᠴᠠᠭᠠᠯᠳᠠ ᠶᠢᠨ ᠠᠵᠢᠯ ᠤᠨ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠵᠤ᠂ ᠲᠡᠦᠬᠡ ᠶᠢᠨ ᠳᠤᠷᠠᠰᠬᠠᠯᠲᠤ ᠵᠤᠶᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠨᠡᠶᠢᠳᠡᠮ ᠪᠠᠶᠢᠴᠠᠭᠠᠯᠳᠠ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠵᠠᠷᠤᠳᠠᠯ ᠤᠨ ᠱᠠᠭᠠᠷᠳᠠᠯᠭ᠎ᠠ ᠳᠤᠷᠠᠳᠴᠤ᠂ ᠡᠯ᠎ᠡ ᠱᠠᠲᠤᠨ ᠤ ᠨᠡᠶᠢᠳᠡᠮ ᠪᠠᠶᠢᠴᠠᠭᠠᠯᠳᠠ ᠶᠢᠨ ᠳᠤᠭᠤᠶᠢᠯᠠᠩ ᠬᠢᠭᠡᠳ ᠲᠡᠭᠦᠨ ᠤ ᠠᠯᠪᠠᠨ ᠭᠡᠷ ᠡᠳ᠋ ᠤᠨ ᠵᠠᠰᠠᠭ ᠤᠨ ᠲᠥᠷᠢᠮ ᠤᠨ ᠲᠣᠭᠲᠠᠭᠠᠯ ᠶᠣᠰᠣᠭᠠᠷ᠂ ᠵᠠᠷᠤᠳᠠᠯ ᠤᠨ ᠬᠠᠮᠢᠶᠠᠷᠤᠯᠲᠠ ᠪᠠᠨ ᠴᠢᠩᠭᠠᠳᠬᠠᠨ᠂ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠵᠦ᠂ ᠨᠡᠶᠢᠳᠡᠮ ᠪᠠᠶᠢᠴᠠᠭᠠᠯᠳᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃       ︵ᠲᠥᠷᠪᠡ︶ ᠨᠡᠶᠢᠳᠡᠮ ᠪᠠᠶᠢᠴᠠᠭᠠᠯᠳᠠ ᠶᠢᠨ ᠡᠩᠨᠡᠭᠡ ᠶᠢ ᠲᠣᠭᠲᠠᠭᠤᠨ ᠪᠠᠶᠢᠯᠭᠠᠨ᠎ᠠ᠃ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠤᠶᠢᠯᠡᠰ ᠤᠨ ᠰᠠᠯᠠᠭ᠎ᠠ ᠮᠥᠴᠢᠷ ᠤᠳ ᠬᠠᠷᠢᠶ᠎ᠠ ᠣᠷᠣᠨ ᠤ ᠪᠠᠨ ᠳᠣᠲᠣᠷᠠᠬᠢ ᠰᠢᠯᠵᠢᠭᠦᠯᠵᠦ ᠪᠣᠯᠤᠰᠢ ᠥᠭᠡᠢ ᠲᠡᠦᠬᠡ ᠶᠢᠨ ᠳᠤᠷᠠᠰᠬᠠᠯᠲᠤ ᠵᠤᠶᠢᠯᠡᠰ ᠤᠨ ᠡᠬᠢ ᠪᠠᠶᠠᠯᠢᠭ ᠤᠨ ᠲᠤᠭ᠎ᠠ ᠬᠡᠮᠵᠢᠶ᠎ᠡ᠂ ᠲᠠᠷᠬᠠᠯᠲᠠ᠂ ᠡᠩᠨᠡᠭᠡᠨ ᠤ ᠬᠥᠮᠦᠰ ᠤᠨ ᠲᠤᠭ᠎ᠠ ᠬᠡᠮᠵᠢᠶ᠎ᠡ᠂ ᠲᠤᠰᠬᠠᠶ ᠮᠡᠷᠭᠡᠵᠢᠯ ᠤᠨ ᠬᠡᠮᠵᠢᠶ᠎ᠡ ᠵᠡᠷᠭᠡ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠵᠤ᠂ ᠨᠥᠬᠦᠴᠡᠯ ᠳᠤ ᠨᠠᠶᠢᠴᠡᠬᠦ ᠬᠥᠮᠦᠰ ᠢ ᠤᠷᠢᠨ ᠬᠡᠷᠡᠭᠯᠡᠬᠦ ᠪᠤᠶᠤ ᠬᠤᠯᠪᠣᠭᠳᠠᠯ ᠪᠥᠬᠦᠢ ᠨᠢᠭᠡᠴᠡ ᠠᠴᠠ ᠵᠥᠪᠳᠡᠯᠴᠡᠵᠦ ᠪᠠᠶᠢᠭᠠᠳ ᠨᠡᠶᠢᠳᠡᠮ ᠪᠠᠶᠢᠴᠠᠭᠠᠯᠳᠠ ᠶᠢᠨ ᠡᠩᠨᠡᠭᠡᠨ ᠳᠤ ᠣᠷᠣᠭᠤᠯᠵᠤ ᠪᠣᠯᠤᠨ᠎ᠠ ᠃ ᠤᠷᠢᠨ ᠬᠡᠷᠡᠭᠯᠡᠬᠦ ᠬᠥᠮᠦᠰ ᠤᠨ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠢ ᠨᠡᠶᠢᠳᠡᠮ ᠪᠠᠶᠢᠴᠠᠭᠠᠯᠳᠠ ᠶᠢᠨ ᠵᠠᠷᠤᠳᠠᠯ ᠠᠴᠠ ᠭᠠᠷᠭᠠᠵᠤ᠂ ᠤᠷᠢᠨ ᠬᠡᠷᠡᠭᠯᠡᠬᠦ ᠨᠢᠭᠡᠴᠢ ᠠᠴᠠ ᠭᠠᠷᠭᠠᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠯᠤᠭ᠎ᠠ ᠬᠤᠷᠰᠢᠯᠴᠠᠨ ᠬᠠᠮᠢᠶ᠎ᠠ ᠪᠥᠬᠦᠢ ᠲᠤᠰᠬᠠᠶ ᠮᠡᠷᠭᠡᠵᠢᠯ ᠤᠨ ᠰᠤᠷᠤᠭᠴᠢᠳ ᠢ ᠲᠣᠬᠢᠷᠠᠭᠤᠯᠵᠤ ᠲᠡᠦᠬᠡ ᠶᠢᠨ ᠳᠤᠷᠠᠰᠬᠠᠯᠲᠤ ᠵᠤᠶᠢᠯᠡᠰ ᠤᠨ ᠨᠡᠶᠢᠳᠡᠮ ᠪᠠᠶᠢᠴᠠᠭᠠᠯᠳᠠ ᠳᠤ ᠣᠷᠣᠯᠴᠠᠭᠤᠯᠬᠤ ᠶᠢᠨ ᠬᠠᠮᠲᠤ ᠵᠢᠭᠠᠨ ᠰᠤᠷᠭᠠᠬᠤ ᠳᠠᠳᠤᠯᠭ᠎ᠠ ᠶᠢᠨ ᠬᠢᠴᠢᠶᠡᠯ ᠪᠣᠯᠭᠠᠵᠤ ᠴᠤ ᠪᠣᠯᠤᠨ᠎ᠠ᠃       ︵ᠲᠠᠪᠤ︶ ᠨᠡᠶᠢᠳᠡᠮ ᠪᠠᠶᠢᠴᠠᠭᠠᠯᠳᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠰᠠᠶᠢᠳᠤᠷ ᠬᠢᠬᠦ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯ ᠲᠣᠰ ᠭᠠᠵᠠᠷ ᠣᠷᠣᠨ ᠤ ᠲᠡᠤᠬᠡ ᠶᠢᠨ ᠳᠤᠷᠠᠰᠬᠠᠯᠲᠤ ᠵᠤᠶᠢᠯᠡᠰ ᠤᠨ ᠨᠡᠶᠢᠳᠡᠮ ᠪᠠᠶᠢᠴᠠᠭᠠᠯᠳᠠ ᠶᠢᠨ ᠠᠵᠢᠯ ᠤᠨ ᠬᠠᠷᠢᠭᠤᠴᠠᠯᠭ᠎ᠠ ᠶᠢᠨ ᠭᠤᠤᠯ ᠴᠣᠭᠴᠠ ᠪᠠᠶᠢᠵᠤ᠂ ᠲᠡᠤᠬᠡ ᠶᠢᠨ ᠳᠤᠷᠠᠰᠬᠠᠯᠲᠤ ᠵᠤᠶᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠨᠡᠶᠢᠳᠡᠮ ᠪᠠᠶᠢᠴᠠᠭᠠᠯᠳᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠨᠡᠬᠡᠮᠵᠢᠯᠡᠬᠦ ᠲᠣᠭᠲᠠᠴᠠ ᠶᠢ  ᠪᠠᠶᠢᠭᠤᠯᠤᠨ᠂ ᠨᠡᠶᠢᠳᠡᠮ ᠪᠠᠶᠢᠴᠠᠭᠠᠯᠳᠠ ᠶᠢᠨ ᠲᠥᠰᠦᠯ ᠢ ᠴᠢᠩᠭ᠎ᠠ ᠬᠡᠷᠡᠭᠵᠢᠭᠦᠯᠵᠦ᠂ ᠠᠵᠢᠯ ᠤᠨ ᠶᠠᠪᠤᠴᠠ ᠶᠢ ᠵᠢᠷᠤᠮᠵᠢᠭᠤᠯᠤᠨ᠂ ᠨᠡᠶᠢᠳᠡᠮ ᠪᠠᠶᠢᠴᠠᠭᠠᠯᠳᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠬᠤᠳᠠᠯ ᠢᠶᠠᠷ ᠮᠡᠳᠡᠭᠦᠯᠬᠦ᠂ ᠮᠡᠳᠡᠭᠦᠯᠬᠦ ᠦᠭᠡᠢ ᠨᠢᠭᠤᠬᠤ᠂ ᠮᠡᠳᠡᠭᠦᠯᠬᠦ ᠦᠭᠡᠢ ᠲᠡᠪᠴᠢᠬᠦ᠂ ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠢ᠂ ᠶᠠᠮᠠᠷᠪᠠ ᠨᠢᠭᠡᠴᠢ ᠪᠤᠶᠤ ᠬᠤᠪᠢ ᠬᠥᠮᠦᠨ ᠨᠡᠶᠢᠳᠡᠮ ᠪᠠᠶᠢᠴᠠᠭᠠᠯᠳᠠ ᠶᠢᠨ ᠲᠤᠭ᠎ᠠ ᠪᠠᠷᠢᠮᠲᠠ ᠳᠤ ᠭᠠᠷ ᠲᠦᠷᠦᠭᠦ ᠶᠢ ᠡᠷᠡᠰ ᠬᠤᠷᠢᠭᠯᠠᠵᠤ᠂ ᠨᠡᠶᠢᠳᠡᠮ ᠪᠠᠶᠢᠴᠠᠭᠠᠯᠳᠠ ᠶᠢᠨ ᠮᠠᠲ᠋ᠧᠷᠢᠶᠠᠯ ᠢ ᠥᠭᠡᠷᠡᠲᠦᠭᠦᠯᠵᠦ᠂ ᠨᠡᠶᠢᠳᠡᠮ ᠪᠠᠶᠢᠴᠠᠭᠠᠯᠳᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠣᠨᠣᠪᠴᠢᠲᠠᠶ᠂ ᠪᠦᠷᠢᠨ ᠪᠦᠲᠦᠨ ᠢᠲᠡᠭᠡᠮᠵᠢᠲᠡᠶ ᠪᠠᠶ᠋ᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠨᠡᠶᠢᠳᠡᠮ ᠪᠠᠶᠢᠴᠠᠭᠠᠯᠳᠠ ᠶᠢᠨ ᠡᠩᠨᠡᠭᠡᠨ ᠤ ᠠᠵᠢᠯᠲᠠᠳ ᠬᠠᠮᠢᠶ᠎ᠠ ᠪᠥᠬᠦᠶ ᠲᠤᠭ᠎ᠠ ᠪᠠᠷᠢᠮᠲᠠ ᠪᠠ ᠮᠠᠲ᠋ᠧᠷᠢᠶᠠᠯ ᠢ ᠲᠣᠬᠢᠲᠠᠶ ᠬᠠᠳᠠᠭᠠᠯᠠᠵᠤ᠂ ᠨᠡᠶᠢᠳᠡᠮ ᠪᠠᠶᠢᠴᠠᠭᠠᠯᠳᠠ ᠳᠤ ᠬᠤᠯᠪᠣᠭᠳᠠᠬᠤ ᠤᠯᠤᠰ ᠤᠨ ᠨᠢᠭᠤᠴᠠ ᠶᠢ ᠬᠠᠮᠠᠭᠠᠯᠠᠬᠤ ᠡᠭᠦᠷᠭᠡ ᠶᠢ ᠭᠦᠢᠴᠡᠳᠭᠡᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠰᠠᠬᠢᠯᠭ᠎ᠠ ᠶᠣᠰᠣᠭᠠᠷ ᠰᠶᠢᠳᠪᠦᠷᠢᠯᠡᠬᠦ ᠬᠡᠷᠡᠭᠲᠡᠶ᠃ ᠲᠡᠦᠬᠡ ᠶᠢᠨ ᠳᠤᠷᠠᠰᠬᠠᠯᠲᠤ ᠵᠤᠶᠢᠯᠡᠰ ᠢ ᠨᠡᠶᠢᠳᠡᠮ ᠪᠠᠶᠢᠴᠠᠭᠠᠬᠤ ᠶᠠᠪᠤᠴᠠ ᠳᠤ᠂ ᠬᠡᠷᠪᠡ ᠵᠣᠷᠢᠭᠤᠳᠠ ᠡᠪᠳᠡᠯᠡᠭᠰᠡᠨ᠂ ᠬᠢᠨᠠᠨ ᠬᠠᠮᠢᠶᠠᠷᠤᠭᠰᠠᠨ ᠨᠢ ᠰᠤᠯᠠ ᠵᠡᠷᠭᠡ ᠰᠢᠯᠲᠠᠭᠠᠨ ᠠᠴᠠ ᠪᠤᠯᠵᠤ ᠨᠢᠭᠡᠨᠲᠡ ᠳᠠᠩᠰᠠᠯᠠᠭᠤᠯᠤᠭᠰᠠᠨ ᠲᠡᠦᠬᠡ ᠶᠢᠨ ᠳᠤᠷᠠᠰᠬᠠᠯᠲᠤ ᠵᠤᠶᠢᠯᠡᠰ ᠢ ᠡᠪᠳᠡᠯᠭᠡ ᠳᠤ ᠤᠴᠠᠷᠠᠭᠤᠯᠤᠭᠰᠠᠨ᠂ ᠬᠦᠴᠦᠨ ᠦᠭᠡᠢ ᠪᠣᠯᠭᠠᠭᠰᠠᠨ᠂ ᠤᠰᠠᠳᠬᠠᠵᠤ ᠭᠡᠭᠡᠭᠳᠡᠭᠦᠯᠦᠭᠰᠡᠨ ᠪᠠᠶᠢᠳᠠᠯ ᠢ ᠣᠯᠵᠤ ᠮᠡᠳᠡᠪᠡᠯ᠂ ᠬᠠᠤᠯᠢ ᠶᠣᠰᠣᠭᠠᠷ ᠪᠠᠶᠢᠴᠠᠭᠠᠨ ᠰᠶᠢᠳᠪᠦᠷᠢᠯᠡᠬᠦ ᠶᠢᠨ ᠬᠠᠮᠲᠤ ᠬᠠᠤᠯᠢ ᠰᠠᠬᠢᠯᠭ᠎ᠠ ᠠᠴᠠ ᠵᠥᠷᠢᠴᠡᠭᠰᠡᠨ ᠰᠦᠪᠡᠭᠴᠢ ᠶᠢ ᠴᠠᠭ ᠲᠤᠬᠠᠶ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠬᠦ ᠬᠡᠷᠡᠭᠲᠡᠶ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号