| ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠠᠲᠠᠷ | ᠬᠠᠭᠠᠯᠪᠤᠷᠢᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ᠂ ᠠᠶᠢᠮᠠᠭ ᠤᠨ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠰᠢᠭᠤᠳ ᠬᠠᠷᠢᠶ᠎ᠠ ᠡᠯ᠎ᠡ ᠵᠥᠪᠯᠡᠯ᠂ | ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ ᠠᠶᠢᠮᠠᠭ ᠤᠨ | ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ | ᠢᠲᠡᠭᠡᠯ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ ᠦᠨᠡᠨᠴᠢ | ᠢᠲᠡᠭᠡᠮᠵᠢ ᠶᠢᠨ ᠪᠠᠶᠢᠭᠤᠯᠤᠯᠳᠠ ᠶᠢᠨ ᠢᠨᠵᠧᠨᠧᠷᠢᠩ ᠢ ᠴᠢᠨᠠᠷ ᠰᠠᠶᠢᠳᠠᠢ ᠪᠡᠶᠡᠯᠡᠭᠦᠯᠬᠦ ᠲᠤᠬᠠᠶ ᠬᠡᠷᠡᠭᠵᠢᠭᠦᠯᠬᠦ ᠰᠠᠨᠠᠯ︾ | ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠳᠤᠭᠠᠢ᠃ | 2024 ᠣᠨ ᠤ 3 ᠰᠠᠷ᠎ᠠ ᠶᠢᠨ 29 ᠤ ᠡᠳᠦᠷ | ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠯ ᠠᠯᠳᠠᠭᠰᠠᠳ ᠢ ᠬᠠᠮᠲᠤᠷᠠᠨ ᠵᠠᠯᠬᠠᠭᠠᠨ | ᠴᠡᠭᠡᠷᠯᠡᠭᠦᠯᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ ᠦᠨᠡᠨᠴᠢ ᠢᠲᠡᠭᠡᠮᠵᠢ ᠶᠢᠨ ᠪᠠᠶᠢᠭᠤᠯᠤᠯᠳᠠ ᠶᠢᠨ | ᠢᠨᠵᠧᠨᠧᠷᠢᠩ ᠢ ᠴᠢᠨᠠᠷ ᠰᠠᠶᠢᠳᠠᠢ ᠪᠡᠶᠡᠯᠡᠭᠦᠯᠬᠦ ᠲᠤᠬᠠᠶ ᠬᠡᠷᠡᠭᠵᠢᠭᠦᠯᠬᠦ ᠰᠠᠨᠠᠯ | ᠦᠨᠡᠨᠴᠢ ᠢᠲᠡᠭᠡᠮᠵᠢ ᠶᠢᠨ ᠪᠠᠶᠢᠭᠤᠯᠤᠯᠳᠠ ᠶᠢᠨ ᠢᠨᠵᠧᠨᠧᠷᠢᠩ ᠢ ᠴᠢᠨᠠᠷ ᠰᠠᠶᠢᠳᠠᠢ ᠪᠡᠶᠡᠯᠡᠭᠦᠯᠵᠦ᠂ ᠮᠠᠨ ᠤ | ᠠᠶᠢᠮᠠᠭ ᠤᠨ ᠬᠠᠮᠲᠤᠷᠠᠨ ᠱᠠᠩᠨᠠᠵᠤ ᠲᠣᠷᠭᠠᠬᠤ ᠠᠵᠢᠯ ᠤᠨ ᠰᠠᠭᠤᠷᠢ ᠶᠢ ᠪᠠᠲᠤᠳᠬᠠᠨ᠂ ᠪᠥᠬᠦ ᠨᠡᠶᠢᠭᠡᠮ ᠤᠨ ᠦᠨᠡᠨᠴᠢ | ᠢᠲᠡᠭᠡᠮᠵᠢ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ︽ᠬᠢᠩᠭᠠᠨ | ᠠᠶᠢᠮᠠᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠳᠠ ᠶᠢᠨ ᠢᠨᠵᠧᠨᠧᠷᠢᠩ ᠢ ᠬᠡᠷᠡᠭᠵᠢᠭᠦᠯᠬᠦ ᠲᠥᠰᠦᠯ︾ ᠢ | ᠳᠠᠷᠤᠮᠠᠯᠯᠠᠨ ᠶᠠᠪᠤᠭᠤᠯᠬᠤ ᠲᠤᠬᠠᠶ ᠬᠢᠩᠭᠠᠨ ᠠᠶᠢᠮᠠᠭ ᠤᠨ ᠵᠠᠬᠢᠷᠭ᠎ᠠ ᠶᠢᠨ ᠮᠡᠳᠡᠭᠳᠡᠯ︾ ︵ᠬᠢᠩᠭᠠᠨ ᠵᠠᠬᠢᠷᠭ᠎ᠠ | ᠲᠠᠷᠬᠠᠭᠠᠭᠰᠠᠨ ﹇2024﹈ 18 ᠳ᠋ᠤᠭᠠᠷ ᠲᠣᠭᠠᠲᠤ︶ ᠢ ᠦᠨᠳᠦᠰᠦᠯᠡᠨ᠂ ᠮᠠᠨ ᠤ ᠠᠶᠢᠮᠠᠭ ᠤᠨ ᠪᠣᠳᠠᠲᠠᠶ ᠲᠠᠢ ᠪᠠᠨ | ᠤᠶᠠᠯᠳᠤᠭᠤᠯᠵᠤ᠂ ᠲᠣᠰ ᠬᠡᠷᠡᠭᠵᠢᠭᠦᠯᠬᠦ ᠰᠠᠨᠠᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ ︽ᠦᠨᠡᠨᠴᠢ ᠢᠲᠡᠭᠡᠮᠵᠢᠲᠡᠶ ᠪᠠᠶᠢᠬᠤ ᠶᠢ ᠬᠥᠬᠢᠭᠦᠯᠦᠨ ᠱᠠᠩᠨᠠᠬᠤ᠂ ᠢᠲᠡᠭᠡᠯ | ᠠᠯᠳᠠᠭᠰᠠᠳ ᠢ ᠵᠠᠯᠬᠠᠭᠠᠨ ᠴᠡᠭᠡᠷᠯᠡᠭᠦᠯᠬᠦ᠂ ᠬᠠᠤᠯᠢ ᠲᠣᠭᠲᠠᠭᠠᠯ ᠢ ᠵᠢᠷᠤᠮᠯᠠᠬᠤ᠂ ᠭᠤᠣᠯᠳᠠᠯᠭ᠎ᠠ ᠲᠠᠢ ᠰᠢᠪᠲᠤᠯᠤᠯᠲᠠ | ᠬᠢᠬᠦ᠂ ᠨᠢᠭᠡᠳᠦᠯᠲᠡᠶ ᠲᠥᠯᠥᠪᠯᠡᠨ ᠠᠬᠢᠭᠤᠯᠬᠤ︾ ᠵᠠᠷᠴᠢᠮ ᠶᠣᠰᠣᠭᠠᠷ᠂ ᠬᠢᠩᠭᠠᠨ ᠠᠶᠢᠮᠠᠭ ᠤᠨ ᠢᠲᠡᠭᠡᠮᠵᠢ ᠶᠢᠨ | ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠪᠴᠠᠩ ᠳᠤ ᠲᠦᠰᠢᠭᠯᠡᠨ᠂ ᠢᠲᠡᠭᠡᠯ ᠲᠠᠢ ᠪᠠᠶᠢᠬᠤ ᠶᠢ ᠬᠠᠮᠲᠤᠷᠠᠨ | ᠵᠣᠷᠢᠭᠵᠢᠭᠤᠯᠬᠤ ᠪᠠ ᠢᠲᠡᠭᠡᠯ ᠢᠶᠠᠨ ᠠᠯᠳᠠᠬᠤ ᠶᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ | ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠳᠤ ᠬᠤᠯᠪᠣᠭᠠᠯᠠᠨ ᠱᠠᠩᠨᠠᠵᠤ ᠲᠣᠷᠭᠠᠬᠤ ᠶᠢ ᠭᠦᠨᠵᠡᠭᠡᠢ | ᠬᠡᠷᠡᠭᠵᠢᠭᠦᠯᠵᠦ᠂ ᠬᠤᠯᠪᠣᠭᠠᠯᠠᠨ ᠱᠠᠩᠨᠠᠵᠤ ᠲᠣᠷᠭᠠᠭᠰᠠᠨ ᠨᠡᠶᠢᠳᠡᠯᠢᠭ ᠬᠡᠷᠡᠭ ᠤᠨ ᠵᠢᠱᠢᠶ᠎ᠡ ᠶᠢ ᠥᠷᠭᠡᠨ ᠢᠶᠠᠷ | ᠤᠬᠠᠭᠤᠯᠵᠤ᠂ ᠬᠦᠨᠳᠦ ᠨᠣᠴᠢᠲᠠᠢ ᠢᠲᠡᠭᠡᠯ ᠠᠯᠳᠠᠭᠰᠠᠨ ᠨᠡᠷᠡᠰ ᠢ ᠦᠷᠭᠦᠯᠵᠢᠯᠡᠨ ᠢᠯᠡᠴᠢᠯᠡᠵᠦ᠂ ᠦᠨᠡᠨᠴᠢ | ᠢᠲᠡᠭᠡᠮᠵᠢ ᠶᠢᠨ ᠦᠯᠢᠭᠡᠷ ᠳᠠᠭᠤᠷᠢᠶᠠᠯ ᠢ ᠪᠦᠬᠦ ᠲᠠᠯ᠎ᠠ ᠪᠠᠷ ᠪᠤᠢ ᠪᠣᠯᠭᠠᠵᠤ᠂ ᠨᠡᠶᠢᠭᠡᠮ ᠤᠨ ᠢᠲᠡᠭᠡᠮᠵᠢ ᠶᠢᠨ ᠣᠷᠴᠢᠨ | ᠲᠣᠭᠤᠷᠢᠨ ᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠦᠨᠡᠨᠴᠢ ᠰᠢᠳᠤᠷᠭᠤ᠂ ᠪᠡᠶ᠎ᠡ ᠪᠠᠨ ᠱᠠᠭᠠᠷᠳᠠᠬᠤ᠂ | ᠢᠲᠡᠭᠡᠮᠵᠢ ᠲᠠᠢ ᠪᠠᠶᠢᠬᠤ᠂ ᠢᠲᠡᠭᠡᠯᠴᠡᠬᠦ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠵᠤ᠂ | ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠳᠠ ᠶᠢᠨ ᠴᠢᠨᠠᠷ ᠰᠠᠶᠢᠳᠠᠢ ᠬᠥᠭᠵᠢᠯᠲᠡ ᠶᠢ ᠲᠦᠷᠭᠡᠳᠬᠡᠨ | ᠠᠬᠢᠭᠤᠯᠤᠨ᠎ᠠ᠃ | ᠬᠤᠶᠠᠷ᠂ ᠦᠨᠡᠨᠴᠢ ᠢᠲᠡᠭᠡᠮᠵᠢ ᠶᠢᠨ ᠦᠢᠯᠡ ᠠᠵᠢᠯᠯᠠᠭ᠎ᠠ ᠶᠢ ᠰᠠᠶᠢᠰᠢᠶᠠᠬᠤ ᠪᠠ ᠤᠷᠮᠠᠰᠢᠭᠤᠯᠬᠤ | ᠲᠣᠭᠲᠠᠴᠠ ᠶᠢ ᠪᠦᠷᠢᠨᠰᠢᠬᠦᠯᠦᠨ᠎ᠠ | ︵ᠨᠢᠭᠡ︶ ᠣᠯᠠᠨ ᠠᠷᠭ᠎ᠠ ᠵᠠᠮ ᠢᠶᠠᠷ ᠦᠨᠡᠨᠴᠢ ᠢᠲᠡᠭᠡᠮᠵᠢ ᠶᠢᠨ ᠨᠡᠶᠢᠳᠡᠯᠢᠭ ᠵᠢᠱᠢᠶ᠎ᠡ ᠶᠢ ᠰᠣᠩᠭᠤᠨ ᠪᠣᠶ | ᠪᠣᠯᠭᠠᠨ᠎ᠠ᠃ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠬᠠᠮᠢᠶ᠎ᠠ ᠪᠥᠬᠦᠶ ᠦᠨᠡᠯᠡᠨ ᠲᠣᠭᠲᠠᠭᠠᠬᠤ ᠠᠷᠭ᠎ᠠ ᠶᠢ | ᠦᠨᠳᠦᠰᠦᠯᠡᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠵᠢᠯ ᠲᠥᠷᠥᠯ ᠤᠨ ᠪᠠᠷᠢᠮᠵᠢᠶ᠎ᠠ ᠶᠣᠰᠣᠭᠠᠷ | ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠡᠲᠡᠭᠡᠳ ᠢ ᠮᠠᠭᠠᠳᠯᠠᠨ ᠲᠣᠭᠲᠠᠭᠠᠵᠤ᠂ ᠬᠢᠩᠭᠠᠨ ᠠᠶᠢᠮᠠᠭ ᠤᠨ | ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠠᠪᠴᠠᠩ ᠢᠶᠠᠷ ᠳᠠᠮᠵᠢᠭᠤᠯᠤᠨ ᠨᠡᠶᠢᠭᠡᠮ ᠳᠤ ᠨᠡᠶᠢᠳᠡᠯᠡᠨ᠎ᠠ | ᠃ ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠶ | ᠥᠷᠨᠢᠭᠦᠯᠵᠦ᠂ ᠦᠨᠡᠨᠴᠢ ᠢᠲᠡᠭᠡᠮᠵᠢ ᠶᠢᠨ ᠨᠡᠶᠢᠳᠡᠯᠢᠭ ᠵᠢᠱᠢᠶ᠎ᠡ ᠶᠢ ᠥᠷᠭᠡᠨ ᠢᠶᠠᠷ ᠪᠣᠶ ᠪᠣᠯᠭᠠᠵᠤ᠂ ᠢᠲᠡᠭᠡᠮᠵᠢ ᠲᠠᠢ | ᠬᠥᠮᠦᠰ ᠲᠤ ᠵᠣᠷᠢᠭᠵᠢᠭᠤᠯᠤᠯ ᠣᠯᠭᠤᠵᠤ᠂ ᠲᠥᠬᠦᠮ ᠦᠵᠡᠭᠦᠯᠬᠦ ᠪᠠ ᠬᠠᠷᠠᠭᠠᠯᠵᠠᠯ ᠬᠦᠷᠲᠡᠭᠡᠨ᠎ᠡ᠃ ᠠᠵᠢᠯ | ᠲᠥᠷᠥᠯ ᠤᠨ ᠬᠦᠷᠢᠶ᠎ᠡ ᠴᠠᠷᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠴᠡᠭᠡ ᠶᠢ ᠦᠨᠳᠦᠰᠦᠯᠡᠨ᠂ ᠠᠵᠢᠯ | ᠲᠥᠷᠥᠯ ᠤᠨ ᠢᠲᠡᠭᠡᠮᠵᠢ ᠶᠢᠨ ᠲᠥᠷᠥᠯ ᠬᠤᠪᠢᠶᠠᠨ ᠬᠠᠮᠢᠶᠠᠷᠬᠤ ᠶᠢ ᠴᠢᠩᠭᠠᠳᠬᠠᠵᠤ᠂ ᠢᠲᠡᠭᠡᠮᠵᠢ ᠶᠢᠨ ᠲᠠᠰ ᠲᠥᠷᠥᠯ | ᠬᠤᠪᠢᠶᠠᠨ ᠬᠠᠮᠢᠶᠠᠷᠬᠤ ᠲᠦᠷᠢᠮ ᠢ ᠪᠠᠶᠢᠭᠤᠯᠵᠤ᠂ ᠦᠨᠡᠨᠴᠢ ᠢᠲᠡᠭᠡᠮᠵᠢ ᠶᠢᠨ ᠨᠡᠶᠢᠳᠡᠯᠢᠭ ᠵᠢᠱᠢᠶ᠎ᠡ ᠶᠢ ᠲᠠᠨᠢᠯᠴᠠᠭᠤᠯᠬᠤ | ᠠᠵᠢᠯ ᠢ ᠰᠠᠶᠢᠳᠤᠷ ᠬᠢᠨ᠎ᠠ᠃ ᠠᠵᠢᠯ ᠲᠥᠷᠥᠯ ᠤᠨ ᠨᠡᠶᠢᠭᠡᠮᠢᠭ ︵ᠬᠤᠳᠠᠯᠳᠤᠭᠠᠴᠢᠳ ᠤᠨ ᠡᠪᠯᠡᠯ︶ ᠪᠣᠯᠤᠨ ᠪᠤᠰᠤᠳ | ᠨᠡᠶᠢᠭᠡᠮ ᠤᠨ ᠵᠣᠬᠢᠶᠠᠨ ᠪᠠᠶ᠋ᠢᠭᠤᠯᠤᠯᠲᠠ ᠶᠢᠨ ᠦᠨᠡᠨᠴᠢ ᠢᠲᠡᠭᠡᠮᠵᠢ ᠶᠢᠨ ᠭᠡᠰᠢᠭᠦᠨ ᠪᠣᠯᠤᠨ ᠢᠲᠡᠭᠡᠮᠵᠢ ᠶᠢᠨ ᠮᠠᠭᠤ | ᠲᠡᠮᠳᠡᠭᠯᠡᠯ ᠥᠬᠡᠶ ᠦᠢᠯᠡᠴᠢᠯᠡᠬᠦ ᠡᠲᠡᠭᠡᠳ ᠢ ᠦᠨᠡᠨᠴᠢ ᠢᠲᠡᠭᠡᠮᠵᠢ ᠶᠢᠨ ᠨᠡᠶᠢᠳᠡᠯᠢᠭ ᠵᠢᠱᠢᠶ᠎ᠡ ᠪᠣᠯᠭᠠᠬᠤ ᠶᠢ | ᠵᠣᠷᠢᠭᠵᠢᠭᠤᠯᠤᠨ᠎ᠠ᠃ ᠰᠣᠨᠢᠨ ᠮᠡᠳᠡᠭᠡᠨ ᠤ ᠵᠠᠭᠤᠴᠢᠯᠠᠭᠤᠷ ᠤᠨ ᠦᠨᠡᠨᠴᠢ ᠢᠲᠡᠭᠡᠮᠵᠢ ᠶᠢᠨ ᠨᠡᠶᠢᠳᠡᠯᠢᠭ ᠵᠢᠱᠢᠶ᠎ᠡ ᠶᠢ | ᠤᠬᠠᠭᠤᠯᠬᠤ ᠶᠢ ᠵᠣᠷᠢᠭᠵᠢᠭᠤᠯᠵᠤ᠂ ᠰᠠᠯᠠᠭ᠎ᠠ ᠮᠥᠴᠢᠷ ᠪᠠ ᠨᠡᠶᠢᠭᠡᠮ ᠤᠨ ᠵᠣᠬᠢᠶᠠᠨ ᠪᠠᠶᠢᠭᠤᠯᠤᠯᠳᠠ ᠶᠢᠨ | ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠶᠢ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠵᠤ ᠠᠬᠤᠶᠢᠯᠠᠯ ᠢ ᠬᠥᠲᠥᠯᠦᠨ | ᠵᠢᠯᠣᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠢᠲᠡᠭᠡᠮᠵᠢ ᠶᠢᠨ ᠠᠮᠠᠯᠠᠯᠲᠠ ᠪᠤᠶᠤ ᠦᠢᠯᠡᠳᠭᠦᠨ ᠤ | ᠦᠢᠯᠡᠴᠢᠯᠡᠭᠡᠨ ᠤ ᠶᠠᠰᠤ ᠴᠢᠨᠠᠷ ᠵᠡᠷᠭᠡ ᠲᠤᠰᠬᠠᠶ ᠵᠦᠢᠯ ᠤᠨ ᠠᠮᠠᠯᠠᠯᠲᠠ ᠬᠢᠯᠭᠡᠵᠦ᠂ ᠦᠢᠯᠡᠳᠭᠦᠨ ᠤ | ᠦᠢᠯᠡᠴᠢᠯᠡᠭᠡᠨ ᠤ ᠪᠠᠷᠢᠮᠵᠢᠶ᠎ᠠ ᠵᠡᠷᠭᠡ ᠶᠢ ᠢᠯᠡ ᠪᠠᠷ ᠢᠯᠡᠷᠭᠡᠶᠢᠯᠡᠨ᠂ ᠨᠡᠶᠢᠭᠡᠮ ᠤᠨ ᠬᠢᠨᠠᠯᠲᠠ ᠲᠠᠯᠪᠢᠬᠤ ᠶᠢ ᠬᠦᠯᠢᠶᠡᠵᠦ | ᠂ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠵᠢᠱᠢᠶᠡᠴᠢ ᠪᠣᠯᠬᠤ ᠪᠠᠷ ᠴᠢᠷᠮᠠᠶᠢᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠬᠤ ᠬᠡᠷᠡᠭᠲᠡᠶ᠃ | ︵ᠬᠤᠶᠠᠷ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠢᠨ ︽ᠰᠠᠭᠠᠳ ᠥᠬᠡᠶ ᠨᠡᠪᠲᠡᠷᠡᠬᠦ ᠵᠠᠮ︾ ᠢ | ᠰᠦᠪᠡᠭᠴᠢᠯᠡᠨ ᠪᠠᠶᠢᠭᠤᠯᠬᠤ ᠪᠠ ︽ᠳᠤᠲᠠᠭᠤ ᠶᠢ ᠭᠥᠯᠢᠶᠡᠨ ᠠᠪᠴᠤ ᠰᠶᠢᠳᠪᠦᠷᠢᠯᠡᠬᠦ︾ ᠠᠷᠭ᠎ᠠ ᠬᠡᠮᠵᠢᠶ᠎ᠡ ᠶᠢ | ᠬᠡᠷᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠢᠲᠡᠭᠡᠯ ᠲᠠᠢ ᠪᠠᠶᠢᠬᠤ ᠶᠢ | ᠬᠠᠮᠲᠤᠷᠠᠨ ᠵᠣᠷᠢᠭᠵᠢᠭᠤᠯᠬᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ | ᠠᠳᠠᠯᠢ ᠨᠥᠬᠦᠴᠡᠯ ᠤᠨ ᠳᠣᠣᠷ᠎ᠠ᠂ ᠦᠨᠡᠨᠴᠢ ᠢᠲᠡᠭᠡᠮᠵᠢ ᠶᠢᠨ ᠨᠡᠶᠢᠳᠡᠯᠢᠭ ᠵᠢᠱᠢᠶ᠎ᠡ ᠪᠠ ᠭᠤᠷᠪᠠᠨ ᠵᠢᠯ ᠳᠠᠷᠠᠭᠠᠯᠠᠨ | ᠢᠲᠡᠭᠡᠮᠵᠢ ᠶᠢᠨ ᠮᠠᠭᠤ ᠲᠡᠮᠳᠡᠭᠯᠡᠯ ᠦᠭᠡᠶ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠳᠤ᠂ ᠪᠣᠳᠠᠲᠠᠶ ᠪᠠᠶᠢᠳᠠᠯ ᠢᠶᠠᠨ | ᠦᠨᠳᠦᠰᠦᠯᠡᠨ ︽ᠰᠠᠭᠠᠳ ᠥᠬᠡᠶ ᠨᠡᠪᠲᠡᠷᠡᠬᠦ ᠵᠠᠮ︾᠂ ︽ᠳᠤᠲᠠᠭᠳᠠᠯ ᠲᠠᠢ ᠲᠠᠯ᠎ᠠ ᠶᠢ ᠭᠥᠯᠢᠶᠡᠨ ᠠᠪᠴᠤ | ᠰᠶᠢᠳᠪᠦᠷᠢᠯᠡᠬᠦ︾᠂ ︽ᠤᠷᠢᠳᠠᠪᠠᠷ ᠭᠦᠢᠴᠡᠳᠭᠡᠬᠦ︾᠂ ︽ᠲᠠᠰ ᠳᠠᠷᠠᠭᠠᠯᠠᠯ ᠢ ᠳᠥᠭᠦᠮᠴᠢᠯᠡᠬᠦ︾ ᠵᠡᠷᠭᠡ | ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠢᠮ | ᠲᠣᠭᠲᠠᠭᠠᠯ ᠳᠤ ᠲᠣᠭᠲᠠᠭᠠᠭᠰᠠᠨ ᠵᠡᠷᠭᠡ ᠪᠢᠴᠢᠭ ᠮᠠᠲ᠋ᠧᠷᠢᠶᠠᠯ ᠳᠤ ᠬᠠᠩᠭᠠᠬᠤ ᠶᠢ ᠱᠠᠭᠠᠷᠳᠠᠭᠰᠠᠨ ᠴᠢᠬᠤᠯᠠ | ᠨᠥᠬᠦᠴᠡᠯ ᠤᠨ ᠮᠠᠲ᠋ᠧᠷᠢᠶᠠᠯ ᠠᠴᠠ ᠭᠠᠳᠠᠨ᠎ᠠ᠂ ᠴᠢᠬᠤᠯᠠ ᠨᠥᠬᠦᠴᠡᠯ ᠤᠨ ᠪᠤᠰᠤ ᠮᠠᠲ᠋ᠧᠷᠢᠶᠠᠯ ᠨᠢ ᠪᠦᠷᠢᠨ ᠭᠦᠢᠴᠡᠳ | ᠥᠬᠡᠶ ᠪᠠᠶᠢᠪᠠᠯ᠂ ᠬᠡᠷᠪᠡ ᠪᠢᠴᠢᠭ ᠤᠨ ᠠᠮᠠᠯᠠᠯᠲᠠ ᠶᠢᠨ ᠬᠡᠯᠪᠡᠷᠢ ᠪᠠᠷ ᠲᠣᠭᠲᠠᠭᠰᠠᠨ ᠬᠤᠭᠤᠴᠠᠭᠠᠨ ᠳᠣᠲᠣᠷ᠎ᠠ | ᠬᠠᠩᠭᠠᠪᠠᠯ᠂ ᠤᠷᠢᠳᠠᠪᠠᠷ ᠭᠥᠯᠢᠶᠡᠨ ᠠᠪᠴᠤ ᠰᠶᠢᠳᠪᠦᠷᠢᠯᠡᠵᠦ᠂ ᠭᠦᠢᠴᠡᠳᠭᠡᠬᠦ ᠠᠬᠢᠴᠠ ᠶᠢ ᠲᠦᠷᠭᠡᠳᠬᠡᠨ᠂ ︽ | ᠢᠲᠡᠭᠡᠮᠵᠢ + ᠬᠢᠨᠠᠨ ᠵᠥᠪᠰᠢᠶᠡᠷᠡᠬᠦ︾ ᠵᠠᠭᠪᠤᠷ ᠢ ᠪᠠᠶᠢᠭᠤᠯᠬᠤ ᠬᠡᠷᠡᠭᠲᠡᠶ᠃ | ︵ᠭᠤᠷᠪᠠ︶ ᠣᠯᠠᠨ ᠨᠡᠶᠢᠳᠡ ᠶᠢᠨ ᠦᠢᠯᠡᠴᠢᠯᠡᠭᠡᠨ ᠤ ᠲᠥᠬᠦᠮ ᠨᠥᠬᠦᠴᠡᠯ ᠢ ᠤᠷᠢᠳᠠᠪᠠᠷ ᠬᠠᠩᠭᠠᠨ᠎ᠠ᠃ | ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠡᠷᠡᠭ ᠶᠠᠪᠤᠳᠠᠯ ᠤᠨ ᠳᠤᠮᠳᠠ ᠢᠲᠡᠭᠡᠮᠵᠢ ᠶᠢᠨ ᠲᠡᠮᠳᠡᠭᠯᠡᠯ ᠢ ᠪᠠᠶᠢᠴᠠᠭᠠᠨ | ᠯᠠᠪᠯᠠᠬᠤ ᠪᠠ ᠢᠲᠡᠭᠡᠮᠵᠢ ᠶᠢᠨ ᠮᠡᠳᠡᠭᠦᠯᠦᠯᠲᠡ ᠶᠢ ᠬᠡᠷᠡᠭᠯᠡᠬᠦ ᠶᠢ ᠦᠷᠭᠦᠯᠵᠢᠯᠡᠨ ᠠᠬᠢᠭᠤᠯᠵᠤ᠂ ᠢᠯᠠᠩᠭᠤᠶ᠎ᠠ ᠵᠠᠰᠠᠭ ᠤᠨ | ᠣᠷᠳᠣᠨ ᠤ ᠢᠨᠵᠧᠨᠧᠷᠢᠩ ᠤᠨ ᠪᠡᠯᠡ ᠣᠷᠣᠭᠤᠯᠤᠯᠲᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠡᠯ᠎ᠡ | ᠲᠥᠷᠥᠯ ᠤᠨ ᠣᠯᠠᠨ ᠨᠡᠶᠢᠳᠡ ᠶᠢᠨ ᠡᠬᠢ ᠪᠠᠶᠠᠯᠢᠭ ᠤᠨ ᠬᠢᠩᠭᠠᠨ ᠠᠶᠢᠮᠠᠭ ᠤᠨ ᠢᠲᠡᠭᠡᠮᠵᠢ ᠶᠢᠨ ᠮᠡᠳᠡᠭᠡ ᠵᠠᠩᠭᠢ ᠶᠢ | ᠬᠠᠮᠲᠤᠪᠠᠷ ᠭᠥᠷᠳᠡᠬᠦ ᠲᠠᠪᠴᠠᠩ ᠢᠶᠠᠷ ᠳᠡᠮᠵᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ | ᠲᠡᠮᠳᠡᠭᠯᠡᠯ ᠢ ᠪᠠᠶᠢᠴᠠᠭᠠᠨ ᠯᠠᠪᠯᠠᠬᠤ ᠶᠢᠨ ᠬᠠᠮᠲᠤ᠂ ᠲᠡᠳᠡᠨ ᠢᠶᠠᠷ ︽ᠢᠲᠡᠭᠡᠮᠵᠢ ᠶᠢᠨ ᠳᠤᠮᠳᠠᠳᠤ ᠤᠯᠤᠰ︾᠂ ︽ | ᠢᠲᠡᠭᠡᠮᠵᠢ ᠶᠢᠨ ᠳᠤᠮᠳᠠᠳᠤ ᠤᠯᠤᠰ ︵ᠥᠪᠥᠷ ᠮᠣᠩᠭᠤᠯ︶︾ ᠤᠨ ᠰᠦᠯᠵᠢᠶᠡᠨ ᠥᠷᠲᠡᠭᠡ ᠠᠴᠠ ᠭᠠᠷᠭᠠᠭᠰᠠᠨ | ᠢᠲᠡᠭᠡᠮᠵᠢ ᠶᠢᠨ ᠮᠡᠳᠡᠭᠦᠯᠦᠯᠲᠡ ᠪᠤᠶᠤ ᠬᠠᠮᠢᠶ᠎ᠠ ᠪᠥᠬᠦᠶ ᠬᠢᠷᠢ ᠬᠡᠮ ᠲᠠᠢ ᠢᠲᠡᠭᠡᠮᠵᠢ ᠶᠢᠨ ᠦᠢᠯᠡᠴᠢᠯᠡᠭᠡᠨ ᠤ | ᠪᠠᠶᠢᠭᠤᠯᠤᠮᠵᠢ ᠠᠴᠠ ᠭᠠᠷᠭᠠᠭᠰᠠᠨ ᠢᠲᠡᠭᠡᠮᠵᠢ ᠶᠢᠨ ᠮᠡᠳᠡᠭᠦᠯᠦᠯᠲᠡ ᠶᠢ ᠬᠠᠩᠭᠠᠯᠭᠠᠬᠤ ᠪᠠᠷ ᠱᠠᠭᠠᠷᠳᠠᠬᠤ ᠶᠢᠨ ᠬᠠᠮᠲᠤ᠂ | ᠵᠣᠬᠢᠬᠤ ᠪᠠᠶᠢᠴᠠᠭᠠᠨ ᠯᠠᠪᠯᠠᠬᠤ ᠡᠬᠡ ᠲᠠᠩᠰᠠ ᠶᠢ ᠪᠦᠷᠢᠯᠳᠦᠭᠦᠯᠦᠨ᠎ᠡ᠃ | ︵ᠳᠥᠷᠪᠡ︶ ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠵᠠᠰᠠᠭ ᠵᠠᠬᠢᠷᠭᠠᠨ ᠤ | ᠬᠢᠨᠠᠯᠲᠠ ᠬᠠᠮᠢᠶᠠᠷᠤᠯᠲᠠ ᠶᠢᠨ ᠲᠣᠬᠢᠷᠠᠭᠤᠯᠤᠯᠲᠠ ᠶᠢ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ ᠡᠲᠡᠭᠡᠳ ᠤᠨ ᠢᠲᠡᠭᠡᠮᠵᠢ ᠶᠢᠨ ᠲᠡᠮᠳᠡᠭᠯᠡᠯ ᠪᠠ | ᠢᠲᠡᠭᠡᠮᠵᠢ ᠶᠢᠨ ᠦᠨᠡᠯᠡᠯᠲᠡ ᠶᠢᠨ ᠲᠥᠷᠥᠯ ᠠᠩᠭᠢᠯᠠᠯ ᠢ ᠦᠨᠳᠦᠰᠦᠯᠡᠨ᠂ ᠢᠲᠡᠭᠡᠮᠵᠢ ᠪᠠᠷ ᠰᠠᠭᠤᠷᠢ ᠪᠣᠯᠭᠠᠭᠰᠠᠨ | ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠠᠵᠢᠯ ᠲᠥᠷᠥᠯ ᠳᠤ | ᠢᠲᠡᠭᠡᠮᠵᠢ ᠶᠢᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠦᠨ᠂ ᠢᠲᠡᠭᠡᠮᠵᠢ ᠶᠢᠨ | ᠦᠨᠡᠯᠡᠯᠲᠡ ᠶᠢᠨ ᠦᠷ᠎ᠡ ᠳ᠋ᠦᠩ ᠢ ᠲᠣᠭᠲᠠᠮᠠᠯ ᠬᠤᠭᠤᠴᠠᠭ᠎ᠠ ᠲᠠᠢ ᠪᠠᠷ ᠬᠠᠤᠯᠢ ᠲᠣᠭᠲᠠᠭᠠᠯ ᠶᠣᠰᠣᠭᠠᠷ ᠬᠢᠩᠭᠠᠨ | ᠠᠶᠢᠮᠠᠭ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠠᠪᠴᠠᠩ ᠳᠤ ᠢᠯᠡ ᠨᠡᠶᠢᠳᠡᠯᠡᠬᠦ ᠬᠡᠷᠡᠭᠲᠡᠶ᠃ | ᠵᠣᠬᠢᠬᠤ ᠨᠥᠬᠦᠴᠡᠯ ᠳᠤ ᠨᠡᠶᠢᠴᠡᠬᠦ ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠳᠤ ᠬᠠᠤᠯᠢ ᠶᠣᠰᠣᠭᠠᠷ ᠡᠳᠦᠷ | ᠲᠤᠲᠤᠮ ᠤᠨ ᠪᠠᠶᠢᠴᠠᠭᠠᠯᠳᠠ᠂ ᠲᠤᠰᠬᠠᠶ ᠵᠦᠢᠯ ᠤᠨ ᠪᠠᠶᠢᠴᠠᠭᠠᠯᠳᠠ ᠶᠢᠨ ᠳᠤᠮᠳᠠ ᠪᠠᠶᠢᠴᠠᠭᠠᠬᠤ ᠤᠳᠠᠭ᠎ᠠ ᠪᠠᠨ | ᠰᠢᠯᠢᠳᠡᠭᠵᠢᠭᠦᠯᠬᠦ ᠬᠡᠷᠡᠭᠲᠡᠶ᠃ | ︵ᠲᠠᠪᠤ︶ ᠦᠨᠡᠨᠴᠢ ᠢᠲᠡᠭᠡᠮᠵᠢ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠶᠡᠬᠡᠪᠡᠷ ᠲᠠᠨᠢᠯᠴᠠᠭᠤᠯᠬᠤ | ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠳ ᠦᠨᠡᠨᠴᠢ ᠢᠲᠡᠭᠡᠮᠵᠢ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠰᠢᠯᠢᠳᠡᠭ | ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠵᠠᠰᠠᠭ ᠤᠨ ᠣᠷᠳᠣᠨ ᠤ ᠠᠯᠪᠠᠨ ᠰᠦᠯᠵᠢᠶ᠎ᠡ᠂ ᠰᠠᠯᠠᠭ᠎ᠠ | ᠮᠥᠴᠢᠷ ᠤᠨ ᠠᠯᠪᠠᠨ ᠰᠦᠯᠵᠢᠶ᠎ᠡ ᠪᠠ ︽ᠢᠲᠡᠭᠡᠮᠵᠢ ᠶᠢᠨ ᠬᠢᠩᠭᠠᠨ ᠠᠶᠢᠮᠠᠭ︾ ᠤᠨ ᠰᠦᠯᠵᠢᠶᠡᠨ ᠥᠷᠲᠡᠭᠡ ᠳᠤ | ᠢᠯᠡ ᠨᠡᠶᠢᠳᠡᠯᠡᠬᠦ ᠬᠡᠷᠡᠭᠲᠡᠶ᠃ ᠬᠤᠷᠠᠯ ᠦᠵᠡᠰᠬᠦᠯᠡᠩ᠂ ᠪᠠᠩᠬᠢ ᠪᠠ ᠠᠵᠤ ᠠᠬᠤᠶ᠋ᠢᠯᠠᠯ ᠢ ᠵᠣᠯᠭᠠᠭᠤᠯᠬᠤ ᠵᠡᠷᠭᠡ | ᠠᠵᠢᠯᠯᠠᠭ᠎ᠠ ᠳᠤ ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠢ ᠭᠤᠤᠯᠳᠠᠯᠭ᠎ᠠ ᠲᠠᠢ ᠲᠠᠨᠢᠯᠴᠠᠭᠤᠯᠵᠤ᠂ | ᠢᠲᠡᠭᠡᠮᠵᠢ ᠶᠢ ᠵᠠᠬ᠎ᠠ ᠳᠡᠯᠭᠡᠭᠦᠷ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠴᠢᠬᠤᠯᠠ ᠪᠣᠳᠣᠯᠬᠢᠯᠠᠬᠤ ᠬᠦᠴᠦᠨ | ᠵᠦᠢᠯ ᠪᠣᠯᠭᠠᠨ᠎ᠠ᠃ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ | ᠪᠠᠶᠢᠭᠠᠳ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠵᠥᠪ ᠲᠠᠯ᠎ᠠ ᠶᠢᠨ ᠮᠡᠳᠡᠭᠡ ᠵᠠᠩᠭᠢ ᠴᠤᠭᠯᠠᠭᠤᠯᠬᠤ ᠶᠢ | ᠴᠢᠩᠭᠠᠳᠬᠠᠵᠤ᠂ ᠢᠲᠡᠭᠡᠮᠵᠢ ᠶᠢᠨ ᠠᠰᠠᠭᠤᠳᠠᠯ ᠤᠨ ᠲᠤᠰᠬᠠᠯ ᠨᠡᠯᠢᠶᠡᠳ ᠲᠥᠪᠯᠡᠷᠡᠭᠰᠡᠨ ᠠᠵᠢᠯ ᠲᠥᠷᠥᠯ ᠤᠨ | ᠬᠦᠷᠢᠶ᠎ᠡ ᠴᠠᠷᠠᠭ᠎ᠠ ᠳᠤ ᠢᠲᠡᠭᠡᠮᠵᠢ ᠲᠠᠢ ᠬᠥᠮᠦᠰ ᠢ ᠤᠷᠮᠠᠰᠢᠭᠤᠯᠬᠤ ᠠᠷᠭ᠎ᠠ ᠬᠡᠮᠵᠢᠶ᠎ᠡ ᠶᠢ ᠴᠢᠩᠭᠠᠳᠬᠠᠨ᠎ᠠ᠃ ᠠᠵᠢᠯ | ᠲᠥᠷᠥᠯ ᠤᠨ ᠨᠡᠶᠢᠭᠡᠮᠯᠢᠭ ︵ᠬᠤᠳᠠᠯᠳᠤᠭᠠᠴᠢᠳ ᠤᠨ ᠡᠪᠯᠡᠯ︶ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠳᠠ ᠪᠠ | ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠭᠡᠰᠢᠭᠦᠳ ᠢ | ᠬᠥᠬᠢᠭᠦᠯᠦᠨ ᠰᠠᠶᠢᠰᠢᠶᠠᠵᠤ᠂ ᠠᠵᠢᠯ ᠲᠥᠷᠥᠯ ᠤᠨ ︽ᠦᠨᠡᠨᠴᠢ ᠢᠲᠡᠭᠡᠮᠵᠢ ᠶᠢᠨ ᠥᠯᠢᠭᠡᠷ︾ ᠢ ᠰᠠᠶᠢᠳᠤᠷ | ᠶᠠᠷᠢᠬᠤ ᠶᠢ ᠠᠬᠢᠭᠤᠯᠤᠨ᠎ᠠ᠃ | ︵ᠵᠢᠷᠭᠤᠭ᠎ᠠ︶ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠠᠬᠤᠶ ᠪᠠᠶᠢᠳᠠᠯ ᠢ ᠥᠷᠭᠡᠳᠬᠡᠨ᠎ᠡ᠃ | ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠪᠠ ᠬᠠᠮᠲᠤ ᠪᠠᠷ ᠡᠳ᠋ᠯᠡᠬᠦ ᠪᠠᠷ ᠳᠠᠮᠵᠢᠭᠤᠯᠤᠨ᠂ ᠵᠠᠰᠠᠭ ᠤᠨ | ᠣᠷᠳᠣᠨ ᠬᠢᠭᠡᠳ ᠨᠡᠶᠢᠭᠡᠮ ᠬᠠᠷᠢᠯᠴᠠᠨ ᠠᠬᠢᠭᠤᠯᠬᠤ᠂ ᠵᠠᠰᠠᠭ ᠵᠠᠬᠢᠷᠭᠠᠨ ᠬᠢᠭᠡᠳ ᠵᠠᠬ᠎ᠠ ᠳᠡᠯᠭᠡᠭᠦᠷ ᠬᠠᠷᠢᠯᠴᠠᠨ | ᠠᠭᠤᠰᠤᠯᠴᠠᠭᠰᠠᠨ ᠢᠲᠡᠭᠡᠮᠵᠢ ᠶᠢᠨ ᠦᠢᠯᠡᠴᠢᠯᠡᠭᠡᠨ ᠤ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ | ᠬᠡᠷᠡᠭᠯᠡᠭᠡᠨ ᠤ ᠲᠠᠯᠠᠪᠤᠷ ᠢ ᠥᠷᠭᠡᠳᠬᠡᠵᠦ᠂ ︽ᠢᠲᠡᠭᠡᠮᠵᠢ ᠶᠢᠨ ᠬᠢᠯᠪᠠᠷ +︾ ᠶᠢᠨ ᠤᠷᠮᠠᠰᠢᠭᠤᠯᠬᠤ ᠠᠭᠤᠯᠭ᠎ᠠ ᠶᠢ | ᠪᠠᠶᠠᠯᠢᠭᠵᠢᠭᠤᠯᠤᠨ᠂ ᠤᠯᠠᠨ ᠠᠷᠭ᠎ᠠ ᠵᠠᠮ ᠲᠠᠢ᠂ ᠤᠯᠠᠨ ᠡᠰᠢᠴᠢᠯᠡᠭᠰᠡᠨ ︽ᠢᠲᠡᠭᠡᠮᠵᠢ ᠶᠢᠨ ᠬᠢᠯᠪᠠᠷ +︾ ᠶᠢᠨ | ᠵᠦᠢᠯᠡᠰ ᠤᠨ ᠰᠢᠰᠲ᠋ᠧᠮ ᠢ ᠬᠠᠮᠲᠤ ᠪᠠᠷ ᠪᠠᠶᠢᠭᠤᠯᠤᠨ᠎ᠠ︔ ᠢᠲᠡᠭᠡᠮᠵᠢ ᠨᠢ ᠵᠥᠪᠰᠢᠶᠡᠷᠡᠬᠦ ᠳᠤ ᠬᠢᠯᠪᠠᠷ᠂ ᠢᠲᠡᠭᠡᠮᠵᠢ ᠨᠢ | ᠵᠤᠭᠠᠴᠠᠬᠤ ᠳᠤ ᠬᠢᠯᠪᠠᠷ᠂ ᠢᠲᠡᠭᠡᠮᠵᠢ ᠨᠢ ᠲᠦᠷᠢᠶᠡᠰᠦᠯᠡᠬᠦ ᠳᠤ ᠬᠢᠯᠪᠠᠷ᠂ ᠢᠲᠡᠭᠡᠮᠵᠢ ᠨᠢ ᠡᠮᠴᠢᠯᠡᠬᠦ ᠳᠤ ᠬᠢᠯᠪᠠᠷ᠂ | ᠢᠲᠡᠭᠡᠮᠵᠢ ᠨᠢ ᠤᠩᠰᠢᠬᠤ ᠳᠤ ᠬᠢᠯᠪᠠᠷ ᠵᠡᠷᠭᠡ ︽ᠢᠲᠡᠭᠡᠮᠵᠢ ᠨᠢ ᠬᠢᠯᠪᠠᠷ +︾ ᠬᠡᠷᠡᠭᠯᠡᠭᠡᠨ ᠤ ᠲᠠᠯᠠᠪᠤᠷ ᠤᠨ | ᠰᠢᠨ᠎ᠡ ᠶᠢ ᠡᠭᠦᠳᠬᠦ ᠶᠢ ᠰᠦᠪᠡᠭᠴᠢᠯᠡᠵᠦ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠯᠲᠡ ᠶᠢᠨ ᠬᠠᠮᠤᠷᠬᠤ | ᠬᠡᠪᠴᠢᠶ᠎ᠡ ᠶᠢ ᠥᠷᠭᠡᠳᠬᠡᠨ᠎ᠡ᠃ ᠠᠷᠠᠳ ᠤᠨ ᠠᠮᠢᠳᠤᠷᠠᠯ ᠤᠨ ᠬᠦᠷᠢᠶᠡᠨ ᠳᠤ ᠨᠡᠶᠢᠭᠡᠮᠴᠢᠯᠡᠭᠰᠡᠨ᠂ ᠵᠠᠬ᠎ᠠ | ᠳᠡᠯᠭᠡᠭᠦᠷᠴᠢᠯᠡᠭᠰᠡᠨ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠤᠨ ᠵᠣᠷᠢᠭᠵᠢᠭᠤᠯᠬᠤ ᠠᠷᠭ᠎ᠠ ᠬᠡᠮᠵᠢᠶ᠎ᠡ ᠶᠢ ᠬᠦᠴᠦᠯᠡᠨ | ᠥᠷᠭᠡᠳᠬᠡᠵᠦ᠂ ᠢᠲᠡᠭᠡᠮᠵᠢᠲᠡᠶ ᠪᠠᠷ ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠳᠤ ᠳᠥᠭᠦᠮ ᠦᠵᠡᠭᠦᠯᠬᠦ ᠶᠢ | ᠪᠡᠶᠡᠯᠡᠭᠦᠯᠦᠨ᠎ᠡ᠃ | ︵ᠳᠣᠯᠤᠭ᠎ᠠ︶ ᠵᠠᠬ᠎ᠠ ᠳᠡᠯᠭᠡᠭᠦᠷ ᠤᠨ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠶ᠃ | ᠣᠯᠠᠨ ᠨᠡᠶᠢᠳᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠮᠥᠩᠭᠦᠨ ᠭᠦᠢᠯᠭᠡᠭᠡᠨ ᠤ ᠬᠦᠷᠢᠶᠡᠨ ᠳᠠᠬᠢ | ᠬᠡᠷᠡᠭᠯᠡᠯᠲᠡ ᠶᠢ ᠠᠬᠢᠭᠤᠯᠵᠤ᠂ ᠭᠠᠶᠢᠯᠢ ᠶᠢᠨ ᠶᠠᠪᠤᠳᠠᠯ ᠪᠠ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠤᠨ ︽ | ᠪᠠᠩᠬᠢ ᠭᠠᠶᠢᠯᠢ ᠶᠢᠨ ᠬᠠᠷᠢᠯᠴᠠᠨ ᠬᠥᠳᠡᠯᠦᠯᠴᠡᠬᠦ︾ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠤᠨ᠎ᠠ᠃ | ᠤᠯᠤᠰ ᠠᠴᠠ A ᠲᠠᠰ ᠤᠨ ᠢᠲᠡᠭᠡᠮᠵᠢ ᠶᠢᠨ ᠭᠠᠶᠢᠯᠢ ᠲᠤᠰᠢᠶᠠᠭᠴᠢ ᠳᠤ ᠬᠡᠷᠡᠭᠵᠢᠭᠦᠯᠬᠦ ᠪᠠᠯᠠ ᠲᠣᠬᠢᠷᠠᠭᠤᠯᠭ᠎ᠠ ᠶᠢᠨ | ᠳᠥᠭᠦᠮᠴᠢᠯᠡᠯᠲᠡ᠂ ᠰᠠᠭᠠᠳ ᠥᠬᠡᠶ ᠨᠡᠪᠲᠡᠷᠡᠬᠦ ᠵᠠᠮ ᠵᠡᠷᠭᠡ ᠤᠷᠮᠠᠰᠢᠭᠤᠯᠬᠤ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ | ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠠᠷᠠᠯᠵᠢᠶᠠᠨ ᠤ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠤᠨ᠂ | ᠢᠲᠡᠭᠡᠮᠵᠢ ᠶᠢᠨ ᠮᠡᠳᠡᠭᠡ ᠵᠠᠩᠭᠢ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠳᠤ | ᠦᠵᠡᠭᠦᠯᠬᠦ ᠳᠡᠮᠵᠢᠯᠭᠡ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠪᠠᠯᠠ ᠲᠣᠬᠢᠷᠠᠭᠤᠯᠬᠤ ᠳᠤ ᠬᠦᠴᠢᠷᠲᠡᠶ ᠪᠠᠯᠠ ᠲᠣᠬᠢᠷᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ | ᠨᠠᠮᠳᠠᠭᠤᠯᠤᠨ᠎ᠠ᠃ | ᠭᠤᠷᠪᠠ᠂ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠥᠢᠯᠡ ᠠᠵᠢᠯᠯᠠᠭ᠎ᠠ ᠶᠢ ᠬᠢᠵᠠᠭᠠᠷᠯᠠᠬᠤ ᠪᠠ | ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠥᠷᠢᠨᠰᠢᠬᠦᠯᠥᠨ᠎ᠡ | ︵ᠨᠠᠢᠮᠠ︶ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠵᠠᠷᠴᠢᠮ᠃ ᠢᠲᠡᠭᠡᠯ ᠠᠯᠳᠠᠭᠰᠠᠳ ᠢ | ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠨᠠᠷᠢᠨ ᠬᠠᠭᠤᠳᠠᠰᠤ ᠪᠠ ᠬᠠᠤᠯᠢ ᠪᠠᠷ ᠲᠣᠭᠲᠠᠭᠠᠭᠰᠠᠨ ᠲᠠᠰ | ᠳᠠᠷᠠᠭᠠᠯᠠᠯ ᠤᠨ ᠶᠣᠰᠣᠭᠠᠷ ᠬᠦᠨᠳᠦ ᠬᠥᠩᠭᠡᠨ ᠵᠣᠬᠢᠰᠲᠠᠶ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠠᠪᠴᠤ᠂ | ᠢᠲᠡᠭᠡᠯ ᠠᠯᠳᠠᠭᠰᠠᠨ ᠭᠤᠤᠯ ᠴᠣᠭᠴᠠ ᠶᠢᠨ ᠦᠢᠯᠡ ᠠᠵᠢᠯᠯᠠᠭ᠎ᠠ ᠯᠤᠭ᠎ᠠ ᠬᠤᠯᠪᠣᠭᠳᠠᠭᠤᠯᠤᠨ᠂ ᠢᠲᠡᠭᠡᠯ ᠠᠯᠳᠠᠭᠰᠠᠨ | ᠦᠢᠯᠡ ᠠᠵᠢᠯᠯᠠᠭ᠎ᠠ ᠶᠢᠨ ᠰᠢᠨᠵᠢ ᠴᠢᠨᠠᠷ᠂ ᠬᠦᠷᠢᠶ᠎ᠡ ᠴᠠᠷᠠᠭ᠎ᠠ ᠶᠢᠨ ᠦᠢᠯᠡ ᠪᠠᠶᠢᠳᠠᠯ ᠪᠠ ᠨᠡᠶᠢᠭᠡᠮ ᠤᠨ ᠬᠤᠤᠷ | ᠬᠥᠨᠥᠭᠡᠯ ᠤᠨ ᠬᠡᠮᠵᠢᠶ᠎ᠡ ᠯᠦᠭᠡ ᠲᠣᠬᠢᠷᠠᠯᠴᠠᠭᠤᠯᠵᠤ᠂ ᠬᠡᠲᠦ ᠵᠠᠯᠬᠠᠭᠠᠬᠤ ᠶᠢ ᠬᠠᠷᠢᠯᠴᠠᠨ ᠲᠡᠩᠴᠡᠭᠦᠯᠬᠦ ᠶᠢ ᠦᠨᠡᠨᠬᠦ | ᠪᠠᠲᠤᠯᠠᠬᠤ ᠬᠡᠷᠡᠭᠲᠡᠶ᠃ | ︵ᠶᠢᠰᠤ︶ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠥᠢᠯᠡ ᠠᠵᠢᠯᠯᠠᠭ᠎ᠠ ᠶᠢ ᠲᠤᠳᠤᠷᠬᠠᠶᠢᠯᠠᠬᠤ | ᠬᠡᠷᠡᠭᠲᠡᠶ᠃ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠴᠢᠩᠭ᠎ᠠ ᠵᠢᠷᠤᠮᠯᠠᠨ ᠬᠦᠨᠳᠦ ᠨᠣᠴᠢᠲᠠᠶ ᠢᠲᠡᠭᠡᠯ | ᠠᠯᠳᠠᠭᠰᠠᠨ ᠭᠤᠤᠯ ᠴᠣᠭᠴᠠ ᠶᠢᠨ ᠨᠡᠷᠡᠰ ᠤᠨ ᠵᠢᠭᠰᠠᠭᠠᠯᠲᠠ ᠶᠢᠨ ᠬᠦᠷᠢᠶ᠎ᠡ ᠴᠠᠷᠠᠭ᠎ᠠ ᠶᠢ ᠵᠢᠭᠰᠠᠭᠠᠬᠤ ᠬᠡᠷᠡᠭᠲᠡᠶ᠂ | ᠶᠠᠮᠠᠷᠪᠠ ᠰᠠᠯᠠᠭ᠎ᠠ ᠮᠥᠴᠢᠷ ︵ᠨᠢᠭᠡᠴᠢ︶ ᠨᠢ ᠭᠡᠳ ᠳᠤᠷ᠎ᠠ ᠪᠠᠷ ᠢᠶᠠᠨ ᠨᠡᠮᠡᠬᠦ ᠪᠤᠶᠤ ᠥᠷᠭᠡᠳᠬᠡᠵᠦ ᠪᠣᠯᠬᠤ ᠥᠬᠡᠶ᠃ | ᠡᠭᠦᠨ ᠳᠤ ᠭᠤᠣᠯᠳᠠᠯᠭ᠎ᠠ ᠲᠠᠢ᠄ ᠨᠢᠭᠡ ᠳᠤ ᠠᠷᠠᠳ ᠤᠯᠠᠨ ᠤ ᠪᠡᠶ᠎ᠡ ᠶᠢᠨ ᠡᠷᠡᠭᠦᠯ ᠮᠡᠨᠳᠤ ᠪᠠ ᠠᠮᠢ ᠨᠠᠰᠤᠨ ᠤ ᠠᠮᠤᠷ | ᠲᠦᠪᠰᠢᠨ ᠳᠤ ᠬᠦᠨᠳᠦ ᠨᠣᠴᠢᠲᠠᠶ ᠬᠤᠣᠷ ᠬᠥᠨᠥᠭᠡᠯ ᠤᠴᠠᠷᠠᠭᠤᠯᠤᠭᠰᠠᠨ ᠦᠢᠯᠡ ᠠᠵᠢᠯᠯᠠᠭ᠎ᠠ᠂ ᠡᠭᠦᠨ ᠳᠤ | ᠢᠳᠡᠭᠡᠨ ᠤ ᠵᠦᠢᠯ ᠡᠮ ᠤᠨ ᠵᠤᠶᠢᠯᠡᠰ᠂ ᠠᠮᠢ ᠠᠬᠤᠶ ᠶᠢᠨ ᠣᠷᠴᠢᠨ ᠨᠥᠬᠦᠴᠡᠯ᠂ ᠪᠠᠷᠢᠯᠭ᠎ᠠ ᠶᠢᠨ ᠶᠠᠰᠤ ᠴᠢᠨᠠᠷ᠂ | ᠦᠢᠯᠡᠳᠬᠦᠨ ᠤ ᠶᠠᠰᠤ ᠴᠢᠨᠠᠷ᠂ ᠠᠶᠤᠯᠭᠦᠶ ᠦᠢᠯᠡᠳᠪᠦᠷᠢᠯᠡᠯ᠂ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ | ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠵᠡᠷᠭᠡ ᠬᠦᠷᠢᠶᠡᠨ ᠳᠠᠬᠢ ᠬᠦᠨᠳᠦ ᠨᠣᠴᠢᠲᠠᠶ ᠢᠲᠡᠭᠡᠯ ᠠᠯᠳᠠᠭᠰᠠᠨ | ᠦᠢᠯᠡ ᠠᠵᠢᠯᠯᠠᠭ᠎ᠠ ᠪᠠᠭᠲᠠᠨ᠎ᠠ︔ ᠬᠤᠶᠠᠷ ᠲᠤ ᠵᠠᠬ᠎ᠠ ᠳᠡᠯᠭᠡᠭᠦᠷ ᠤᠨ ᠭᠤᠣᠯᠴᠢ ᠥᠷᠢᠰᠥᠯᠳᠦᠭᠡᠨ ᠤ ᠡᠮᠬᠢ ᠵᠢᠷᠤᠮ | ᠪᠠ ᠨᠡᠶᠢᠭᠡᠮ ᠤᠨ ᠬᠡᠪ ᠤᠨ ᠡᠮᠬᠢ ᠵᠢᠷᠤᠮ ᠢ ᠬᠦᠨᠳᠦ ᠨᠣᠴᠢᠲᠠᠶ ᠡᠪᠳᠡᠭᠰᠡᠨ ᠠᠵᠢᠯᠯᠠᠭ᠎ᠠ᠂ ᠡᠭᠦᠨ ᠳᠤ ᠬᠡᠭᠡᠯᠢ | ᠬᠠᠭ᠋ᠤᠤᠯᠢ ᠪᠠᠭᠲᠠᠨ᠎ᠠ᠃ ᠭᠠᠶᠢᠯᠢ ᠠᠴᠠ ᠵᠠᠶᠢᠯᠠᠵᠤ ᠭᠠᠶᠢᠯᠢ ᠶᠢ ᠮᠡᠬᠡᠯᠡᠨ ᠠᠪᠬᠤ ᠮᠠᠭᠤ ᠰᠠᠨᠠᠭ᠎ᠠ ᠪᠠᠷ ᠥᠷᠢ | ᠰᠢᠷᠢ ᠠᠴᠠ ᠵᠠᠶᠢᠯᠠᠵᠤ᠂ ᠮᠠᠭᠤ ᠰᠠᠨᠠᠭ᠎ᠠ ᠪᠠᠷ ᠪᠠᠷᠠᠭᠠᠨ ᠤ ᠵᠣᠭᠤᠰ ᠪᠤᠶᠤ ᠦᠢᠯᠡᠴᠢᠯᠡᠭᠡᠨ ᠤ ᠰᠦᠢᠳᠬᠡᠯ ᠢ | ᠥᠷᠢᠲᠦᠵᠦ᠂ ᠮᠠᠭᠤ ᠰᠠᠨᠠᠭ᠎ᠠ ᠪᠠᠷ ᠴᠠᠯᠢᠩ ᠥᠷᠢᠲᠦᠬᠦ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠮᠠᠭᠤ ᠰᠠᠨᠠᠭ᠎ᠠ | ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠴᠤ᠂ ᠠᠵᠢᠯ ᠣᠯᠭᠤᠯᠲᠠ ᠶᠢᠨ ᠨᠥᠬᠦᠪᠥᠷᠢ ᠶᠢᠨ | ᠪᠡᠯᠡ ᠮᠥᠩᠭᠦ ᠶᠢ ᠮᠡᠬᠡᠯᠡᠨ ᠠᠪᠴᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠵᠤ᠂ ᠭᠡᠷ᠎ᠡ ᠪᠠᠷ ᠮᠡᠬᠡᠯᠡᠨ | ᠬᠢᠬᠠᠬᠤ᠂ ᠳᠠᠮᠵᠢᠭᠤᠯᠤᠨ ᠪᠣᠷᠣᠯᠠᠭᠤᠯᠬᠤ᠂ ᠭᠡᠷᠡᠴᠢ ᠦᠨᠡᠮᠯᠡᠯ ᠦᠭᠡᠢ ᠪᠠᠷ ᠡᠵᠡᠩᠨᠡᠬᠦ᠂ ᠬᠤᠳᠠᠯ ᠬᠠᠭᠤᠷᠮᠠᠭ ᠮᠠᠭᠤ | ᠦᠢᠯᠡᠳᠬᠦᠨ ᠦᠢᠯᠡᠳᠴᠦ ᠪᠣᠷᠣᠯᠠᠭᠤᠯᠬᠤ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠵᠣᠷᠢᠭᠤᠳᠠ | ᠬᠠᠯᠳᠠᠬᠤ᠂ ᠬᠤᠳᠠᠯ ᠬᠠᠭᠤᠷᠮᠠᠭ ᠮᠠᠲ᠋ᠧᠷᠢᠶᠠᠯ ᠢᠶᠠᠷ ᠳᠠᠭᠠᠭᠠᠴᠢᠯᠠᠯᠲᠠ ᠤᠯᠬᠤ᠂ ᠵᠢᠭᠡᠯᠡᠭᠦᠯᠬᠦ ᠪᠠ ᠵᠢᠭᠡᠯᠡᠨ ᠬᠡᠷᠡᠭᠯᠡᠬᠦ | ᠬᠢᠷᠢ ᠬᠡᠮ ᠢᠶᠠᠷ ᠳᠠᠭᠠᠭᠠᠴᠢᠯᠠᠯᠲᠠ ᠬᠦᠯᠢᠶᠡᠬᠦ᠂ ᠳᠠᠭᠠᠭᠠᠴᠢᠯᠠᠯᠲᠠ ᠶᠢ ᠬᠦᠷᠢᠶᠡᠯᠡᠨ ᠳᠠᠭᠠᠭᠠᠴᠢᠯᠠᠯᠲᠠ ᠲᠠᠢ | ᠰᠥᠯᠪᠡᠭᠡᠯᠳᠦᠬᠦ᠂ ᠬᠤᠳᠠᠯ ᠬᠠᠭᠤᠷᠮᠠᠭ ᠵᠠᠷ ᠭᠠᠷᠭᠠᠬᠤ᠂ ᠬᠡᠷᠡᠭᠯᠡᠭᠴᠢᠳ ᠪᠤᠶᠤ ᠦᠨᠡᠲᠦ ᠲᠡᠮᠳᠡᠭᠲᠦ ᠬᠤᠭᠤᠴᠠᠭᠠᠲᠤ | ᠪᠠᠷᠠᠭᠠᠨ ᠤ ᠪᠡᠯᠡ ᠣᠷᠣᠭᠤᠯᠤᠭᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠬᠤ᠂ ᠰᠦᠯᠵᠢᠶᠡᠨ ᠤ | ᠣᠷᠣᠨ ᠵᠠᠶ ᠶᠢᠨ ᠳᠠᠮᠵᠢᠭᠤᠯᠭ᠎ᠠ ᠶᠢᠨ ᠡᠮᠬᠢ ᠵᠢᠷᠤᠮ ᠢ ᠬᠦᠨᠳᠦ ᠨᠣᠴᠢᠲᠠᠶ ᠡᠪᠳᠡᠬᠦ᠂ ᠤᠯᠠᠨ ᠢ ᠴᠤᠭᠯᠠᠭᠤᠯᠵᠤ | ᠨᠡᠶᠢᠭᠡᠮ ᠤᠨ ᠡᠮᠬᠢ ᠵᠢᠷᠤᠮ ᠢ ᠰᠠᠮᠠᠭᠤᠷᠠᠭᠤᠯᠬᠤ ᠵᠡᠷᠭᠡ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠢᠯᠯᠠᠭ᠎ᠠ︔ | ᠭᠤᠷᠪᠠ ᠳᠤ ᠬᠠᠤᠯᠢ ᠪᠠᠷ ᠲᠣᠭᠲᠠᠭᠠᠭᠰᠠᠨ ᠡᠭᠦᠷᠭᠡ ᠪᠠᠨ ᠭᠦᠢᠴᠡᠳᠬᠡᠬᠦ ᠶᠢ ᠲᠡᠪᠴᠢᠵᠦ᠂ ᠬᠠᠤᠯᠢ ᠪᠠᠷᠢᠬᠤ | ᠪᠠᠶᠢᠭᠤᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠤᠯᠠᠨ ᠨᠡᠶᠢᠳᠡ ᠶᠢ ᠢᠲᠡᠭᠡᠭᠦᠯᠬᠦ ᠬᠦᠴᠦᠨ ᠢ ᠬᠦᠨᠳᠦ | ᠨᠣᠴᠢᠲᠠᠶ ᠨᠥᠯᠥᠭᠡᠯᠡᠭᠰᠡᠨ ᠦᠢᠯᠡ ᠠᠵᠢᠯᠯᠠᠭ᠎ᠠ᠂ ᠡᠭᠦᠨ ᠳᠤ ᠲᠤᠬᠠᠶ ᠶᠢᠨ ᠬᠥᠮᠦᠨ ᠨᠢ ᠬᠠᠤᠯᠢ ᠪᠠᠷᠢᠬᠤ ᠪᠠᠶᠢᠭᠤᠯᠭ᠎ᠠ | ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠠᠰᠤᠯᠤᠯᠳᠠ ᠪᠤᠶᠤ ᠲᠣᠭᠲᠠᠭᠠᠯ ᠭᠠᠷᠭᠠᠭᠰᠠᠨ ᠤ ᠲᠠᠷᠠᠭ᠎ᠠ᠂ ᠭᠦᠢᠴᠡᠳᠬᠡᠬᠦ | ᠴᠢᠳᠠᠪᠤᠷᠢ ᠲᠠᠢ ᠪᠣᠯᠪᠠᠴᠤ ᠭᠦᠢᠴᠡᠳᠬᠡᠬᠦ ᠶᠢ ᠲᠡᠪᠴᠢᠬᠦ᠂ ᠭᠦᠢᠴᠡᠳᠬᠡᠬᠦ ᠠᠴᠠ ᠵᠠᠶᠢᠯᠠᠬᠤ ᠵᠡᠷᠭᠡ ᠬᠦᠨᠳᠦ ᠨᠣᠴᠢᠲᠠᠶ | ᠢᠲᠡᠭᠡᠯ ᠠᠯᠳᠠᠭᠰᠠᠨ ᠦᠢᠯᠡ ᠠᠵᠢᠯᠯᠠᠭ᠎ᠠ ᠪᠠᠭᠲᠠᠨ᠎ᠠ︔ ᠲᠦᠷᠪᠡ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠡᠭᠦᠷᠭᠡ ᠪᠠᠨ ᠭᠦᠢᠴᠡᠳᠬᠡᠬᠦ ᠶᠢ ᠲᠡᠪᠴᠢᠬᠦ᠂ ᠴᠡᠷᠢᠭ ᠤᠨ ᠠᠯᠪᠠᠨ ᠠᠴᠠ ᠵᠠᠶᠢᠯᠠᠬᠤ᠂ ᠠᠷᠠᠳ ᠤᠨ ᠬᠡᠷᠡᠭᠯᠡᠭᠡᠨ ᠤ ᠡᠬᠢ | ᠪᠠᠶᠠᠯᠢᠭ ᠢ ᠲᠠᠲᠠᠪᠤᠷᠢᠯᠠᠨ ᠬᠡᠷᠡᠭᠯᠡᠬᠦ ᠶᠢ ᠲᠡᠪᠴᠢᠬᠦ᠂ ᠤᠳᠠᠭᠠᠰᠢᠷᠠᠭᠤᠯᠬᠤ ᠪᠤᠶᠤ ᠲᠠᠲᠠᠪᠤᠷᠢᠯᠠᠨ ᠬᠡᠷᠡᠭᠯᠡᠭᠰᠡᠨ | ᠠᠷᠠᠳ ᠤᠨ ᠬᠡᠷᠡᠭᠯᠡᠭᠡᠨ ᠤ ᠡᠬᠢ ᠪᠠᠶᠠᠯᠢᠭ ᠢ ᠥᠭᠡᠷᠡᠴᠢᠯᠡᠬᠦ ᠶᠢ ᠬᠠᠷᠰᠢᠯᠠᠬᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠠᠰᠢᠭ ᠲᠤᠰᠠ ᠶᠢ ᠬᠤᠬᠢᠷᠠᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ︵ᠠᠷᠠᠳ ᠤᠨ | ᠠᠭᠠᠷ ᠤᠨ ᠰᠡᠷᠭᠡᠶᠢᠯᠡᠯᠳᠡ︶ ᠶᠢᠨ ᠲᠥᠬᠦᠭᠡᠷᠦᠮᠵᠢ ᠶᠢ ᠡᠪᠳᠡᠬᠦ ᠵᠡᠷᠭᠡ ᠠᠵᠢᠯᠯᠠᠭ᠎ᠠ︔ ᠲᠠᠪᠤ ᠳᠤ ᠬᠠᠤᠯᠢ ᠴᠠᠭᠠᠵᠠ᠂ | ᠬᠠᠤᠯᠢ ᠲᠣᠭᠲᠠᠭᠠᠯ ᠪᠣᠯᠤᠨ ᠤᠯᠤᠰ ᠠᠴᠠ ᠲᠣᠭᠲᠠᠭᠠᠭᠰᠠᠨ ᠪᠤᠰᠤᠳ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ | ᠥᠢᠯᠡ ᠠᠵᠢᠯᠯᠠᠭ᠎ᠠ᠃ | ︵ᠠᠷᠪᠠ︶ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠡᠯ᠎ᠡ ᠬᠦᠷᠢᠶᠡᠨ ᠤ ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢ ᠰᠶᠢᠳᠪᠦᠷᠢᠯᠡᠬᠦ ᠪᠠ ᠦᠨᠡᠯᠡᠵᠦ᠂ ︽ᠪᠦᠬᠦ | ᠤᠯᠤᠰ ᠤᠨ ᠢᠲᠡᠭᠡᠯ ᠢᠶᠠᠨ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠰᠠᠭᠤᠷᠢ ᠨᠠᠷᠢᠨ ᠳᠠᠩᠰᠠ | ︾ ᠲᠠᠢ ᠬᠠᠷᠢᠴᠠᠭᠤᠯᠵᠤ᠂ ᠢᠲᠡᠭᠡᠯ ᠢᠶᠠᠨ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠵᠢᠴᠢ ᠬᠤᠯᠪᠣᠭᠠᠯᠠᠨ ᠵᠠᠯᠬᠠᠭᠠᠨ | ᠴᠡᠭᠡᠷᠯᠡᠭᠦᠯᠬᠦ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠬᠡᠷᠡᠭᠵᠢᠭᠦᠯᠦᠨ᠎ᠡ᠃ ᠬᠦᠨᠳᠦ ᠨᠣᠴᠢᠲᠠᠶ ᠢᠲᠡᠭᠡᠯ ᠢᠶᠠᠨ | ᠠᠯᠳᠠᠭᠰᠠᠨ ᠭᠤᠤᠯ ᠴᠣᠭᠴᠠ ᠳᠤ ᠴᠢᠭᠯᠡᠭᠦᠯᠦᠨ᠂ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠣᠷᠣᠯᠠᠬᠤ | ᠨᠣᠮᠧᠷ ᠢᠶᠠᠷ ᠴᠣᠷ ᠤᠨ ᠭᠠᠭᠴᠠ ᠲᠡᠮᠳᠡᠭ ᠪᠣᠯᠭᠠᠵᠤ᠂ ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ | ᠨᠡᠶᠢᠳᠡᠯᠡᠵᠤ᠂ ᠵᠠᠬ᠎ᠠ ᠳᠡᠯᠭᠡᠭᠦᠷ ᠤᠨ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠶᠢ ᠢᠯᠭᠠᠨ ᠲᠠᠨᠢᠬᠤ ᠳᠤ | ᠲᠥᠬᠦᠮ ᠦᠵᠡᠭᠦᠯᠦᠨ᠂ ᠢᠲᠡᠭᠡᠮᠵᠢ ᠶᠢᠨ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠶ᠃ ᠬᠤᠯᠪᠣᠭᠳᠠᠯ ᠪᠥᠬᠦᠶ ᠠᠵᠤ | ᠠᠬᠤᠶᠢᠯᠠᠯ ᠪᠠ ᠬᠤᠪᠢ ᠬᠥᠮᠦᠨ ᠤ ᠬᠠᠤᠯᠢ ᠪᠠᠷ ᠲᠣᠭᠲᠠᠭᠠᠭᠰᠠᠨ ᠡᠭᠦᠷᠭᠡ ᠪᠠᠨ ᠭᠦᠢᠴᠡᠳᠭᠡᠬᠦ ᠶᠢ ᠰᠢᠮᠳᠠᠭᠤᠯᠵᠤ᠂ | ᠭᠦᠢᠴᠡᠳᠭᠡᠬᠦ ᠴᠢᠳᠠᠪᠤᠷᠢ ᠲᠠᠢ ᠪᠣᠯᠪᠠᠴᠤ ᠭᠦᠢᠴᠡᠳᠭᠡᠬᠦ ᠶᠢ ᠲᠡᠪᠴᠢᠭᠰᠡᠨ ᠬᠦᠨᠳᠦ ᠨᠣᠴᠢᠲᠠᠶ ᠢᠲᠡᠭᠡᠯ ᠠᠯᠳᠠᠭᠰᠠᠨ | ᠭᠤᠤᠯ ᠴᠣᠭᠴᠠ ᠳᠤ ᠬᠢᠯᠢ ᠠᠴᠠ ᠭᠠᠷᠬᠤ ᠶᠢ ᠬᠢᠵᠠᠭᠠᠷᠯᠠᠬᠤ ᠪᠠ ᠥᠯᠥ ᠬᠥᠳᠡᠯᠬᠦ ᠬᠥᠷᠥᠩᠭᠡ ᠬᠤᠳᠠᠯᠳᠤᠨ | ᠠᠪᠬᠤ ᠶᠢ ᠬᠢᠵᠠᠭᠠᠷᠯᠠᠬᠤ᠂ ᠨᠢᠰᠬᠡᠯ ᠳᠤ ᠰᠠᠭᠤᠬᠤ᠂ ᠳᠡᠭᠡᠳᠦ ᠲᠠᠰ ᠤᠨ ᠭᠠᠯᠲᠤ ᠲᠡᠷᠭᠡ ᠪᠠ ᠰᠠᠭᠤᠳᠠᠯ ᠳᠤ ᠰᠠᠭᠤᠬᠤ | ᠂ ᠵᠢᠭᠤᠯᠴᠢᠯᠠᠵᠤ ᠠᠮᠠᠷᠠᠬᠤ᠂ ᠣᠳᠣᠨ ᠲᠠᠰ ᠠᠴᠠ ᠳᠡᠭᠡᠭᠰᠢᠬᠢ ᠵᠣᠴᠢᠳ ᠤᠨ ᠪᠠᠭᠤᠳᠠᠯ ᠳᠤ ᠰᠠᠭᠤᠬᠤ ᠵᠢᠴᠢ | ᠪᠤᠰᠤᠳ ᠥᠨᠳᠥᠷ ᠬᠡᠷᠡᠭᠯᠡᠭᠡᠨ ᠤ ᠦᠢᠯᠡᠳ ᠠᠵᠢᠯᠯᠠᠭ᠎ᠠ ᠶᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ | ᠬᠡᠷᠡᠭᠵᠢᠭᠦᠯᠦᠨ᠎ᠡ᠃ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠪᠠᠶᠢᠭᠤᠯᠤᠮᠵᠢ ᠶᠢᠨ ᠬᠦᠨᠳᠦ ᠨᠣᠴᠢᠲᠠᠶ | ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠴᠤᠭᠯᠠᠭᠤᠯᠬᠤ ᠶᠢ ᠳᠡᠮᠵᠢᠵᠦ᠂ ᠢᠲᠡᠭᠡᠮᠵᠢ ᠶᠢᠨ | ᠲᠡᠮᠳᠡᠭᠯᠡᠯ ᠪᠠ ᠢᠲᠡᠭᠡᠮᠵᠢ ᠶᠢᠨ ᠮᠡᠳᠡᠭᠦᠯᠦᠯᠲᠡ ᠳᠤ ᠣᠷᠣᠭᠤᠯᠬᠤ ᠬᠡᠷᠡᠭᠲᠡᠶ᠃ ᠬᠤᠳᠠᠯᠳᠤᠭᠠᠨ ᠤ ᠪᠠᠩᠬᠢ᠂ ᠲᠡᠮᠳᠡᠭᠲᠦ | ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ᠂ ᠳᠠᠭᠠᠳᠬᠠᠯ ᠤᠨ ᠺᠣᠮᠫᠠᠨᠢ ᠵᠡᠷᠭᠡ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶ᠋ᠢᠭᠠᠳ ᠲᠦᠭᠰᠢᠭᠦᠷᠢ ᠶᠢᠨ ᠦᠨ᠎ᠡ ᠲᠣᠭᠲᠠᠭᠠᠬᠤ | ᠵᠠᠷᠴᠢᠮ ᠶᠣᠰᠣᠭᠠᠷ᠂ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠳᠤ ᠵᠢᠭᠡᠯᠡᠯᠭᠡ ᠶᠢᠨ ᠬᠦᠤ | ᠮᠥᠩᠭᠦ ᠶᠢᠨ ᠨᠣᠷᠮ᠎ᠠ ᠪᠠ ᠡᠳ᠋ ᠬᠥᠷᠥᠩᠭᠡ ᠶᠢᠨ ᠳᠠᠭᠠᠳᠬᠠᠯ ᠤᠨ ᠰᠦᠢᠳᠭᠡᠯ ᠤᠨ ᠨᠣᠷᠮ᠎ᠠ ᠶᠢ ᠳᠡᠭᠡᠭᠰᠢᠯᠡᠭᠦᠯᠬᠦ ᠪᠤᠶᠤ | ᠲᠡᠳᠡᠨ ᠳᠤ ᠵᠢᠭᠡᠯᠡᠯᠭᠡ᠂ ᠪᠠᠲᠤᠯᠠᠨ ᠲᠠᠨᠢᠯᠴᠠᠭᠤᠯᠬᠤ᠂ ᠳᠠᠭᠠᠭᠠᠨ ᠪᠣᠷᠣᠯᠠᠭᠤᠯᠬᠤ᠂ ᠳᠠᠭᠠᠳᠬᠠᠯ ᠵᠡᠷᠭᠡ ᠦᠢᠯᠡᠴᠢᠯᠡᠭᠡ | ᠬᠠᠩᠭᠠᠬᠤ ᠶᠢ ᠬᠢᠵᠠᠭᠠᠷᠯᠠᠬᠤ ᠬᠡᠷᠡᠭᠲᠡᠶ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠢᠲᠡᠭᠡᠯ ᠠᠯᠳᠠᠭᠰᠠᠨ | ᠪᠡᠶᠡᠴᠢ ᠴᠣᠭᠴᠠ ᠳᠤ ᠴᠢᠭᠯᠡᠭᠦᠯᠦᠨ᠂ ᠨᠢᠭᠡ ᠳᠤ ᠲᠣᠭᠲᠠᠭᠠᠯ ᠶᠣᠰᠣᠭᠠᠷ ᠲᠡᠳᠬᠦᠨ ᠳᠡᠮᠵᠢᠬᠦ ᠲᠥᠷᠥ ᠶᠢᠨ | ᠪᠣᠳᠣᠯᠭ᠎ᠠ ᠶᠢ ᠬᠢᠵᠠᠭᠠᠷᠯᠠᠵᠤ᠂ ᠡᠳ᠋ ᠤᠨ ᠵᠠᠰᠠᠭ ᠤᠨ ᠪᠠᠯᠠ ᠮᠥᠩᠭᠦ ᠶᠢᠨ ᠨᠥᠬᠦᠪᠥᠷᠢ᠂ ᠪᠠᠯᠠ ᠲᠣᠬᠢᠷᠠᠭᠤᠯᠭ᠎ᠠ ᠶᠢᠨ | ᠦᠢᠯᠡᠴᠢᠯᠡᠭᠡ ᠵᠢᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ | ᠵᠡᠷᠭᠡ ᠶᠢ ᠭᠤᠶᠤᠴᠢᠯᠠᠨ᠎ᠠ︔ | ᠬᠤᠶᠠᠷ ᠲᠤ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠥᠷᠥᠯ | ᠵᠦᠢᠯ ᠤᠨ ᠠᠵᠢᠯᠯᠠᠭᠠᠨ ᠤ ᠶᠠᠪᠤᠴᠠ ᠳᠠᠬᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠢᠲᠡᠭᠡᠯ ᠢᠶᠠᠨ | ᠠᠯᠳᠠᠭᠰᠠᠨ ᠠᠵᠢᠯᠯᠠᠭ᠎ᠠ ᠶᠢ ᠢᠯᠡ ᠨᠡᠶᠢᠳᠡᠯᠡᠬᠦ ᠶᠢᠨ ᠬᠠᠮᠲᠤ᠂ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠠᠵᠢᠯᠲᠠᠨ ᠤ | ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ︔ | ᠭᠤᠷᠪᠠ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶᠡᠨ ᠳᠤ ᠢᠲᠡᠭᠡᠯ ᠠᠯᠳᠠᠭᠰᠠᠨ | ᠲᠡᠮᠳᠡᠭᠯᠡᠯ ᠲᠠᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠢ ᠵᠠᠰᠠᠭ ᠤᠨ ᠣᠷᠳᠣᠨ ᠤ ᠬᠤᠳᠠᠯᠳᠤᠨ ᠠᠪᠬᠤ ᠮᠠᠭᠤ | ᠠᠵᠢᠯᠯᠠᠭ᠎ᠠ ᠶᠢᠨ ︽ᠨᠡᠷ᠎ᠡ ᠶᠢᠨ ᠬᠠᠷ᠎ᠠ ᠲᠠᠩᠰᠠ︾ ᠳᠤ ᠵᠢᠭᠰᠠᠭᠠᠨ ᠣᠷᠣᠭᠤᠯᠵᠤ᠂ ᠵᠠᠰᠠᠭ ᠤᠨ ᠣᠷᠳᠣᠨ ᠤ | ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠶᠢ ᠴᠢᠩᠭ᠎ᠠ ᠬᠢᠵᠠᠭᠠᠷᠯᠠᠬᠤ ᠶᠢᠨ ᠬᠠᠮᠲᠤ ᠬᠠᠮᠢᠶ᠎ᠠ ᠪᠥᠬᠦᠶ ᠰᠠᠯᠠᠭ᠎ᠠ | ᠮᠥᠴᠢᠷ ᠵᠢᠴᠢ ᠠᠵᠢᠯᠲᠠᠨ ᠤ ᠠᠮᠰᠠᠭᠰᠠᠨ ᠡᠳ᠋ ᠬᠥᠷᠥᠩᠭᠡ ᠶᠢᠨ ᠬᠤᠬᠢᠷᠠᠯ ᠳᠤ ᠬᠠᠤᠯᠢ ᠶᠣᠰᠣᠭᠠᠷ ᠨᠥᠬᠦᠪᠥᠷᠢ | ᠥᠭᠭᠦᠨ᠎ᠡ︔ ᠳᠥᠷᠪᠡ ᠳᠤ ᠡᠯ᠎ᠡ ᠲᠥᠷᠥᠯ ᠤᠨ ᠢᠷᠠᠭᠤ ᠠᠯᠳᠠᠷ ᠤᠨ ᠰᠢᠯᠭᠠᠷᠠᠭᠤᠯᠤᠯᠲᠠ ᠳᠤ ᠣᠷᠣᠯᠴᠠᠬᠤ ᠬᠢᠷᠢ | ᠬᠡᠮ ᠢ ᠲᠣᠭᠲᠠᠭᠠᠯ ᠶᠣᠰᠣᠭᠠᠷ ᠬᠦᠴᠦᠨ ᠥᠬᠡᠶ ᠪᠣᠯᠭᠠᠵᠤ᠂ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ᠂ | ᠢᠯᠡ ᠪᠠᠷ ᠵᠠᠷᠯᠠᠨ ᠰᠢᠭᠦᠮᠵᠢᠯᠡᠨ᠎ᠡ︔ ᠲᠠᠪᠤ ᠳᠤ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ | ᠰᠡᠵᠢᠭᠯᠡᠯᠲᠡᠶ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠶᠢᠳᠪᠦᠷᠢᠯᠡᠨ᠎ᠡ᠃ | ᠳᠥᠷᠪᠡ᠂ ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠮᠵᠢ ᠪᠠᠨ ᠠᠯᠳᠠᠬᠤ ᠶᠢ | ᠬᠠᠮᠲᠤᠷᠠᠨ ᠵᠠᠯᠬᠠᠭᠠᠨ ᠴᠡᠭᠡᠷᠯᠡᠭᠦᠯᠬᠦ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠎ᠠ | ︵ᠠᠷᠪᠠᠨ ᠨᠢᠭᠡ︶ ᠬᠥᠨᠳᠡᠵᠦ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ | ᠢᠲᠡᠭᠡᠮᠵᠢ ᠲᠠᠢ ᠪᠠᠶᠢᠬᠤ ᠶᠢ ᠬᠠᠮᠲᠤᠷᠠᠨ ᠵᠣᠷᠢᠭᠵᠢᠭᠤᠯᠬᠤ ᠪᠠ ᠢᠲᠡᠭᠡᠮᠵᠢ ᠪᠠᠨ ᠠᠯᠳᠠᠬᠤ ᠶᠢ ᠬᠠᠮᠲᠤᠷᠠᠨ ᠵᠠᠯᠬᠠᠭᠠᠨ | ᠴᠡᠭᠡᠷᠯᠡᠭᠦᠯᠬᠦ ᠶᠢ ᠰᠠᠨᠠᠭᠠᠴᠢᠯᠠᠬᠤ ᠪᠠ ᠴᠤᠤᠷᠢᠶᠠᠲᠤᠨ ᠳᠠᠭᠠᠬᠤ ᠲᠣᠭᠲᠠᠴᠠ ᠶᠢ ᠪᠠᠶᠢᠭᠤᠯᠵᠤ᠂ ᠡᠯ᠎ᠡ ᠠᠵᠢᠯ | ᠲᠥᠷᠥᠯ ᠤᠨ ᠬᠦᠷᠢᠶ᠎ᠡ ᠴᠠᠷᠠᠭ᠎ᠠ ᠶᠢᠨ ᠬᠤᠯᠪᠣᠭᠠᠯᠠᠨ ᠱᠠᠩᠨᠠᠵᠤ ᠲᠣᠷᠭᠠᠬᠤ ᠶᠢ ᠡᠭᠦᠰᠭᠡᠭᠰᠡᠨ ᠰᠠᠯᠠᠭ᠎ᠠ ᠮᠥᠴᠢᠷ ᠨᠢ | ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠡᠲᠡᠭᠡᠳ ᠢ ᠲᠣᠭᠲᠠᠭᠠᠬᠤ ᠶᠢ ᠬᠠᠷᠢᠭᠤᠴᠠᠵᠤ᠂ ᠬᠤᠯᠪᠣᠭᠳᠠᠯ ᠪᠥᠬᠦᠶ | ᠰᠠᠯᠠᠭ᠎ᠠ ᠮᠥᠴᠢᠷ ᠲᠠᠢ ᠬᠠᠮᠲᠤᠷᠠᠨ ᠲᠣᠰ ᠲᠣᠰ ᠤᠨ ᠡᠷᠬᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ | ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠵᠦᠢᠯᠡᠰ ᠢ ᠲᠣᠭᠲᠠᠭᠠᠵᠤ᠂ ᠬᠡᠷᠡᠭᠵᠢᠭᠦᠯᠬᠦ ᠰᠠᠯᠠᠭ᠎ᠠ ᠮᠥᠴᠢᠷ ᠨᠢ | ᠬᠤᠯᠪᠣᠭᠳᠠᠯ ᠪᠥᠬᠦᠶ ᠭᠤᠤᠯ ᠴᠣᠭᠴᠠ ᠳᠤ ᠵᠣᠬᠢᠬᠤ ᠬᠤᠯᠪᠣᠭᠠᠯᠠᠨ ᠤᠷᠮᠠᠰᠢᠭᠤᠯᠬᠤ ᠪᠠ ᠬᠤᠯᠪᠣᠭᠠᠯᠠᠨ ᠵᠠᠯᠬᠠᠭᠠᠨ | ᠴᠡᠭᠡᠷᠯᠡᠭᠦᠯᠬᠦ ᠠᠷᠭ᠎ᠠ ᠬᠡᠮᠵᠢᠶ᠎ᠡ ᠠᠪᠬᠤ ᠶᠢ ᠬᠠᠷᠢᠭᠤᠴᠠᠬᠤ ᠶᠢᠨ ᠬᠠᠮᠲᠤ᠂ ᠤᠷᠮᠠᠰᠢᠭᠤᠯᠬᠤ ᠪᠠ ᠵᠠᠯᠬᠠᠭᠠᠨ | ᠴᠡᠭᠡᠷᠯᠡᠭᠦᠯᠬᠦ ᠶᠢ ᠰᠶᠢᠳᠪᠦᠷᠢᠯᠡᠭᠰᠡᠨ ᠪᠠᠶᠢᠳᠠᠯ ᠢ ᠴᠠᠭ ᠲᠤᠬᠠᠶ ᠳᠤᠨᠢ ᠬᠠᠷᠢᠭᠤ ᠲᠤᠰᠬᠠᠨ᠎ᠠ᠃ ᠡᠯ᠎ᠡ ᠨᠢᠭᠡᠴᠢ ᠶᠢᠨ | ᠲᠣᠰ ᠠᠵᠢᠯ ᠲᠥᠷᠥᠯ ᠤᠨ ᠳᠣᠲᠣᠷ᠎ᠠ ᠪᠠᠨ ᠲᠣᠭᠲᠠᠭᠠᠭᠰᠠᠨ ᠦᠨᠡᠨᠴᠢ ᠢᠲᠡᠭᠡᠮᠵᠢ ᠶᠢᠨ ᠨᠡᠶᠢᠳᠡᠯᠢᠭ ᠵᠢᠱᠢᠶ᠎ᠡ ᠪᠠ | ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠳᠤ ᠠᠵᠢᠯ ᠲᠥᠷᠥᠯ ᠢᠶᠠᠷ ᠢᠶᠠᠨ ᠬᠠᠮᠵᠢᠯᠴᠠᠬᠤ ᠪᠠ | ᠣᠷᠣᠨ ᠪᠦᠰᠡ ᠠᠯᠤᠰᠯᠠᠨ ᠬᠤᠯᠪᠣᠭᠠᠯᠠᠨ ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠶᠢ ᠰᠠᠨᠠᠭᠠᠴᠢᠯᠠᠬᠤ ᠶᠢ | ᠵᠣᠷᠢᠭᠵᠢᠭᠤᠯᠤᠨ᠎ᠠ᠃ | ︵ᠠᠷᠪᠠᠨ ᠬᠤᠶᠠᠷ︶ ᠬᠤᠯᠪᠣᠭᠠᠯᠠᠨ ᠱᠠᠩᠨᠠᠵᠤ ᠲᠣᠷᠭᠠᠬᠤ ᠭᠠᠷᠴᠠᠭ ᠤᠨ ᠨᠠᠷᠢᠨ ᠬᠠᠭᠤᠳᠠᠰᠤ ᠶᠢ ᠡᠮᠬᠢᠯᠡᠨ | ᠲᠣᠭᠲᠠᠭᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠪᠦᠬᠦ ᠤᠯᠤᠰ ᠤᠨ ᠢᠲᠡᠭᠡᠯ | ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠰᠠᠭᠤᠷᠢ ᠨᠠᠷᠢᠨ ᠳᠠᠩᠰᠠ︾ ᠵᠢᠴᠢ ᠬᠤᠯᠪᠣᠭᠳᠠᠯ | ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠵᠦ᠂ ᠲᠣᠰ ᠬᠦᠷᠢᠶ᠎ᠡ ᠴᠠᠷᠠᠭ᠎ᠠ ᠶᠢᠨ | ᠬᠠᠮᠢᠶᠠᠷᠤᠯᠲᠠ ᠶᠢᠨ ᠡᠭᠦᠷᠭᠡ ᠴᠢᠳᠠᠪᠤᠷᠢ᠂ ᠡᠷᠬᠡ ᠶᠢᠨ ᠨᠠᠷᠢᠨ ᠬᠠᠭᠤᠳᠠᠰᠤ ᠲᠠᠢ ᠤᠶᠠᠯᠳᠤᠭᠤᠯᠤᠨ᠂ ᠢᠲᠡᠭᠡᠯ | ᠠᠯᠳᠠᠭᠰᠠᠨ ᠦᠢᠯᠡ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠵᠠᠭᠠᠭᠯᠠᠨ ᠲᠣᠭᠲᠠᠭᠠᠵᠤ᠂ | ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠠᠤᠯᠢ ᠲᠣᠭᠲᠠᠭᠠᠯ ᠶᠣᠰᠣᠭᠠᠷ | ᠲᠣᠭᠲᠠᠭᠠᠵᠤ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠬᠡᠷᠡᠭᠯᠡᠬᠦ ᠵᠦᠢᠯᠡᠰ ᠢ | ᠲᠤᠳᠤᠷᠬᠠᠶᠢᠯᠠᠨ᠂ ᠬᠡᠷᠡᠭᠯᠡᠬᠦ ᠴᠤᠪᠤᠷᠠᠯ ᠪᠠ ᠲᠥᠰᠦᠯ ᠢ ᠰᠤᠳᠤᠯᠤᠨ ᠲᠣᠭᠲᠠᠭᠠᠬᠤ ᠶᠢᠨ ᠬᠠᠮᠲᠤ᠂ ᠣᠯᠠᠨ ᠵᠦᠢᠯ | ᠤᠨ ᠠᠷᠭ᠎ᠠ ᠮᠠᠶ᠋ᠢᠭ ᠢ ᠠᠪᠴᠤ ᠪᠠᠶᠢᠭᠠᠳ ᠨᠡᠶᠢᠭᠡᠮ ᠳᠤ ᠢᠯᠡ ᠪᠠᠷ ᠨᠡᠶᠢᠳᠡᠯᠡᠨ᠎ᠠ᠃ | ︵ᠠᠷᠪᠠᠨ ᠭᠤᠷᠪᠠ︶ ᠢᠲᠡᠭᠡᠮᠵᠢ ᠶᠢ ᠰᠡᠷᠭᠦᠭᠡᠬᠦ ᠲᠣᠭᠲᠠᠴᠠ ᠶᠢ ᠪᠦᠷᠢᠨᠰᠢᠭᠦᠯᠦᠨ᠎ᠡ᠃ ᠢᠲᠡᠭᠡᠮᠵᠢ ᠶᠢ | ᠰᠡᠷᠭᠦᠭᠡᠬᠦ ᠬᠦᠷᠢᠶ᠎ᠡ ᠬᠡᠪᠴᠢᠶ᠎ᠡ᠂ ᠠᠷᠭ᠎ᠠ ᠵᠠᠮ᠂ ᠴᠤᠪᠤᠷᠠᠯ ᠵᠡᠷᠭᠡ ᠶᠢ ᠵᠢᠷᠤᠮᠵᠢᠭᠤᠯᠵᠤ᠂ ᠢᠲᠡᠭᠡᠯ ᠢᠶᠠᠨ ᠠᠯᠳᠠᠭᠰᠠᠨ | ᠠᠵᠢᠯᠯᠠᠭ᠎ᠠ ᠶᠢᠨ ᠭᠤᠤᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠡᠯ᠎ᠡ ᠲᠥᠷᠥᠯ ᠤᠨ | ᠢᠲᠡᠭᠡᠯ ᠠᠯᠳᠠᠭᠰᠠᠨ ᠠᠵᠢᠯᠯᠠᠭ᠎ᠠ ᠶᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠬᠤᠭᠤᠴᠠᠭ᠎ᠠ ᠶᠢ ᠲᠣᠳᠣᠷᠬᠠᠶᠢᠯᠠᠨ᠎ᠠ᠃ | ᠢᠲᠡᠭᠡᠯ ᠠᠯᠳᠠᠭᠰᠠᠨ ᠠᠵᠢᠯᠯᠠᠭ᠎ᠠ ᠶᠢᠨ ᠭᠤᠤᠯ ᠴᠣᠭᠴᠠ ᠶᠢᠨ ᠢᠲᠡᠭᠡᠮᠵᠢ ᠪᠠᠨ ᠰᠡᠷᠭᠦᠭᠡᠬᠦ ᠪᠠᠷ ᠳᠤᠷᠠᠳᠬᠤ ᠶᠢ | ᠳᠡᠮᠵᠢᠵᠦ᠂ ᠢᠲᠡᠭᠡᠯ ᠠᠯᠳᠠᠭᠰᠠᠨ ᠠᠵᠢᠯᠯᠠᠭ᠎ᠠ ᠶᠢ ᠰᠠᠨᠠᠭᠠᠴᠢᠯᠠᠭ᠎ᠠ ᠠᠴᠠ ᠪᠠᠨ ᠵᠠᠯᠠᠷᠠᠭᠤᠯᠬᠤ ᠶᠢᠨ ᠬᠠᠮᠲᠤ ᠢᠯᠡ | ᠨᠡᠶᠢᠳᠡᠯᠡᠵᠤ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠬᠦᠴᠦᠨ ᠥᠬᠡᠶ ᠪᠣᠯᠭᠠᠨ᠎ᠠ᠃ ︽ᠬᠤᠶᠠᠷ | ᠪᠢᠴᠢᠭ ᠢ ᠬᠠᠮᠲᠤ ᠳᠤᠨᠢ ᠬᠦᠷᠭᠡᠬᠦ︾ ᠶᠢ ᠬᠡᠷᠡᠭᠵᠢᠭᠦᠯᠦᠨ᠎ᠡ᠂ ᠲᠤᠬᠠᠶᠢᠯᠠᠪᠠᠯ ᠬᠡᠷᠡᠭ ᠤᠨ ᠲᠤᠬᠠᠶ ᠶᠢᠨ ᠬᠥᠮᠦᠨ ᠳᠤ ︽ | ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠣᠭᠲᠠᠭᠠᠯ ᠤᠨ ᠪᠢᠴᠢᠭ︾ ᠢ ᠬᠦᠷᠭᠡᠬᠦ ᠶᠢᠨ ᠬᠠᠮᠲᠤ᠂ ︽ | ᠢᠲᠡᠭᠡᠮᠵᠢ ᠶᠢ ᠰᠡᠷᠭᠦᠭᠡᠬᠦ ᠮᠡᠳᠡᠭᠳᠡᠯ ᠤᠨ ᠪᠢᠴᠢᠭ︾ ᠢ ᠵᠡᠷᠭᠡ ᠪᠠᠷ ᠬᠦᠷᠭᠡᠵᠦ᠂ ᠰᠠᠨᠠᠭᠠᠴᠢᠯᠠᠭ᠎ᠠ ᠠᠴᠠ ᠪᠠᠨ | ᠲᠤᠬᠠᠶ ᠶᠢᠨ ᠬᠥᠮᠦᠨ ᠢ ᠬᠠᠪᠰᠤᠷᠤᠨ ᠢᠲᠡᠭᠡᠮᠵᠢ ᠶᠢ ᠰᠡᠷᠭᠦᠭᠡᠬᠦ ᠠᠵᠢᠯ ᠢ ᠥᠷᠨᠢᠭᠦᠯᠵᠦ᠂ ᠠᠵᠤ ᠠᠬᠤᠶᠢᠯᠠᠯ ᠤᠨ | ᠢᠲᠡᠭᠡᠮᠵᠢ ᠶᠢ ᠳᠠᠬᠢᠨ ᠪᠠᠶᠢᠭᠤᠯᠬᠤ ᠳᠤ ᠬᠦᠴᠦᠨ ᠨᠡᠮᠡᠷᠢᠯᠡᠨ᠎ᠡ᠃ | ︵ᠠᠷᠪᠠᠨ ᠳᠥᠷᠪᠡ︶ ᠢᠲᠡᠭᠡᠮᠵᠢ ᠶᠢᠨ ᠭᠤᠤᠯ ᠴᠣᠭᠴᠠ ᠶᠢᠨ ᠡᠷᠬᠡ ᠠᠰᠢᠭ ᠤᠨ ᠬᠠᠮᠠᠭᠠᠯᠠᠯᠲᠠ ᠶᠢ | ᠴᠢᠩᠭᠠᠳᠬᠠᠨ᠎ᠠ᠃ ᠢᠲᠡᠭᠡᠮᠵᠢ ᠶᠢᠨ ᠮᠡᠳᠡᠭᠡ ᠵᠠᠩᠭᠢ ᠶᠢᠨ ᠣᠨᠳᠣᠣ ᠰᠠᠨᠠᠯ᠂ ᠵᠠᠭᠠᠯᠳᠤᠬᠤ ᠲᠣᠭᠲᠠᠴᠠ ᠶᠢ ᠪᠠᠶᠢᠭᠤᠯᠤᠨ | ᠪᠦᠷᠢᠨᠰᠢᠬᠦᠯᠦᠨ᠎ᠠ᠃ ᠢᠲᠡᠭᠡᠯ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠲᠤᠬᠠᠶ | ᠣᠨᠳᠣᠤ ᠰᠠᠨᠠᠯ ᠤᠨ ᠵᠠᠭᠠᠯᠳᠤᠯᠭ᠎ᠠ ᠶᠢ ᠭᠥᠯᠢᠶᠡᠨ ᠠᠪᠤᠭᠰᠠᠨ ᠡᠳᠦᠷ ᠠᠴᠠ ᠡᠬᠢᠯᠡᠨ 20 ᠡᠳᠦᠷ ᠤᠨ ᠳᠣᠲᠣᠷ᠎ᠠ | ᠬᠢᠨᠠᠨ ᠬᠠᠷᠭᠤᠭᠤᠯᠬᠤ᠂ ᠰᠶᠢᠳᠪᠦᠷᠢᠯᠡᠬᠦ᠂ ᠬᠠᠷᠢᠭᠤ ᠲᠤᠰᠬᠠᠬᠤ ᠶᠢ ᠪᠡᠶᠡᠯᠡᠭᠦᠯᠬᠦ ᠬᠡᠷᠡᠭᠲᠡᠶ᠃ ᠬᠠᠮᠲᠤᠷᠠᠨ ᠵᠠᠯᠬᠠᠭᠠᠨ | ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠬᠤᠭᠤᠴᠠᠭᠠᠨ ᠳᠤ ᠲᠦᠷ ᠬᠡᠷᠡᠭᠵᠢᠭᠦᠯᠬᠦ | ᠥᠬᠡᠶ᠂ ᠬᠢᠨᠠᠨ ᠬᠠᠷᠭᠤᠭᠤᠯᠤᠭᠠᠳ ᠪᠤᠷᠤᠭᠤ ᠲᠠᠢ ᠮᠡᠳᠡᠭᠡ ᠵᠠᠩᠭᠢ ᠶᠢ ᠴᠠᠭ ᠲᠤᠬᠠᠶ ᠳᠤᠨᠢ ᠵᠠᠯᠠᠷᠠᠭᠤᠯᠬᠤ ᠪᠤᠶᠤ | ᠬᠦᠴᠦᠨ ᠥᠬᠡᠶ ᠪᠣᠯᠭᠠᠬᠤ ᠬᠡᠷᠡᠭᠲᠡᠶ᠃ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠪᠤᠷᠤᠭᠤ ᠪᠠᠷ | ᠬᠡᠷᠡᠭᠯᠡᠭᠰᠡᠨ ᠠᠴᠠ ᠪᠣᠯᠵᠣ ᠬᠤᠯᠪᠣᠭᠳᠠᠯ ᠪᠥᠬᠦᠶ ᠭᠤᠤᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ | ᠬᠤᠬᠢᠷᠠᠭᠤᠯᠤᠭᠰᠠᠨ ᠪᠠᠶᠢᠪᠠᠯ᠂ ᠢᠳᠡᠪᠬᠢᠲᠡᠶ ᠪᠠᠷ ᠠᠷᠭ᠎ᠠ ᠬᠡᠮᠵᠢᠶ᠎ᠡ ᠠᠪᠴᠤ ᠪᠠᠶᠢᠭᠠᠳ ᠢᠲᠡᠭᠡᠯ ᠬᠦᠨᠳᠦ ᠶᠢ ᠨᠢ | ᠰᠡᠷᠭᠦᠭᠡᠵᠦ᠂ ᠮᠠᠭᠤ ᠨᠥᠯᠥᠭᠡ ᠶᠢ ᠨᠢ ᠠᠷᠢᠯᠭᠠᠬᠤ ᠬᠡᠷᠡᠭᠲᠡᠶ᠃ | ︵ᠠᠷᠪᠠᠨ ᠲᠠᠪᠤ︶ ᠢᠲᠡᠭᠡᠮᠵᠢ ᠶᠢᠨ ᠪᠠᠷᠢᠮᠵᠢᠶ᠎ᠠ ᠶᠢᠨ ᠵᠢᠷᠤᠮᠵᠢᠯ ᠢ ᠪᠦᠷᠢᠨᠰᠢᠭᠦᠯᠦᠨ᠎ᠡ᠃ ︽ᠤᠯᠠᠭᠠᠨ ᠬᠠᠷ᠎ᠠ | ᠲᠠᠩᠰᠠ︾ ᠶᠢᠨ ᠲᠦᠷᠢᠮ ᠤᠨ ᠪᠠᠶ᠋ᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠬᠠᠮᠢᠶ᠎ᠠ ᠪᠥᠬᠦᠶ | ᠬᠦᠷᠢᠶ᠎ᠡ ᠴᠠᠷᠠᠭ᠎ᠠ ᠶᠢᠨ ︽ᠤᠯᠠᠭᠠᠨ ᠬᠠᠷ᠎ᠠ ᠲᠠᠩᠰᠠ︾ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠪᠠ | ᠬᠠᠮᠢᠶᠠᠷᠤᠯᠲᠠ ᠶᠢᠨ ᠠᠷᠭ᠎ᠠ ᠶᠢ ᠴᠢᠩᠭ᠎ᠠ ᠬᠡᠷᠡᠭᠵᠢᠭᠦᠯᠵᠦ᠂ ᠮᠠᠨ ᠤ ᠠᠶᠢᠮᠠᠭ ᠤᠨ ᠠᠵᠢᠯ ᠲᠥᠷᠥᠯ ᠤᠨ ᠣᠨᠴᠠᠯᠢᠭ ᠲᠤ | ᠨᠡᠶᠢᠴᠡᠭᠰᠡᠨ ︽ᠤᠯᠠᠭᠠᠨ ᠬᠠᠷ᠎ᠠ ᠲᠠᠩᠰᠠ︾ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ | ︽ᠤᠯᠠᠭᠠᠨ ᠬᠠᠷ᠎ᠠ ᠲᠠᠩᠰᠠ︾ ᠶᠢᠨ ᠮᠡᠳᠡᠭᠡ ᠵᠠᠩᠭᠢ ᠶᠢ ᠬᠠᠤᠯᠢ ᠶᠣᠰᠣᠭᠠᠷ ᠮᠠᠭᠠᠳᠯᠠᠨ ᠲᠣᠭᠲᠠᠭᠠᠬᠤ᠂ ᠨᠡᠶᠢᠳᠡᠯᠡᠬᠦ᠂ | ᠴᠤᠭᠯᠠᠭᠤᠯᠬᠤ᠂ ᠬᠠᠮᠲᠤᠪᠠᠷ ᠭᠥᠷᠳᠡᠬᠦ᠂ ᠰᠢᠨᠡᠳᠬᠡᠬᠦ ᠪᠠ ᠬᠡᠷᠡᠭᠯᠡᠵᠦ᠂ ᠠᠵᠢᠯ ᠲᠥᠷᠥᠯ ᠤᠨ ᠳᠣᠲᠣᠭᠠᠳᠤ ᠶᠢᠨ | ᠱᠠᠩᠨᠠᠵᠤ ᠲᠣᠷᠭᠠᠬᠤ ᠵᠢᠴᠢ ᠰᠠᠯᠠᠭ᠎ᠠ ᠮᠥᠴᠢᠷ ᠠᠯᠤᠰᠯᠠᠨ ᠬᠤᠯᠪᠣᠭᠠᠯᠠᠨ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ | ᠲᠣᠭᠲᠠᠭᠠᠨ᠎ᠠ᠃ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠠᠭᠤᠯᠵᠠᠷ ᠢ ᠲᠣᠰ ᠰᠠᠯᠠᠭ᠎ᠠ | ᠮᠥᠴᠢᠷ ᠤᠨ ᠢᠶᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ | ᠣᠯᠠᠨ ᠨᠡᠶᠢᠳᠡ ᠶᠢᠨ ᠦᠢᠯᠡᠴᠢᠯᠡᠭᠡ ᠵᠡᠷᠭᠡ ᠮᠡᠳᠡᠭᠡ ᠵᠠᠩᠭᠢ ᠶᠢᠨ ᠰᠢᠰᠲ᠋ᠧᠮ ᠪᠠ ᠪᠣᠳᠠᠲᠠᠶ ᠠᠵᠢᠯ ᠤᠨ ᠴᠤᠪᠤᠷᠠᠯ ᠳᠤ | ᠰᠢᠭᠢᠳᠬᠡᠨ ᠣᠷᠣᠭᠤᠯᠬᠤ ᠶᠢ ᠵᠣᠷᠢᠭᠵᠢᠭᠤᠯᠵᠤ᠂ ︽ᠤᠯᠠᠭᠠᠨ ᠬᠠᠷ᠎ᠠ ᠲᠠᠩᠰᠠ︾ ᠶᠢᠨ ᠮᠡᠳᠡᠭᠡ ᠵᠠᠩᠭᠢ ᠶᠢ | ᠪᠠᠶᠢᠴᠠᠭᠠᠨ ᠯᠠᠪᠯᠠᠵᠤ ᠬᠡᠷᠡᠭᠯᠡᠨ᠂ ᠨᠢᠭᠡ ᠭᠠᠵᠠᠷ ᠲᠤ ᠢᠲᠡᠭᠡᠯ ᠠᠯᠳᠠᠵᠤ᠂ ᠭᠠᠵᠠᠷ ᠪᠣᠯᠭᠠᠨ ᠳᠤ ᠬᠢᠵᠠᠭᠠᠷᠯᠠᠭᠳᠠᠬᠤ ᠶᠢ | ᠦᠨᠡᠨᠬᠦ ᠪᠡᠶᠡᠯᠡᠭᠦᠯᠦᠨ᠎ᠡ᠃ ᠢᠲᠡᠭᠡᠯ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠯ ᠢᠶᠠᠨ ᠠᠯᠳᠠᠬᠤ ᠶᠢ | ᠬᠠᠮᠲᠤᠷᠠᠨ ᠵᠠᠯᠬᠠᠭᠠᠨ ᠴᠡᠭᠡᠷᠯᠡᠭᠦᠯᠦᠭᠰᠡᠨ ᠨᠡᠶᠢᠳᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠶ ᠳᠤᠨᠢ ᠴᠤᠭᠯᠠᠭᠤᠯᠵᠤ᠂ | ᠬᠠᠮᠲᠤᠷᠠᠨ ᠱᠠᠩᠨᠠᠵᠤ ᠲᠣᠷᠭᠠᠭᠰᠠᠨ ᠪᠠᠶᠢᠳᠠᠯ ᠢ ᠪᠦᠷᠢᠳᠬᠡᠨ᠎ᠡ᠃ | ︵ᠠᠷᠪᠠᠨ ᠵᠢᠷᠭᠤᠭ᠎ᠠ︶ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠨ᠎ᠠ᠃ ᠢᠲᠡᠭᠡᠮᠵᠢ ᠲᠠᠢ | ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠮᠵᠢ ᠪᠠᠨ ᠠᠯᠳᠠᠬᠤ ᠶᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ | ᠬᠡᠷᠡᠭᠵᠢᠭᠦᠯᠬᠦ ᠶᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠳᠥᠯᠭᠢᠨ ᠠᠬᠢᠭᠤᠯᠬᠤ ᠶᠢᠨ | ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠵᠣᠬᠢᠶᠠᠨ ᠪᠠᠶ᠋ᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠂ | ᠡᠯ᠎ᠡ ᠵᠦᠢᠯ ᠤᠨ ᠬᠠᠮᠲᠤᠷᠠᠨ ᠤᠷᠮᠠᠰᠢᠭᠤᠯᠬᠤ ᠪᠠ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ | ᠪᠤᠳᠠᠳᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ |