ᠬᠡᠦᠬᠡᠳ ᠤᠨ ᠵᠠᠩ ᠠᠭᠠᠰᠢ ᠶᠢ ᠲᠠᠮᠢᠷ ᠤᠨ ᠬᠥᠳᠡᠯᠭᠡᠭᠡᠨ ᠨᠥᠯᠥᠭᠡᠯᠡᠳᠡᠭ
ᠨᠡᠶᠢᠲᠡᠯᠡᠭᠰᠡᠨ ᠴᠠᠭ᠄
2024/2/23
     ᠲᠠᠮᠢᠷ ᠤᠨ ᠬᠥᠳᠡᠯᠭᠡᠭᠡᠨ ᠵᠠᠩ ᠠᠭᠠᠰᠢ ᠶᠢ ᠵᠣᠬᠢᠬᠤ ᠲᠠᠯ᠎ᠠ ᠪᠠᠷ ᠨᠥᠯᠥᠭᠡᠯᠡᠳᠡᠭ ᠪᠠᠶᠢᠨ᠎ᠠ᠃ ᠲᠠᠮᠢᠷ ᠤᠨ ᠬᠥᠳᠡᠯᠭᠡᠭᠡᠨ ᠤ ᠲᠤᠬᠠᠢ ᠰᠤᠳᠤᠯᠭᠠᠨ ᠳᠤ ᠭᠡᠷᠡᠴᠢᠯᠡᠭᠰᠡᠨ ᠢᠶᠠᠷ᠂ ᠡᠯ᠎ᠡ ᠲᠥᠷᠤᠯ ᠤᠨ ᠲᠠᠮᠢᠷ ᠤᠨ ᠬᠥᠳᠡᠯᠭᠡᠭᠡᠨ ᠳᠤ ᠢᠳᠡᠪᠬᠢᠲᠡᠢ ᠣᠷᠤᠯᠴᠠᠬᠤ ᠨᠢ ᠥᠪᠡᠷ ᠢ ᠪᠠᠨ ᠡᠵᠡᠮᠳᠡᠬᠦ ᠴᠢᠳᠠᠪᠤᠷᠢ᠂ ᠢᠲᠡᠭᠡᠯ ᠵᠣᠷᠢᠭ ᠢ ᠡᠷᠴᠢᠯᠡᠬᠦ ᠳᠤ ᠨᠥᠯᠥᠭᠡ ᠦᠵᠡᠭᠦᠯᠦᠨ ᠪᠠᠭ᠎ᠠ ᠨᠠᠰᠤᠨ ᠤ ᠬᠡᠦᠬᠡᠳ ᠤᠨ ᠡᠷᠡᠭᠦᠯ ᠰᠠᠷᠠᠭᠤᠯ ᠵᠠᠩ ᠴᠢᠨᠠᠷ ᠲᠠᠢ ᠪᠣᠯᠣᠨ ᠬᠥᠮᠥᠵᠢᠬᠦ ᠳᠤ ᠮᠠᠰᠢ ᠲᠤᠰᠠᠲᠠᠢ ᠪᠣᠯᠬᠤᠷ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠢ ᠬᠡᠦᠬᠡᠳ ᠪᠠᠭᠠᠴᠤᠳ ᠲᠤ ᠢᠯᠡᠭᠦᠬᠡᠨ ᠬᠢᠯᠬᠡᠵᠤ ᠲᠠᠰᠬᠠᠯᠵᠢᠭᠤᠯᠪᠠᠯ ᠵᠣᠬᠢᠨ᠎ᠠ᠃ ᠬᠥᠯ ᠪᠥᠮᠪᠦᠭᠡ᠂ ᠠᠯᠠᠭᠠᠳᠠᠬᠤ ᠪᠥᠮᠪᠦᠭᠡ᠂ ᠬᠦᠴᠦᠨ ᠵᠠᠯᠭᠠᠵᠤ ᠭᠦᠶᠦᠬᠦ᠂ ᠳᠡᠭᠡᠰᠦ ᠲᠠᠲᠠᠬᠤ ᠵᠡᠷᠭᠡ ᠬᠠᠮᠲᠤ ᠨᠡᠶᠢᠲᠡᠴᠢ ᠴᠢᠨᠠᠷ ᠲᠠᠢ ᠬᠥᠳᠡᠯᠭᠡᠭᠡᠨ ᠳᠤ ᠣᠷᠣᠯᠴᠠᠪᠠᠯ ᠭᠠᠭᠴᠠᠭᠠᠷᠳᠠᠮᠠᠯ᠂ ᠵᠥᠷᠢᠭᠦᠳ ᠵᠠᠩ ᠠᠭᠠᠰᠢ ᠶᠢ ᠰᠠᠶᠢᠵᠢᠷᠠᠭᠤᠯᠵᠤ ᠨᠠᠶᠢᠵᠠ ᠨᠥᠬᠦᠳ ᠲᠠᠢ ᠪᠠᠨ ᠬᠠᠷᠢᠴᠠᠭ᠎ᠠ ᠪᠠᠨ ᠪᠠᠲᠤᠳᠬᠠᠵᠤ᠂ ᠪᠦᠯᠬᠦᠮᠳᠡᠵᠦ ᠴᠢᠳᠠᠨ᠎ᠠ ᠃ ᠤᠰᠤᠨ ᠳᠤ ᠤᠮᠪᠠᠭ᠋ᠤ᠂ ᠮᠥᠰᠥᠨ ᠳᠤ ᠲᠠᠰᠢᠬᠤ᠂ ᠨᠢᠳᠤᠷᠭᠠᠨ ᠲᠡᠮᠡᠴᠡᠭᠡᠨ᠂ ᠪᠥᠬᠡ ᠪᠠᠷᠢᠯᠳᠤᠬᠤ᠂ ᠲᠠᠩ ᠬᠤᠣᠰ ᠰᠠᠪᠠᠯᠠᠭᠤᠷ ᠵᠢᠴᠢ ᠬᠤᠯᠠ ᠬᠠᠷᠠᠶᠢᠯᠲᠠ ᠶᠢᠨ ᠲᠠᠮᠢᠷ ᠤᠨ ᠬᠥᠳᠡᠯᠭᠡᠭᠡᠨ ᠨᠢ ᠬᠠᠷᠰᠢ ᠰᠠᠭᠠᠳ ᠢ ᠲᠤᠭᠤᠯᠬᠤ ᠡᠷᠡᠮᠡᠬᠡᠢ ᠵᠣᠷᠢᠭ ᠲᠠᠢ ᠪᠤᠯᠭᠠᠵᠤ ᠢᠴᠢᠮᠡᠲᠡᠭᠡᠢ ᠪᠦᠷᠦᠭ ᠵᠠᠩ ᠢᠶᠠᠨ ᠬᠠᠯᠠᠬᠤ ᠳᠤ ᠰᠠᠶᠢᠨ ᠨᠥᠯᠥᠭᠡ ᠲᠠᠢ᠂ ᠫᠢᠡᠭᠫᠤᠡᠭ ᠪᠥᠮᠪᠦᠭᠡ ᠂ ᠲᠣᠣᠷ ᠪᠥᠮᠪᠦᠭᠡ᠂ ᠥᠳᠤᠨ ᠪᠥᠮᠪᠦᠭᠡ᠂ ᠥᠨᠳᠥᠷ ᠦᠰᠦᠷᠬᠦ᠂ ᠬᠤᠯᠠ ᠬᠠᠷᠠᠶᠢᠬᠤ ᠨᠢ ᠠᠵᠢᠯ ᠶᠠᠪᠤᠳᠠᠯ ᠬᠢᠬᠦ ᠳᠤ ᠡᠷᠡᠰ ᠲᠠᠰᠤᠷᠬᠠᠢ ᠥᠪᠡᠷᠮᠢᠴᠡ ᠴᠢᠨᠠᠷ ᠢ ᠬᠥᠮᠥᠵᠢᠭᠦᠯᠬᠦ ᠳᠤ ᠠᠴᠢ ᠲᠤᠰᠠᠲᠠᠢ᠂ ᠰᠢᠲᠠᠷ᠎ᠠ ᠲᠠᠯᠪᠢᠬᠤ᠂ ᠤᠳᠠᠭᠠᠨ ᠭᠦᠶᠦᠬᠦ᠂ ᠬᠤᠯᠠ ᠠᠯᠬᠤᠬᠤ ᠨᠢ ᠥᠪᠡᠷ ᠢ ᠪᠠᠨ ᠡᠵᠡᠮᠳᠡᠬᠦ ᠬᠦᠯᠢᠴᠡᠩᠭᠦᠢ ᠯᠠᠪᠳᠠᠭᠤᠨ ᠵᠠᠩ ᠠᠭᠠᠰᠢ ᠶᠢ ᠪᠤᠢ ᠪᠣᠯᠭᠠᠨ᠎ᠠ᠃ ᠬᠡᠪ ᠴᠢᠨᠠᠷ ᠤᠨ ᠪᠣᠯᠪᠠᠰᠤᠷᠠᠯ ᠣᠣᠷ ᠴᠢᠳᠠᠪᠤᠷᠢ ᠶᠢ ᠬᠥᠮᠥᠵᠢᠭᠦᠯᠬᠦ ᠳᠤ ᠬᠦᠴᠦ ᠲᠠᠯᠪᠢᠭ᠎ᠠ ᠤᠳᠤ ᠴᠠᠭ ᠤᠨ ᠭᠡᠷ ᠤᠨ ᠠᠬᠠᠮᠠᠳ ᠨᠠᠷ ᠬᠡᠦᠬᠡᠳ ᠢᠶᠠᠨ ᠪᠢᠲᠡᠭᠡᠢ ᠠᠩᠭ᠍ᠯᠢ ᠬᠡᠯᠡ᠂ ᠬᠥᠭᠵᠢᠮ᠂ ᠺᠤᠮᠫᠢᠦ᠋ᠲ᠋ᠧᠷ ᠲᠤ ᠤᠶᠠᠭᠠᠳ ᠪᠠᠶᠢᠭᠠᠷᠠᠢ︕ ᠡᠯ᠎ᠡ ᠲᠥᠷᠤᠯ ᠤᠨ ᠲᠠᠮᠢᠷ ᠤᠨ ᠬᠥᠳᠡᠯᠭᠡᠭᠡᠨ ᠳᠤ ᠢᠳᠡᠪᠬᠢᠲᠡᠢ ᠣᠷᠣᠯᠴᠠᠭᠤᠯᠵᠤ᠂ ᠡᠷᠡᠭᠦᠯ ᠴᠢᠭᠢᠷᠠᠭ᠂ ᠰᠠᠶᠢᠨ ᠰᠠᠶᠢᠬᠠᠨ ᠵᠠᠩ ᠠᠭᠠᠰᠢ ᠲᠠᠢ ᠪᠣᠯᠭᠠᠨ ᠬᠥᠮᠥᠵᠢᠭᠦᠯᠦᠭᠡᠷᠡᠢ︕
 
ᠢᠷᠡᠯᠲᠡ᠄ ᠤᠷᠳᠣᠰ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号