ᠲᠡᠮᠡᠭᠡᠴᠢ ᠪᠠᠯᠭᠠᠰᠤ ᠤᠯᠤᠰ ᠤᠨ ᠦᠨᠳᠦᠰᠦᠨ ᠬᠠᠤᠯᠢ ᠶᠢᠨ ᠡᠳᠦᠷ ᠤᠨ ᠭᠤᠤᠯ ᠰᠡᠳᠦᠪᠲᠦ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/5
      ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠵᠠᠯᠠᠭᠤᠴᠤᠳ ᠪᠠᠭᠠᠴᠤᠳ ᠤᠨ ᠬᠠᠤᠯᠢ ᠶᠢᠨ ᠤᠬᠠᠮᠰᠠᠷ ᠢ ᠲᠡᠭᠡᠭᠰᠢᠯᠡᠭᠦᠯᠬᠦ ᠶᠢᠨ ᠲᠥᠯᠥᠭᠡ᠂ ︽12 · 4︾ ᠤᠯᠤᠰ ᠤᠨ ᠦᠨᠳᠦᠰᠦᠨ ᠬᠠᠤᠯᠢ ᠶᠢᠨ ᠡᠳᠦᠷ ᠲᠤ᠂ ᠵᠠᠯᠠᠶᠢᠳ ᠬᠤᠰᠢᠭᠤᠨ ᠤ ᠲᠡᠮᠡᠭᠡᠴᠢ ᠪᠠᠯᠭᠠᠰᠤᠨ ᠤ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠯᠪᠠᠨ ᠭᠡᠷ ᠪᠤᠯᠤᠨ ᠬᠠᠤᠯᠢ ᠴᠠᠭᠠᠵᠠ ᠶᠢᠨ ᠭᠠᠵᠠᠷ᠂ ᠡᠮᠡᠭᠲᠡᠶᠢᠴᠦᠳ ᠤᠨ ᠬᠤᠯᠪᠣᠭ᠎ᠠ ᠲᠠᠢ ᠬᠠᠮᠳᠤᠷᠠᠨ ᠰᠠᠶᠢᠨ ᠲᠤᠷᠠᠴᠤᠳ ᠢ ᠵᠣᠬᠢᠶᠠᠨ ᠪᠠᠶᠢᠭᠤᠯᠵᠤ ᠲᠡᠮᠡᠭᠡᠴᠢ ᠭᠤᠤᠯ ᠰᠤᠷᠭᠠᠭᠤᠯᠢ  ᠪᠠᠷ ᠭᠦᠨᠵᠡᠭᠡᠶᠢᠷᠡᠨ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠲᠤᠰ ᠠᠵᠢᠯᠯᠠᠭ᠎ᠠ ᠳᠤ᠂ ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ ᠵᠢᠶᠠᠩ ᠲᠢᠶᠠᠨ ᠴᠢᠶᠣᠤ ᠦᠨᠳᠦᠰᠦᠨ ᠬᠠᠤᠯᠢ ᠠᠴᠠ ᠭᠠᠷᠳᠠᠨ᠂ ᠰᠤᠷᠤᠭᠴᠢᠳ ᠲᠤ ᠦᠨᠳᠦᠰᠦᠨ ᠬᠠᠤᠯᠢ᠂ ᠦᠨᠳᠦᠰᠦᠨ ᠬᠠᠤᠯᠢ ᠶᠢᠨ ᠪᠠᠶᠢᠷᠢ ᠰᠠᠭᠤᠷᠢ᠂ ᠦᠨᠳᠦᠰᠦᠨ ᠬᠠᠤᠯᠢ ᠶᠢᠨ ᠦᠢᠯᠡᠳᠦᠯ᠂ ᠦᠨᠳᠦᠰᠦᠨ ᠬᠠᠤᠯᠢ ᠶᠢᠨ ᠭᠤᠤᠯ ᠠᠭᠤᠯᠭ᠎ᠠ ᠵᠡᠷᠭᠡ ᠶᠢ ᠲᠠᠨᠢᠯᠴᠠᠭᠤᠯᠬᠤ  ᠶᠢᠨ ᠬᠠᠮᠳᠤ ᠰᠤᠷᠭᠠᠭᠤᠯᠢ ᠶᠢᠨ ᠬᠦᠷᠢᠶᠡᠨ ᠳᠠᠬᠢ ᠳᠣᠷᠣᠮᠵᠢᠯᠠᠯ ᠢ ᠰᠡᠷᠭᠡᠶᠢᠯᠡᠬᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠵᠡᠷᠭᠡ ᠶᠢ ᠭᠤᠤᠯᠳᠠᠯᠭ᠎ᠠ ᠲᠠᠢ ᠲᠠᠶᠢᠯᠪᠤᠷᠢᠯᠠᠨ ᠦᠭᠭᠦᠭᠰᠡᠨ ᠪᠠᠶᠢᠨ᠎ᠠ᠃ ᠡᠨᠡᠬᠦ ᠠᠵᠢᠯᠯᠠᠭ᠎ᠠ ᠨᠢ ᠰᠤᠷᠤᠭᠴᠢᠳ ᠢ ᠠᠮᠢᠳᠤᠷᠠᠯ ᠤᠨ ᠳᠤᠮᠳᠠ ᠦᠨᠳᠦᠰᠦᠨ ᠬᠠᠤᠯᠢ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ  ᠤᠶᠢᠯᠠᠭᠠᠭᠤᠯᠵᠤ᠂ ᠵᠠᠯᠠᠭᠤᠴᠤᠳ ᠪᠠᠭᠠᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠥᠪᠡᠷ ᠢ ᠪᠠᠨ ᠬᠠᠮᠠᠭᠠᠯᠠᠬᠤ ᠪᠠ ᠰᠡᠷᠭᠡᠶᠢᠯᠡᠬᠦ ᠤᠬᠠᠮᠰᠠᠷ ᠢ ᠨᠢ ᠳᠡᠭᠡᠭᠰᠢᠯᠡᠭᠦᠯᠪᠡ᠃
 
ᠢᠷᠡᠯᠲᠡ᠄ ᠲᠡᠮᠡᠭᠡᠴᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号