ᠲᠥᠪ ᠤᠨ ᠡᠳ᠋ ᠤᠨ ᠵᠠᠰᠠᠭ ᠠᠴᠠ ᠮᠠᠨ ᠤ ᠤᠷᠤᠨ ᠳᠤ 100 ᠳ᠋ᠦᠩᠰᠢᠭᠤᠷ ᠰᠢᠬᠠᠮ ᠲᠦᠬᠦᠷᠢᠭ ᠤᠨ ᠪᠡᠯᠡ ᠮᠦᠡᠭᠬᠦ ᠪᠠᠭᠤᠯᠭᠠᠵᠤ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢ ᠳᠡᠮᠵᠢᠪᠡ
ᠨᠡᠶᠢᠲᠡᠯᠡᠭᠰᠡᠨ ᠴᠠᠭ᠄
2024/12/5
       ᠡᠨᠡ ᠵᠢᠯ ᠮᠠᠨ ᠤ ᠤᠷᠤᠨ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠥᠲᠥᠭᠡᠨ ᠪᠠᠶᠢᠭᠤᠯᠬᠤ ᠡᠭᠦᠷᠭᠡ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠲᠥᠪ ᠤᠨ ᠡᠳ᠋ ᠤᠨ ᠵᠠᠰᠠᠭ ᠤᠨ ᠲᠠᠷᠢᠶᠠᠯᠠᠩ ᠦᠢᠯᠡᠳᠪᠦᠷᠢᠯᠡᠯ ᠤᠨ ᠬᠠᠮᠢᠶ᠎ᠠ ᠪᠥᠬᠦᠶ ᠰᠢᠯᠵᠢᠭᠦᠯᠦᠨ ᠲᠤᠭᠠᠴᠠᠭ᠎ᠠ ᠬᠢᠬᠦ᠂ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ᠂ ᠣᠷᠳᠣ ᠬᠤᠭᠤᠴᠠᠭᠠᠨ ᠤ ᠤᠯᠤᠰ ᠤᠨ ᠵᠢᠭᠡᠯᠡᠯᠭᠡ ᠵᠡᠷᠭᠡ ᠡᠯ᠎ᠡ ᠠᠷᠭ᠎ᠠ ᠵᠠᠮ ᠤᠨ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠲᠡᠶ ᠭᠤᠶᠤᠴᠢᠯᠠᠵᠤ ᠂ ᠤᠳᠤᠬᠠᠨ ᠪᠤᠯᠲᠠᠯ᠎ᠠ ᠨᠢᠭᠡᠨᠲᠡ 2025 ᠤᠨ ᠤ ᠮᠠᠯ ᠠᠵᠤ ᠠᠬᠤᠢ ᠲᠠᠷᠢᠶᠠᠯᠠᠩ ᠤᠨ ᠬᠦᠷᠢᠶᠡᠨ ᠳᠠᠬᠢ ᠲᠦᠪ ᠤᠨ ᠡᠳ᠋ ᠤᠨ ᠵᠠᠰᠠᠭ ᠤᠨ ᠰᠢᠯᠵᠢᠭᠦᠯᠦᠨ ᠲᠤᠭᠠᠴᠠᠭ᠎ᠠ ᠬᠢᠬᠦ ᠪᠡᠯᠡ ᠮᠦᠡᠭᠬᠦ ᠶᠢ ᠨᠡᠶᠢᠲᠡ 99.76 ᠳ᠋ᠦᠩᠰᠢᠭᠤᠷ ᠲᠥᠭᠦᠷᠢᠭ ᠤᠯᠪᠠ᠃      ᠤᠶᠢᠯᠠᠭᠠᠭᠰᠠᠨ ᠢᠶᠠᠷ᠂ ᠲᠤᠰ ᠤᠳᠠᠭ᠎ᠠ ᠶᠢᠨ ᠲᠦᠪ ᠤᠨ ᠡᠳ᠋ ᠤᠨ ᠵᠠᠰᠠᠭ ᠠᠴᠠ ᠪᠠᠭᠤᠯᠭᠠᠭᠰᠠᠨ ᠪᠡᠯᠡ ᠮᠦᠡᠭᠬᠦ ᠶᠢᠨ ᠲᠤᠳᠤᠷ᠎ᠠ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠬᠢᠭᠡᠳ ᠠᠰᠢᠭᠯᠠᠯᠲᠠ ᠶᠢᠨ ᠪᠠᠯᠠ ᠮᠥᠩᠭᠦ 59.78 ᠳ᠋ᠦᠩᠰᠢᠭᠤᠷ ᠲᠥᠭᠦᠷᠢᠭ᠂ ᠲᠠᠷᠢᠶᠠᠯᠠᠩ ᠦᠢᠯᠡᠳᠪᠦᠷᠢᠯᠡᠯ ᠤᠨ ᠠᠵᠤ ᠦᠢᠯᠡᠰ ᠤᠨ ᠬᠥᠭᠵᠢᠯᠲᠡ ᠶᠢᠨ ᠪᠠᠯᠠ ᠮᠥᠩᠭᠦ 21.78 ᠳ᠋ᠦᠩᠰᠢᠭᠤᠷ ᠲᠥᠭᠦᠷᠢᠭ᠂ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠᠯᠠ ᠮᠥᠩᠭᠦ 11.12 ᠳ᠋ᠦᠩᠰᠢᠭᠤᠷ ᠲᠥᠭᠦᠷᠢᠭ᠂ ᠲᠠᠷᠢᠶᠠᠯᠠᠩ ᠦᠢᠯᠡᠳᠪᠦᠷᠢᠯᠡᠯ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠤᠰᠤᠨ ᠠᠰᠢᠭᠯᠠᠯᠲᠠ ᠶᠢᠨ ᠭᠠᠮᠰᠢᠭ ᠠᠴᠠ ᠠᠪᠤᠷᠬᠠᠤ ᠪᠠᠯᠠ ᠮᠥᠩᠭᠦ ︵ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠪᠥᠷᠢ︶ 3.2 ᠳ᠋ᠦᠩᠰᠢᠭᠤᠷ ᠲᠥᠭᠦᠷᠢᠭ᠂ ᠲᠠᠷᠢᠶᠠᠯᠠᠩ ᠦᠢᠯᠡᠳᠪᠦᠷᠢᠯᠡᠯ ᠤᠨ ᠠᠮᠢ ᠠᠬᠤᠶ ᠶᠢᠨ ᠡᠬᠢ ᠪᠠᠶᠠᠯᠢᠭ ᠤᠨ ᠬᠠᠮᠠᠭᠠᠯᠠᠯᠲᠠ  ᠶᠢᠨ ᠮᠥᠩᠭᠦ 2.69 ᠳ᠋ᠦᠩᠰᠢᠭᠤᠷ ᠲᠥᠭᠦᠷᠢᠭ᠂ ᠠᠮᠤ ᠲᠣᠰᠣᠨ ᠤ ᠦᠢᠯᠡᠳᠪᠦᠷᠢᠯᠡᠯ ᠤᠨ ᠪᠠᠲᠤᠯᠠᠭ᠎ᠠ ᠶᠢᠨ ᠪᠠᠯᠠ ᠮᠥᠩᠭᠦ 1.19 ᠳ᠋ᠦᠩᠰᠢᠭᠤᠷ ᠲᠥᠭᠦᠷᠢᠭ ᠪᠠᠭᠲᠠᠪᠠ᠃ ᠡᠳᠡᠭᠡᠷ ᠪᠡᠯᠡ ᠮᠦᠡᠭᠬᠦ ᠶᠢ ᠭᠤᠤᠯᠳᠠᠭᠤ ᠲᠠᠷᠢᠶᠠᠨ ᠭᠠᠵᠠᠷ ᠤᠨ ᠬᠦᠴᠦ ᠰᠢᠮ᠎ᠡ ᠶᠢ ᠬᠠᠮᠠᠭᠠᠯᠠᠬᠤ ᠨᠥᠬᠦᠪᠥᠷᠢ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠨᠥᠬᠦᠪᠥᠷᠢ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ᠂ ᠲᠠᠷᠢᠮᠠᠯ ᠤᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ᠂ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠬᠤᠷᠢᠶᠠᠨ ᠠᠪᠬᠤ ᠵᠡᠷᠭᠡ ᠲᠠᠯ᠎ᠠ ᠳᠤ ᠬᠡᠷᠡᠭᠯᠡᠬᠦ ᠪᠤᠯᠤᠨ᠎ᠠ᠃      ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠮᠢᠶ᠎ᠠ ᠪᠥᠬᠦᠶ ᠪᠠᠯᠠ ᠮᠥᠩᠭᠦ ᠶᠢᠨ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠵᠢᠷᠤᠮᠯᠠᠨ ᠲᠥᠰᠦᠪ ᠤᠨ ᠬᠡᠷᠡᠭᠵᠢᠭᠦᠯᠦᠯᠲᠡ ᠶᠢ ᠲᠦᠷᠭᠡᠳᠭᠡᠵᠦ᠂ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠨᠥᠬᠦᠪᠥᠷᠢ ᠣᠯᠭᠤᠬᠤ ᠣᠨᠣᠪᠴᠢᠲᠤ ᠴᠢᠨᠠᠷ ᠪᠠ ᠴᠠᠭᠴᠢ ᠴᠢᠨᠠᠷ ᠢ ᠳᠡᠭᠡᠭᠰᠢᠯᠡᠭᠦᠯᠵᠦ᠂ ᠪᠠᠯᠠ ᠮᠥᠩᠭᠦ ᠶᠢ ᠬᠥᠭᠵᠢᠯᠲᠡ ᠶᠢᠨ ᠴᠢᠬᠤᠯᠠ ᠭᠠᠵᠠᠷ ᠪᠠ ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡᠨ ᠤ ᠲᠠᠯ᠎ᠠ ᠳᠤ ᠬᠡᠷᠡᠭᠯᠡᠬᠦ ᠶᠢ ᠦᠨᠡᠨ ᠬᠦ ᠪᠠᠲᠤᠯᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠵᠤ᠂ ᠮᠠᠯ ᠠᠵᠤ ᠠᠬᠤᠶ ᠲᠠᠷᠢᠶᠠᠯᠠᠩ ᠪᠠ ᠮᠠᠯᠵᠢᠬᠤ ᠲᠠᠷᠢᠶᠠᠯᠠᠬᠤ ᠤᠷᠤᠨ ᠤ ᠣᠳᠣᠬᠢᠴᠢᠯᠠᠯᠲᠠ ᠶᠢ ᠲᠦᠷᠭᠡᠳᠭᠡᠨ ᠠᠬᠢᠭᠤᠯᠬᠤ ᠪᠤᠯᠤᠨ᠎ᠠ᠃ 
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号