ᠬᠤᠯᠪᠣᠭ᠎ᠠ ᠪᠠᠯᠭᠠᠰᠤᠨ ᠤ ᠡᠮᠡᠭᠲᠡᠶᠢᠴᠦᠳ ᠤᠨ ᠬᠤᠯᠪᠤᠭ᠎ᠠ ᠦᠨᠳᠦᠰᠦᠨ ᠬᠠᠤᠯᠢ ᠶᠢᠨ ᠮᠡᠳᠡᠯᠭᠡ ᠶᠢ ᠣᠯᠠᠨ ᠲᠦᠮᠡᠨ ᠤ ᠡᠭᠦᠳᠡᠨ ᠳᠤ ᠬᠦᠷᠭᠡᠪᠡ
ᠨᠡᠶᠢᠲᠡᠯᠡᠭᠰᠡᠨ ᠴᠠᠭ᠄
2024/12/6
      12 ᠰᠠᠷ᠎ᠠ ᠶᠢᠨ 4 ᠤ ᠡᠳᠦᠷ᠂ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤᠨ ᠤ ᠡᠮᠡᠭᠲᠡᠶᠢᠴᠦᠳ ᠤᠨ  ᠬᠤᠯᠪᠤᠭ᠎ᠠ ᠶᠢᠨ ᠬᠢᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠡᠯ᠎ᠡ ᠲᠥᠷᠥᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠲᠠᠢ ᠨᠢᠭᠲᠠ ᠤᠶᠠᠯᠳᠤᠭᠤᠯᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃       ᠲᠤᠰ ᠠᠵᠢᠯᠯᠠᠭ᠎ᠠ ᠳᠤ᠂ ᠬᠤᠯᠪᠣᠭ᠎ᠠ ᠪᠠᠯᠭᠠᠰᠤᠨ ᠤ ᠡᠮᠡᠭᠲᠡᠶᠢᠴᠦᠳ ᠤᠨ ᠬᠤᠯᠪᠤᠭ᠎ᠠ ︽ᠰᠠᠶᠢᠨ ᠡᠭᠡᠴᠢᠮᠡᠳ︾ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ ᠠᠩᠭᠢ ᠶᠢ ᠵᠤᠬᠢᠶᠠᠨ ᠪᠠᠶᠢᠭᠤᠯᠤᠨ ᠨᠡᠶᠢᠭᠡᠮ ᠲᠣᠭᠤᠷᠢᠭ ᠲᠣᠰᠬᠤᠨ ᠢᠶᠠᠷ ᠭᠦᠨᠵᠡᠭᠡᠶᠢᠷᠡᠵᠦ᠂ ᠦᠨᠳᠦᠰᠦᠨ ᠬᠠᠤᠯᠢ ᠶᠢᠨ ᠮᠡᠳᠡᠯᠭᠡ ᠶᠢ ᠣᠯᠠᠨ ᠲᠦᠮᠡᠨ ᠤ ᠡᠭᠦᠳᠡᠨ ᠳᠤ ᠬᠦᠷᠭᠡᠪᠡ᠃ ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ᠦᠨᠳᠦᠰᠦᠨ ᠬᠠᠤᠯᠢ ᠵᠢᠴᠢ ᠤᠯᠤᠰ ᠤᠨ ᠲᠤᠭ ᠤᠨ ᠬᠠᠤᠯᠢ᠂ ᠤᠯᠤᠰ ᠤᠨ ᠰᠦᠯᠳᠡ ᠶᠢᠨ ᠬᠠᠤᠯᠢ ᠵᠡᠷᠭᠡ ᠦᠨᠳᠦᠰᠦᠨ ᠬᠠᠤᠯᠢ ᠶᠢᠨ ᠬᠠᠮᠢᠶ᠎ᠠ ᠪᠥᠬᠦᠶ ᠬᠠᠤᠯᠢ ᠵᠢᠴᠢ ᠣᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠡᠶ᠃     ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠨᠠᠩ ᠣᠯᠠᠨ ᠣᠯᠠᠨ ᠲᠦᠮᠡᠨ ᠳᠤ ᠦᠨᠳᠦᠰᠦᠨ ᠬᠠᠤᠯᠢ ᠶᠢ ᠣᠶᠢᠯᠠᠭᠠᠭᠤᠯᠵᠤ᠂ ᠦᠨᠳᠦᠰᠦᠨ ᠬᠠᠤᠯᠢ ᠶᠢ ᠰᠤᠷᠤᠯᠴᠠᠭᠤᠯᠵᠤ᠂ ᠦᠨᠳᠦᠰᠦᠨ ᠬᠠᠤᠯᠢ ᠶᠢ ᠵᠢᠷᠤᠮᠯᠠᠭᠤᠯᠵᠤ᠂ ᠪᠠᠯᠭᠠᠰᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠠᠶᠢᠲᠤᠷ ᠪᠠᠲᠤᠯᠠᠬᠤ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠭᠰᠠᠨ ᠪᠠᠶᠢᠨ᠎ᠠ᠃
 
ᠢᠷᠡᠯᠲᠡ᠄ ᠬᠤᠯᠪᠣᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号