2024 ᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2024/2/26
    —— 2024 ᠣᠨ ᠤ 1 ᠰᠠᠷ᠎ᠠ ᠶᠢᠨ 26 ᠤ ᠡᠳᠦᠷ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠨᠢᠭᠡᠳᠦᠭᠡᠷ ᠪᠦᠬᠦᠳᠡ ᠬᠤᠷᠠᠯ ᠳᠡᠭᠡᠷ᠎ᠡ          ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ          ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠴᠢ ᠯᠢᠨᠲᠥᠯᠥᠭᠡᠯᠡᠭᠴᠢᠳ ᠡ᠄    ᠣᠳᠣ ᠪᠢ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠪᠤᠰᠤᠳ ᠨᠥᠬᠦᠳ ᠪᠠᠰᠠ ᠰᠠᠨᠠᠯ ᠢᠶᠠᠨ ᠳᠤᠷᠠᠳᠬᠤ ᠪᠣᠯᠪᠠᠤ᠃    ᠨᠢᠭᠡ᠂ 2023 ᠣᠨ ᠤ ᠠᠵᠢᠯ ᠤᠨ ᠡᠷᠭᠢᠴᠡᠭᠦᠯᠦᠯ    ᠥᠩᠭᠡᠷᠡᠭᠰᠡᠨ ᠨᠢᠭᠡ ᠵᠢᠯ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠮᠣᠩᠭᠤᠯ ᠮᠣᠷᠢᠨ ᠤ ᠵᠣᠷᠢᠭ ᠰᠠᠨᠠᠭ᠎ᠠ︾᠂ ︽ ᠤᠮᠠᠷᠠᠲᠤ ᠶᠢᠨ ᠭᠤᠷᠪᠠᠨ ᠤᠷᠤᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠲᠦᠷᠭᠡᠨ ᠳᠠᠪᠰᠢᠯᠲᠠ ᠲᠠᠢ ᠪᠣᠯᠪᠠ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠡᠮᠡᠭᠳᠡᠯ ᠤᠨ ᠬᠤᠷᠳᠤᠴᠠ 4.3% ᠳᠤ ᠬᠦᠷᠴᠦ ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 41.13 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 88.16% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠶᠢᠨ ᠨᠡᠮᠡᠭᠳᠡᠯ ᠤᠨ ᠬᠤᠷᠳᠤᠴᠠ 3.6% ᠳᠤ ᠬᠥᠷᠪᠡ᠃ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠨᠢ 3.03 ᠳ᠋ᠦᠩᠰᠢᠭᠤᠷ ᠲᠥᠭᠦᠷᠢᠭ ᠂ ᠵᠠᠷᠤᠯᠭ᠎ᠠ ᠨᠢ 66.58 ᠳ᠋ᠦᠩᠰᠢᠭᠤᠷ ᠲᠥᠭᠦᠷᠢᠭ ᠂ ᠬᠤᠲᠠ ᠬᠥᠳᠡᠭᠡ ᠶᠢᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 36675 ᠲᠥᠭᠦᠷᠢᠭ ᠪᠠ 16749 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4% ᠪᠠ 8.3% ᠪᠠᠷ ᠨᠡᠮᠡᠭᠳᠡᠪᠡ᠃ ᠳᠡᠭᠡᠳᠦ ᠱᠠᠲᠤᠨ ᠠᠴᠠ 51.39 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠯᠵᠤ᠂ ᠠᠳᠠᠯᠢ ᠬᠤᠭᠤᠴᠠᠭᠠᠨ ᠤ ᠬᠢ ᠠᠴᠠ 34.45% ᠪᠠᠷ ᠨᠡᠮᠡᠭᠳᠡᠪᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠤᠯᠤᠰ ᠤᠨ ᠳᠤᠲᠤᠭᠠᠳᠤᠬᠢ᠂ ᠣᠷᠣᠨ ᠤ ᠭᠠᠳᠠᠨᠠᠬᠢ ᠪᠣᠳᠠᠲᠠᠶᠢᠵᠢᠭᠤᠯᠤᠭᠰᠠᠨ ᠪᠡᠯᠡ ᠮᠥᠩᠭᠦ 19.36 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 91.5% ᠪᠠᠷ ᠨᠡᠮᠡᠭᠳᠡᠪᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠬᠡᠮᠵᠢᠶ᠎ᠡ 1514.91 ᠲᠦᠮᠡᠨ ᠲᠥᠭᠦᠷᠢᠭ ᠲᠤ ᠬᠦᠷᠪᠡ᠃    ᠡᠨᠡ ᠨᠢᠭᠡ ᠵᠢᠯ ᠳᠤ᠂ ᠠᠵᠤ ᠦᠢᠯᠡᠰ ᠤᠨ ᠬᠥᠭᠵᠢᠯᠲᠡ ᠰᠢᠨ᠎ᠡ ᠦᠷ᠎ᠡ ᠪᠦᠲᠦᠮᠵᠢ ᠤᠯᠪᠠ᠃ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠠᠮᠤ ᠪᠤᠳᠠᠭᠠᠨ ᠤ ᠲᠠᠷᠢᠮᠠᠯ ᠢ 563.39 ᠲᠦᠮᠡᠨ ᠮᠥ ᠳᠤ ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠶᠡᠷᠦᠩᠬᠡᠶ ᠤᠨᠠᠯᠲᠠ ᠶᠢ 47.41 ᠳ᠋ᠦᠩᠰᠢᠭᠤᠷ ᠵᠢᠩ ᠳᠤ ᠬᠦᠷᠭᠡᠵᠦ᠂ ᠬᠤᠷᠢᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠵᠠᠢ ᠃ ᠤᠰᠤᠨ ᠲᠤᠲᠤᠷᠭ᠎ᠠ ᠶᠢᠨ ᠵᠢᠱᠢᠶ᠎ᠡ ᠦᠵᠡᠭᠦᠯᠬᠦ ᠲᠠᠷᠢᠶᠠᠨ ᠭᠠᠵᠠᠷ ᠂ ᠥᠪᠡᠷᠲᠡᠭᠡᠨ ᠵᠠᠰᠠᠬᠤ ᠣᠷᠣᠨ ᠤ ᠮᠣ᠋ ᠨᠢᠭᠡᠴᠢ  ᠶᠢᠨ ᠤᠨᠠᠯᠲᠠ ᠶᠢᠨ ᠲᠡᠮᠳᠡᠭᠯᠡᠯ ᠢ ᠰᠢᠨᠡᠳᠬᠡᠵᠦ᠂ ᠰᠢᠷ᠎ᠠ ᠪᠤᠷᠴᠠᠭ ᠪᠥᠬᠦ ᠣᠷᠣᠨ ᠪᠠ ᠵᠡᠭᠦᠨ ᠬᠤᠶᠢᠲᠤ ᠣᠷᠣᠨ ᠤ ᠥᠨᠳᠥᠷ ᠤᠨᠠᠯᠲᠠ ᠶᠢᠨ ᠲᠡᠮᠳᠡᠭᠯᠡᠯ ᠢ ᠡᠭᠦᠳᠴᠦ᠂ ᠤᠯᠤᠰ ᠤᠨ ᠲᠦᠷᠦᠭᠦᠤ ᠪᠦᠯᠦᠭ᠂ ᠪᠥᠬᠦ ᠣᠷᠣᠨ ᠤ ᠠᠩᠬᠠᠳᠠᠭᠴᠢ ᠪᠦᠬᠦ ᠬᠤᠰᠢᠭᠤ ︵ᠰᠢᠶᠠᠨ︶ ᠶᠢᠨ ᠬᠡᠪᠴᠢᠶᠡᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠷᠰᠢᠯᠲᠠ ᠶᠢᠨ ᠴᠡᠭ ᠪᠣᠯᠤᠭᠰᠠᠨ ᠪᠠᠶᠢᠨ᠎ᠠ᠃ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠴᠢᠩᠭᠠᠳᠬᠠᠵᠤ᠂ ᠤᠯᠤᠰ ᠤᠨ ᠤᠰᠤᠨ ᠲᠤᠲᠤᠷᠭ᠎ᠠ ᠶᠢᠨ ᠬᠠᠭᠤᠷᠠᠶ ᠪᠠᠷ ᠲᠠᠷᠢᠬᠤ ᠪᠦᠷᠬᠦᠪᠴᠢ ᠶᠢᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠤᠨ ᠲᠦᠪᠯᠡᠷᠡᠭᠰᠡᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠦᠨᠡᠯᠡᠭᠳᠡᠵᠦ᠂ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢᠨ ︽ᠵᠠᠯᠠᠶᠢᠳ ᠤᠨ ᠵᠠᠭᠪᠤᠷ︾ ᠢ ᠪᠥᠬᠦ ᠣᠷᠣᠨ ᠳᠤ ᠳᠡᠯᠭᠡᠷᠡᠭᠦᠯᠪᠡ᠃ ᠤᠯᠤᠰ ᠤᠨ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠲᠤᠷᠰᠢᠯᠲᠠ ᠶᠢᠨ ᠪᠥᠲᠥᠭᠡᠨ ᠪᠠᠶᠢᠭᠤᠯᠤᠯᠲᠠ ᠪᠠᠷ ᠵᠢᠯᠣᠭᠤᠳᠣᠯᠭ᠎ᠠ ᠪᠣᠯᠭᠠᠵᠤ᠂ ᠳᠠᠷᠢᠬᠤ᠂ ᠲᠡᠵᠢᠭᠡᠬᠦ᠂ ᠥᠭᠡᠷᠡᠴᠢᠯᠡᠬᠦ ᠂ ᠰᠡᠷᠭᠡᠶᠢᠯᠡᠬᠦ᠂ ᠪᠤᠶᠢᠵᠢᠭᠤᠯᠬᠤ ᠶᠢ ᠨᠢᠭᠡ ᠴᠤᠭᠴᠠᠵᠢᠭᠤᠯᠤᠭᠰᠠᠨ ᠭᠤᠤᠯ ᠣᠷᠣᠨ ᠢ ᠪᠣᠶ ᠪᠣᠯᠭᠠᠵᠤ᠂ 1.54 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 8 ᠲᠥᠷᠥᠯ ᠵᠦᠢᠯ ᠢ ᠪᠡᠶᠡᠯᠡᠭᠦᠯᠵᠦ᠂ ᠲᠡᠵᠢᠭᠡᠯ ᠡᠪᠡᠰᠦᠨ ᠤ ᠰᠠᠭᠤᠷᠢᠨ ᠭᠠᠵᠠᠷ ᠤᠨ ᠲᠠᠯᠠᠪᠠᠶ ᠶᠢ ᠠᠯᠬᠤᠮ ᠠᠯᠬᠤᠮ ᠢᠶᠠᠷ ᠥᠷᠭᠡᠳᠬᠡᠵᠦ ᠬᠠᠩᠭᠠᠯᠭ᠎ᠠ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠪᠡ᠃ ᠡᠭᠦᠯᠳᠡᠷ ᠰᠠᠶᠢᠵᠢᠷᠠᠭᠤᠯᠬᠤ ᠶᠢ ᠠᠬᠢᠭᠤᠯᠵᠤ᠂ 16 ᠲᠦᠮᠡᠨ ᠮᠢᠬᠠᠨ ᠦᠬᠡᠷ ᠤᠨ ᠡᠭᠦᠯᠳᠡᠷ ᠰᠠᠶᠢᠵᠢᠷᠠᠭᠤᠯᠬᠤ᠂ 120 ᠲᠦᠮᠡᠨ ᠮᠢᠬᠠᠨ ᠬᠤᠨᠢᠨ ᠤ ᠡᠭᠦᠯᠳᠡᠷ ᠰᠠᠶᠢᠵᠢᠷᠠᠭᠤᠯᠬᠤ ᠠᠵᠢᠯ ᠢ ᠪᠡᠶᠡᠯᠡᠭᠦᠯᠵᠡᠢ᠃ ᠳ᠋ᠦ᠋ ᠮᠧᠶ ᠮᠠᠯ ᠠᠵᠤ ᠠᠬᠤᠶ ᠨᠢ ᠤᠯᠤᠰ ᠤᠨ ᠲᠠᠰ ᠤᠨ ᠮᠢᠬᠠᠨ ᠬᠤᠨᠢᠨ ᠤ ᠡᠭᠦᠯᠳᠡᠷ ᠪᠤᠶᠢᠵᠢᠭᠤᠯᠬᠤ ᠭᠤᠤᠯ ᠲᠠᠯᠠᠪᠠᠶ ᠪᠠᠷ ᠵᠥᠪᠰᠢᠶᠡᠷᠡᠭᠳᠡᠵᠦ᠂ ᠮᠢᠬᠠᠨ ᠦᠬᠡᠷ᠂ ᠮᠢᠬᠠᠨ ᠬᠤᠨᠢᠨ ᠤ ᠲᠤᠭ᠎ᠠ 47.45 ᠲᠦᠮᠡ ᠪᠠ 257.84 ᠲᠦᠮᠡ ᠳᠤ ᠬᠦᠷᠴᠦ᠂ ᠮᠠᠯ ᠠᠵᠤ ᠠᠬᠤᠢ ᠶᠢᠨ ᠣᠨ ᠤ ᠬᠡᠷ ᠤᠨ ᠲᠡᠵᠢᠭᠡᠪᠦᠷᠢ ᠶᠢᠨ ᠲᠤᠭ᠎ᠠ 334.15 ᠲᠦᠮᠡ ᠳᠤ ᠬᠦᠷᠪᠡ᠃ ᠠᠵᠤ ᠦᠢᠯᠡᠳᠪᠦᠷᠢ ᠶᠢᠨ ᠠᠵᠤ ᠠᠬᠤᠶ ᠲᠣᠭᠲᠠᠭᠤᠨ ᠤ ᠳᠤᠮᠳᠠ ᠰᠠᠶᠢᠵᠢᠷᠠᠭᠠᠳ ᠤᠶᠤᠨᠲᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠦᠷᠦᠯ ᠵᠦᠢᠯ ᠥᠪᠡᠷᠲᠡᠭᠡᠨ ᠵᠠᠰᠠᠬᠤ ᠣᠷᠣᠨ ᠤ ᠰᠢᠯᠭᠠᠯᠳᠠ ᠶᠢ ᠦᠩᠭᠡᠷᠡᠭᠦᠯᠵᠦ᠂ ᠬᠤᠢ ᠹᠧᠩ ᠠᠭᠤᠷ ᠢᠶᠠᠷ ᠡᠷᠳᠡᠨᠢ ᠰᠢᠰᠢ ᠶᠢ ᠳᠠᠷᠤᠰᠢᠭᠤᠯᠬᠤ᠂ ᠴᠢᠶᠠᠨ ᠱᠧᠩ ᠵᠢᠯ ᠳᠤ 30 ᠲᠦᠮᠡᠨ ᠲᠣᠨ ᠣᠷᠭᠠᠨᠢᠭ ᠪᠤᠷᠳᠤᠭᠤᠷ ᠦᠢᠯᠡᠳᠪᠦᠷᠢᠯᠡᠬᠦ᠂ ᠷᠦᠨ ᠭᠦ᠋ ᠵᠢᠯ ᠳᠤ 150 ᠲᠣᠨ ᠬᠠᠷ᠎ᠠ ᠠᠷᠢᠬᠢ ᠦᠢᠯᠡᠳᠪᠦᠷᠢᠯᠡᠬᠦ ᠲᠦᠷᠦᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠨᠢ ᠬᠡᠷᠡᠭᠯᠡᠬᠦ ᠨᠥᠬᠦᠴᠡᠯ ᠳᠤ ᠬᠦᠷᠴᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠬᠡᠯᠬᠢᠶ᠎ᠡ ᠶᠢᠨ ᠳᠤᠲᠠᠭᠤᠳᠠᠯ ᠢ ᠨᠦᠬᠦᠪᠦᠷᠢᠯᠡᠪᠡ᠃ ᠶᠡᠷᠦᠩᠬᠡᠢ ᠪᠡᠯᠡ ᠣᠷᠣᠭᠤᠯᠤᠯᠲᠠ ᠨᠢ 19.23 ᠳ᠋ᠦᠩᠰᠢᠭᠤᠷ ᠲᠥᠭᠦᠷᠢᠭ ᠤᠨ ᠤᠰᠤᠨ ᠲᠤᠲᠤᠷᠭ᠎ᠠ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠢ ᠡᠬᠢᠯᠡᠨ ᠪᠠᠶᠢᠭᠤᠯᠵᠤ᠂ ᠤᠰᠤᠨ ᠲᠤᠲᠤᠷᠭ᠎ᠠ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠢᠲᠡᠭᠦᠮᠵᠢᠯᠡᠭᠰᠡᠨ ᠬᠥᠭᠵᠢᠯᠲᠡ ᠶᠢ ᠪᠡᠶᠡᠯᠡᠭᠦᠯᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ 2 ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠦᠢᠯᠡᠳᠬᠦᠨ ᠤ ᠥᠷᠲᠡᠭ 12.78 ᠳ᠋ᠦᠩᠰᠢᠭᠤᠷ ᠲᠥᠭᠦᠷᠢᠭ ᠲᠤ ᠬᠦᠷᠪᠡ᠃ ᠬᠤᠸᠠ ᠨᠸᠡᠭ ᠤᠨ 2 ᠲᠦᠮᠡᠨ ᠺᠢᠯᠤᠸᠠᠲ ᠤᠨ ᠪᠥᠬᠦ ᠬᠤᠰᠢᠭᠤᠨ ᠤ ᠬᠡᠷ ᠤᠨ ᠤᠷᠤᠢ ᠳᠠᠬᠢ ᠲᠠᠷᠬᠠᠮᠠᠯ ᠮᠠᠶ᠋ᠢᠭ ᠤᠨ ᠬᠡᠷᠡᠯ ᠴᠡᠨᠡᠭ ᠤᠨ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠪᠥᠬᠦ ᠲᠤᠭ᠎ᠠ ᠪᠠᠷ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠨᠠᠨᠤ᠋ ᠨᠡᠭᠦᠷᠡᠰᠦᠬᠦ᠋ᠴᠢᠯ ᠤᠨ ᠺᠠᠯᠼ ᠢ ᠨᠠᠷᠢᠯᠢᠭ ᠡᠳ᠋ᠰᠢᠭᠦᠯᠬᠦ᠂ ᠪᠥᠸᠧ ᠨᠧᠩ 30 ᠰᠠᠶ᠎ᠠ ᠸᠠᠲ ᠤᠨ ᠠᠮᠢᠳᠤ ᠪᠣᠳᠠᠰ ᠤᠨ ᠮᠠᠰ ᠤᠨ ᠢᠯᠴᠢ ᠴᠠᠬᠢᠯᠭᠠᠨ ᠤ ᠬᠤᠯᠪᠣᠭᠠᠯᠠᠨ ᠦᠢᠯᠡᠳᠪᠤᠷᠢᠯᠡᠬᠦ᠂ ᠵᠥᠩ ᠭᠤᠸᠠᠩ ᠾᠧ 30 ᠰᠠᠶ᠎ᠠ ᠸᠠᠲ ᠤᠨ ᠲᠠᠷᠠᠬᠠᠶ ᠮᠠᠶ᠋ᠢᠭ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠡᠬᠢᠯᠡᠭᠦᠯᠦᠨ ᠪᠥᠲᠥᠭᠡᠨ ᠪᠠᠶᠢᠭᠤᠯᠵᠤ᠂ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ ᠤᠨ 200 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠢᠶᠠᠷ ᠮᠧᠲ᠋ᠢᠯ ᠠᠯᠺᠣᠣᠯ ᠦᠢᠯᠡᠳᠬᠦ ᠵᠢᠱᠢᠶ᠎ᠡ ᠦᠵᠡᠭᠦᠯᠬᠦ ᠲᠥᠷᠥᠯ ᠵᠦᠢᠯ ᠢ ᠴᠤᠬᠤᠯᠠᠪᠤᠷᠢᠯᠠᠨ ᠨᠠᠶᠢᠳᠠᠪᠤᠷᠢᠵᠢᠭᠤᠯᠪᠠ᠃ ᠵᠢᠭᠤᠯᠴᠢᠯᠠᠯ ᠤᠨ ᠠᠵᠤ ᠦᠢᠯᠡᠰ ᠲᠦᠷᠭᠡᠨ ᠬᠥᠭᠵᠢᠭᠡᠳ᠂ ᠪᠠᠶᠠᠨᠲᠠᠯ᠎ᠠ ᠭᠠᠶᠢᠬᠠᠮᠰᠢᠭᠳᠤ ᠬᠥᠨᠳᠡᠢ ᠶᠢᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠵᠤ᠂ ᠠᠷᠠᠳ ᠤᠨ ᠪᠠᠭᠤᠳᠠᠯ ᠤᠨ ᠴᠤᠭᠯᠠᠭᠠᠨ ᠤ ᠬᠤᠶᠠᠳᠤᠭᠠᠷ ᠬᠤᠭᠤᠴᠠᠭ᠎ᠠ᠂ ᠲᠤᠲᠤᠷᠭ᠎ᠠ ᠶᠢᠨ ᠬᠦᠨᠳᠡᠢ ᠶᠢᠨ ᠦᠵᠡᠮᠵᠢ ᠶᠢᠨ ᠤᠷᠤᠨ ᠤ ᠬᠤᠶᠠᠳᠤᠭᠠᠷ ᠬᠤᠭᠤᠴᠠᠭ᠎ᠠ ᠪᠣᠯᠤᠨ ᠦᠵᠦᠬᠦᠷ ᠱᠦᠢ ᠼᠦᠨ ᠲᠣᠰᠬᠤᠨ ᠵᠡᠷᠭᠡ ᠲᠦᠷᠦᠯ ᠵᠦᠢᠯ ᠤᠨ ᠭᠤᠣᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠵᠦ᠂ ᠪᠠᠶᠠᠨᠲᠠᠯ᠎ᠠ ᠭᠠᠴᠠᠭ᠎ᠠ 2023 ᠣᠨ ᠤ ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ ᠢᠶᠠᠷ ᠰᠣᠩᠭᠤᠭᠳᠠᠵᠤ᠂ ᠬᠤᠯᠪᠣᠭ᠎ᠠ ᠪᠠᠯᠭᠠᠰᠤ ᠪᠦᠬᠦ ᠣᠷᠣᠨ ᠤ ︽ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ ᠵᠢᠱᠢᠶ᠎ᠡ ᠦᠵᠡᠭᠦᠯᠬᠦ ᠪᠠᠯᠭᠠᠰᠤ︾ ᠪᠠᠷ ᠦᠨᠡᠯᠡᠭᠳᠡᠵᠦ᠂ ᠭᠦ᠋ ᠮᠢᠶᠣᠣ ᠲᠣᠰᠬᠤᠨ ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠢᠶᠠᠷ ᠦᠨᠡᠯᠡᠭᠳᠡᠪᠡ᠃ ᠸᠠᠨ ᠲᠠᠢ · ᠢᠦᠢ ᠬᠤ᠋ ᠸᠠᠨ · ᠶᠦᠨ ᠵᠢᠶᠧ ᠵᠡᠭᠡᠯᠢ ᠶᠢ ᠵᠢᠩᠭᠢᠨᠢ ᠪᠠᠷ ᠡᠵᠡᠩᠨᠡᠵᠦ ︽ᠰᠥᠨᠢ ᠶᠢᠨ ᠠᠵᠤ ᠠᠬᠤᠢ︾ ᠶᠢᠨ ᠨᠡᠮᠡᠭᠳᠡᠯ ᠢ ᠲᠠᠶᠢᠴᠢᠯᠠᠪᠠ᠃ ᠪᠥᠬᠦ ᠵᠢᠯ ᠳᠤ ᠵᠢᠭᠤᠯᠴᠢᠯᠠᠭᠰᠠᠳ ᠢ 147.39 ᠲᠦᠮᠡᠨ ᠬᠥᠮᠦᠨ ︵ᠤᠳᠠᠭ᠎ᠠ︶ ᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 11.4% ᠪᠠᠷ ᠨᠡᠮᠡᠭᠳᠡᠵᠦ᠂ ᠵᠤᠭᠠᠴᠠᠯ ᠤᠨ ᠣᠷᠣᠯᠭ᠎ᠠ 8.55 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4% ᠪᠠᠷ ᠨᠡᠮᠡᠭᠳᠡᠪᠡ᠃    ᠡᠨᠡ ᠨᠢᠭᠡ ᠵᠢᠯ ᠳᠤ᠂ ᠬᠥᠭᠵᠢᠯᠲᠡ ᠶᠢᠨ ᠬᠥᠳᠡᠯᠭᠡᠬᠦ ᠬᠦᠴᠦᠨ ᠰᠢᠨ᠎ᠡ ᠳᠡᠭᠡᠭᠰᠢᠯᠡᠯᠲᠡ ᠲᠠᠢ ᠪᠣᠯᠪᠠ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠤᠭᠡᠳ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠬᠦ ᠶᠠᠪᠤᠴᠠ ᠳᠤ ᠬᠠᠪᠰᠤᠷᠤᠨ ᠭᠦᠢᠴᠡᠳᠬᠡᠬᠦ ᠳᠦᠷᠢᠮ ᠢ ᠲᠡᠭᠦᠯᠳᠡᠷᠵᠢᠭᠦᠯᠦᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠰᠢᠨ᠎ᠡ ᠪᠠᠷ 6575 ᠡᠷᠦᠬᠡ ᠨᠡᠮᠡᠭᠳᠡᠭᠦᠯᠵᠦ᠂ ︽ᠮᠥᠩᠬᠡ ᠰᠣᠪᠠᠭ · ᠲᠠᠨ ᠢ ᠬᠠᠪᠰᠤᠷᠤᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾ ᠴᠣᠩᠬᠤᠪᠴᠢ ᠪᠠ ᠠᠵᠤ ᠠᠬᠤᠶᠢᠯᠠᠯ ᠳᠤ ᠶᠡᠷᠦᠩᠬᠡᠶᠢᠯᠡᠭᠰᠡᠨ ᠲᠤᠰᠬᠠᠶ ᠣᠷᠣᠨ ᠭᠠᠷᠭᠠᠵᠤ᠂ ᠬᠤᠶᠠᠷ ᠡᠭᠡᠯᠵᠢ ᠶᠢᠨ ︽ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ︾ ᠠᠵᠢᠯᠯᠠᠭ᠎ᠠ ᠶᠢ ᠥᠷᠨᠢᠭᠦᠯᠵᠦ᠂ ᠡᠯ᠎ᠡ ᠱᠠᠲᠤᠨ ᠤ ᠺᠠᠳ᠋ᠷ ᠠᠵᠢᠯᠲᠠᠨ ᠠᠵᠢᠯᠴᠢᠨ ᠢ ᠵᠠᠬ᠎ᠠ ᠳᠡᠯᠭᠡᠭᠦᠷ ᠤᠨ ᠭᠤᠤᠯ ᠴᠣᠭᠴᠠ ᠲᠠᠢ 17661 ᠡᠷᠦᠬᠡ ᠶᠢ ᠵᠣᠯᠭᠠᠭᠤᠯᠵᠤ᠂ ︽ᠮᠧᠩ ᠴᠢ ᠲᠦᠩ︾ ᠲᠠᠪᠴᠠᠩ ᠢ ᠤᠷᠤᠭᠰᠢᠲᠠᠶ ᠠᠵᠢᠯᠯᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠢᠯᠡᠴᠢᠯᠡᠭᠡ ᠶᠢ ᠪᠡᠶᠡᠯᠡᠭᠦᠯᠪᠡ᠃ 163 ᠵᠦᠢᠯᠡᠰ ᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ᠂ ᠪᠠᠩᠬᠢ᠂ ᠬᠤᠳᠠᠯᠳᠤᠭᠠᠨ ᠤ ᠲᠠᠯᠠᠪᠤᠷ ᠵᠡᠷᠭᠡ ᠲᠠᠯᠠᠪᠤᠷ ᠳᠠᠰᠢ ᠤᠷᠲᠤᠳᠬᠠᠵᠤ᠂ ᠠᠵᠤ ᠠᠬᠤᠶᠢᠯᠠᠯ᠂ ᠣᠯᠠᠨ ᠲᠦᠮᠡᠨ ᠤ ᠠᠵᠢᠯ ᠶᠠᠪᠤᠳᠠᠯ  ᠭᠦᠢᠴᠡᠳᠭᠡᠬᠦ ᠳᠤ ︽ᠪᠤᠴᠠᠵᠤ ᠭᠦᠶᠦᠬᠦ︾ ᠶᠠᠷᠰᠢᠭ ᠢ ᠪᠦᠲᠦᠮᠵᠢᠲᠡᠶ ᠰᠢᠢᠳᠪᠤᠷᠢᠯᠡᠪᠡ᠃ ︽ᠲᠠᠪᠤ ᠶᠢ ᠲᠦᠢᠯᠪᠤᠷᠢᠲᠠᠢ ᠰᠢᠢᠳᠪᠤᠷᠢᠯᠡᠬᠦ︾ ᠠᠵᠢᠯ ᠢᠯᠡᠳᠲᠡ ᠦᠷ᠎ᠡ ᠪᠦᠲᠦᠮᠵᠢ ᠤᠯᠤᠭᠠᠳ᠂  ᠵᠦᠪᠰᠢᠶᠡᠷᠡᠭᠦᠯᠬᠦ ᠪᠠᠷ ᠪᠠᠶᠢᠭ᠎ᠠ ᠲᠦᠷᠦᠯ ᠵᠦᠢᠯ ᠨᠦᠬᠦᠵᠦ ᠵᠦᠪᠰᠢᠶᠡᠷᠡᠬᠦᠯᠬᠦ ᠲᠦᠷᠦᠯ ᠵᠦᠢᠯ ᠢ 184 ᠰᠢᠢᠳᠪᠤᠷᠢᠯᠡᠵᠦ᠂ ᠲᠠᠷᠤᠭᠳᠠᠮᠠᠯ ᠪᠡᠯᠡ ᠮᠦᠩᠭᠦ ᠶᠢ 4060 ᠲᠦᠮᠡᠨ ᠲᠥᠭᠦᠷᠢᠭ ᠬᠤᠷᠢᠶᠠᠨ ᠠᠪᠤᠪᠠ᠃ ᠬᠦᠷᠢᠶᠡᠯᠡᠩ ᠲᠣᠭᠤᠷᠢᠭ ᠤᠨ 3 ᠲᠥᠷᠥᠯ ᠵᠦᠢᠯ ᠢ ᠰᠡᠷᠭᠦᠭᠡᠵᠦ᠂ ᠯᠢ ᠰᠢᠩ ᠠᠷᠠᠯᠵᠢᠶ᠎ᠠ ᠬᠤᠳᠠᠯᠳᠤᠭ᠎ᠠ᠂ ᠳ᠋ᠢ ᠸᠧ ᠠᠮᠢᠳᠤ ᠪᠣᠳᠠᠰ ᠤᠨ ᠣᠷᠭᠠᠨᠢᠭ ᠪᠣᠷᠳᠣᠭᠤᠷ ᠤᠨ ᠲᠥᠷᠥᠯ ᠵᠦᠢᠯ ᠢ ᠠᠮᠢᠯᠠᠭᠤᠯᠵᠤ᠂ ᠮᠦ ᠶᠤᠸᠠᠨ ᠲᠡᠵᠢᠭᠡᠯ ᠪᠣᠷᠳᠤᠭ᠎ᠠ ᠡᠳ᠋ᠰᠢᠭᠦᠯᠬᠦ ᠲᠥᠷᠥᠯ ᠵᠦᠢᠯ ᠢ ᠱᠠᠲᠤ ᠦᠶ᠎ᠡ ᠶᠢᠨ ᠴᠢᠨᠠᠷᠲᠠᠶ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ ᠭᠠᠵᠠᠷ ᠰᠢᠷᠣᠢ ᠶᠢ 76.87 ᠾᠧᠺᠲ᠋ᠠᠷ ᠰᠢᠢᠳᠪᠦᠷᠢᠯᠡᠵᠦ᠂ ᠣᠨ ᠤ ᠡᠭᠦᠷᠭᠡ ᠪᠠᠨ 113.75% ᠪᠠᠷ ᠪᠡᠶᠡᠯᠡᠭᠦᠯᠪᠡ᠃ ᠬᠤᠶᠠᠷ ︽ᠰᠠᠶᠢᠨ ᠠᠷᠠᠯᠵᠢᠶ᠎ᠠ︾ ᠶᠢᠨ ᠦᠷ᠎ᠡ ᠪᠦᠲᠦᠭᠡᠯ ᠡᠯᠪᠡᠭ ᠪᠠᠶᠢᠵᠤ᠂ ᠭᠠᠵᠠᠷ ᠰᠢᠷᠣᠶ ᠶᠢᠨ ᠭᠦᠢᠴᠡᠳᠭᠡᠯ ᠲᠤᠭ᠎ᠠ ᠶᠢ ᠮᠤᠵᠢ ᠠᠯᠤᠰᠯᠠᠨ ᠠᠷᠠᠯᠵᠢᠶᠠᠯᠠᠬᠤ ᠶᠢ ᠠᠬᠢᠭᠤᠯᠵᠤ᠂ ᠤᠰᠤᠨ ᠲᠠᠷᠢᠶᠠᠨ ᠤ ᠬᠡᠪᠴᠢᠶᠡᠲᠦ ᠭᠦᠢᠴᠡᠳᠭᠡᠯ ᠲᠤᠭ᠎ᠠ ᠶᠢᠨ ᠣᠷᠣᠯᠭ᠎ᠠ 11.31 ᠳ᠋ᠦᠩᠰᠢᠭᠤᠷ ᠲᠥᠭᠦᠷᠢᠭ ᠲᠤ ᠬᠥᠷᠪᠡ᠃ ᠰᠢᠨ ᠮᠢᠨ ᠰᠢᠨ᠎ᠡ ᠲᠣᠰᠬᠤᠨ ︽ᠪᠦᠬᠦ᠋ᠢᠯᠡ ᠲᠣᠰᠬᠤᠨ ᠢ ᠨᠡᠭᠦᠯᠭᠡᠨ ᠳᠠᠬᠢᠨ ᠬᠠᠭᠠᠯᠪᠤᠷᠢᠯᠠᠬᠤ᠂ ᠰᠢᠨ᠎ᠡ ᠪᠠᠷ ᠪᠠᠶᠢᠭᠤᠯᠵᠤ ᠲᠥᠪᠬᠢᠨᠡᠭᠦᠯᠬᠦ᠂ ᠠᠵᠤ ᠦᠢᠯᠡᠰ ᠢ ᠠᠭᠤᠰᠤᠯᠴᠠᠭᠤᠯᠤᠨ ᠠᠬᠢᠭᠤᠯᠬᠤ︾ ᠵᠠᠭᠪᠤᠷ ᠢ ᠪᠦᠬᠦ ᠤᠷᠤᠨ ᠤ ᠵᠢᠱᠢᠶ᠎ᠡ ᠦᠵᠡᠭᠦᠯᠬᠦ ᠲᠥᠷᠥᠯ ᠵᠦᠢᠯ ᠪᠣᠯᠭᠠᠵᠤ᠂ 289 ᠡᠷᠦᠬᠡ ᠲᠣᠰᠬᠤᠨ ᠤ ᠰᠠᠭᠤᠭᠠᠯᠢ ᠰᠢᠨ᠎ᠡ ᠣᠷᠣᠨ ᠰᠠᠭᠤᠴᠠ ᠳᠤ ᠨᠡᠭᠦᠨ ᠣᠷᠣᠪᠠ᠃ ᠬᠤᠯᠪᠣᠭ᠎ᠠ ᠪᠠᠯᠭᠠᠰᠤᠨ ᠤ ᠪᠥᠬᠦ ᠬᠡᠪᠴᠢᠶᠡᠨ ᠳᠠᠬᠢ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠡᠬᠢᠯᠡᠭᠦᠯᠵᠦ᠂ 4 ᠲᠣᠰᠬᠤᠨ᠂ 2388 ᠡᠷᠦᠬᠡ ᠳᠤ ᠬᠡᠷᠡᠭᠵᠢᠭᠦᠯᠵᠦ᠂ ᠵᠢᠱᠢᠯᠲᠡ ᠪᠠᠷ 3886 ᠮᠥ ᠨᠡᠮᠡᠭᠳᠡᠯ ᠬᠤᠷᠤᠭᠳᠠᠯ ᠲᠠᠢ ᠨᠢ ᠬᠤᠯᠪᠤᠭᠳᠠᠭᠤᠯᠬᠤ ᠭᠦᠢᠴᠡᠳᠬᠡᠯ ᠲᠤᠭ᠎ᠠ ᠶᠢ ᠪᠣᠶ ᠪᠤᠯᠭᠠᠪᠠ᠃ ᠬᠠᠶᠠᠭᠳᠠᠮᠠᠯ ᠠᠭᠤᠷᠬᠠᠶ ᠶᠢ ᠵᠠᠰᠠᠬᠤ ᠨᠡᠮᠡᠭᠳᠡᠯ ᠬᠤᠷᠤᠭᠳᠠᠯ ᠲᠠᠢ ᠨᠢ ᠬᠤᠯᠪᠣᠭᠳᠠᠭᠤᠯᠬᠤ ᠲᠥᠷᠥᠯ ᠵᠦᠢᠯ ᠢ ᠬᠡᠷᠡᠭᠵᠢᠭᠦᠯᠵᠦ᠂ 201 ᠠᠭᠤᠷᠬᠠᠶ ᠶᠢᠨ ᠨᠦᠬᠡ ᠶᠢ ᠵᠠᠰᠠᠵᠤ᠂ ᠨᠡᠮᠡᠭᠳᠡᠯ ᠬᠤᠷᠤᠭᠳᠠᠯ ᠲᠠᠢ ᠨᠢ ᠬᠤᠯᠪᠤᠭᠳᠠᠭᠤᠯᠬᠤ ᠭᠦᠢᠴᠡᠳᠬᠡᠯ ᠲᠤᠭ᠎ᠠ ᠶᠢ 2974 ᠮᠥ ᠪᠣᠯᠭᠠᠪᠠ᠃  ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠳᠤ ᠮᠣᠵᠢ ᠠᠯᠤᠰᠯᠠᠨ 3025 ᠮᠦ ᠠᠷᠠᠯᠵᠢᠶᠠᠯᠠᠬᠤ ᠪᠠᠷ ᠭᠤᠶᠤᠴᠢᠯᠠᠨ ᠮᠡᠳᠡᠭᠦᠯᠪᠡ᠃ ᠬᠥᠮᠥᠷᠭᠡ ᠳᠤ ᠣᠷᠣᠭᠤᠯᠤᠭᠰᠠᠨ ᠤᠰᠤᠨ ᠲᠠᠷᠢᠶᠠᠨ ᠤ ᠬᠡᠪᠴᠢᠶ᠎ᠡ ᠨᠢ 3.32 ᠲᠦᠮᠡᠨ ᠮᠦ ᠬᠦᠷᠪᠡ᠃ ᠪᠦᠬᠦ ᠣᠷᠣᠨ ᠤ ᠠᠩᠬᠠᠳᠠᠭᠴᠢ ᠲᠠᠯ᠎ᠠ ᠨᠤᠲᠤᠭ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠬᠤ ᠬᠤᠭᠤᠴᠠᠭᠠᠲᠤ ᠪᠠᠷᠠᠭᠠᠨ ᠤ ᠬᠡᠯᠪᠡᠷᠢ ᠶᠢᠨ ᠠᠷᠠᠯᠵᠢᠶᠠᠨ ᠤ ᠬᠡᠯᠡᠯᠴᠡᠭᠡᠷ ᠲᠠᠬᠢ ᠲᠠᠯᠠᠪᠠᠢ 16.3 ᠲᠦᠮᠡᠨ ᠮᠦ ᠳᠤ ᠬᠦᠷᠪᠡ᠃    ᠡᠨᠡ ᠨᠢᠭᠡ ᠵᠢᠯ ᠳᠤ᠂ ᠬᠤᠳᠠ ᠬᠥᠳᠡᠭᠡ ᠶᠢᠨ ᠬᠥᠭᠵᠢᠯᠲᠡ ᠰᠢᠨ᠎ᠡ ᠦᠷ᠎ᠡ ᠪᠦᠲᠦᠭᠡᠯ ᠤᠯᠪᠠ᠃ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠠᠯᠬᠤᠮ ᠠᠯᠬᠤᠮ ᠢᠶᠠᠷ ᠲᠡᠭᠦᠯᠳᠡᠷᠵᠢᠭᠡᠳ᠂ ︽ᠠᠷᠠᠳ ᠤᠨ ᠠᠮᠢᠳᠤᠷᠠᠯ ᠤᠨ ᠬᠤᠲᠠ ᠶᠢᠨ ᠪᠦᠲᠦᠭᠡᠨ ᠪᠠᠶᠢᠭᠤᠯᠤᠯᠲᠠ︾ ᠶᠢᠨ ᠣᠨᠤᠯᠵᠢᠬᠤᠨ ᠢ ᠴᠢᠩᠭᠠᠳᠬᠠᠵᠤ᠂ 11 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠪᠤᠵᠠᠷ ᠪᠤᠬᠢᠷ᠂ ᠡᠷᠦᠢ ᠬᠤᠷᠤᠢ ᠦᠭᠡᠢ᠂ ᠠᠨᠠᠢ ᠪᠠᠶᠢᠬᠤ 7 ᠪᠠᠭ᠎ᠠ ᠲᠣᠭᠤᠷᠢᠭ ᠢ ᠴᠡᠭᠴᠡᠯᠡᠨ ᠵᠠᠰᠠᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ ᠲᠠᠯᠠᠪᠠᠢ 64.27 ᠲᠦᠮᠡᠨ ᠲᠡᠭᠰᠢ ᠳᠦᠷᠪᠡᠯᠵᠢᠨ ᠮᠧᠲᠷ᠂ 45 ᠵᠤᠷᠪᠤᠰ ᠭᠤᠳᠤᠮᠵᠢ ᠶᠢᠨ ᠵᠠᠮ ᠢ ᠰᠡᠯᠪᠢᠨ ᠵᠠᠰᠠᠵᠤ᠂ 5715 ᠲᠡᠭᠰᠢ ᠳᠦᠷᠪᠡᠯᠵᠢᠨ ᠮᠧᠲᠷ ᠵᠠᠮ ᠤᠨ ᠭᠠᠳᠠᠷᠭᠤ ᠶᠢ ᠰᠡᠯᠪᠢᠨ ᠵᠠᠰᠠᠪᠠ᠃ ᠢᠯᠴᠢ ᠬᠠᠩᠭᠠᠬᠤ ᠬᠤᠭᠤᠯᠠᠢ ᠶᠢᠨ ᠲᠣᠣᠷ ᠢ 4.5 ᠺᠢᠯᠣᠮᠧᠲᠷ ᠰᠢᠨᠡᠳᠬᠡᠵᠦ᠂ ᠬᠤᠲᠠ ᠪᠠᠯᠭᠠᠰᠤ ᠶᠢ 463.8 ᠲᠦᠮᠡᠨ ᠲᠡᠭᠰᠢ ᠳᠥᠷᠪᠡᠯᠵᠢᠨ ᠮᠧᠲᠷ ᠨᠤᠭᠤᠭᠠᠷᠠᠭᠤᠯᠵᠤ᠂ ᠪᠠᠶᠢᠰᠢᠩ ᠭᠡᠷ ᠤᠨ ᠲᠣᠭᠤᠷᠢᠭ ᠤᠨ ᠲᠦᠭᠡᠭᠡᠯ ᠤᠰᠤᠨ ᠤ ᠬᠤᠭᠤᠯᠠᠢ ᠶᠢ 4 ᠺᠢᠯᠣᠮᠧᠲᠷ ᠤᠭᠰᠠᠷᠠᠪᠠ᠃ ᠬᠤᠲᠠ ᠪᠠᠯᠭᠠᠰᠤ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠵᠠᠬ᠎ᠠ ᠳᠡᠯᠭᠡᠭᠦᠷᠴᠢᠯᠡᠨ ᠡᠵᠡᠩᠨᠡᠵᠦ᠂ ᠡᠳᠦᠷ ᠤᠨ ᠠᠷᠢᠭᠤᠨ ᠴᠡᠪᠡᠷ ᠢ ᠬᠠᠮᠠᠭᠠᠯᠠᠬᠤ ᠴᠠᠭ ᠢ 18 ᠴᠠᠭ ᠪᠣᠯᠭᠠᠵᠤ᠂ ᠮᠠᠰᠢᠨᠴᠢᠯᠠᠭᠰᠠᠨ ᠴᠡᠪᠡᠷᠯᠡᠬᠦ ᠨᠣᠷᠮ᠎ᠠ ᠶᠢ 85% ᠳᠤ ᠬᠦᠷᠭᠡᠪᠡ᠃ ᠠᠳᠠᠯ ᠠᠬᠤᠢ ᠶᠢᠨ ᠠᠵᠢᠯ ᠲᠥᠷᠥᠯ ᠤᠨ ᠶᠡᠷᠦᠩᠬᠡᠢ ᠡᠭᠦᠷ ᠢ ᠪᠠᠶᠢᠭᠤᠯᠵᠤ ᠨᠠᠮ ᠤᠨ ᠪᠠᠢᠭᠤᠯᠤᠯᠲᠠ ᠪᠠᠷ ︽ᠬᠤᠪᠢᠰᠬᠠᠯ ᠤᠨ ᠠᠳᠠᠯ ᠠᠬᠤᠢ︾ ᠶᠢ ᠬᠥᠲᠥᠯᠦᠨ ᠳᠠᠭᠠᠭᠤᠯᠪᠠ᠃ ᠤᠶᠠᠨ ᠴᠢᠨᠠᠷᠲᠠᠢ ᠬᠠᠤᠯᠢ ᠬᠡᠷᠡᠭᠵᠢᠭᠦᠯᠦᠯᠲᠡ ᠶᠢ ᠬᠡᠷᠡᠭᠵᠢᠭᠦᠯᠵᠦ᠂ ︽ᠤᠶᠤᠨᠲᠤ ᠬᠤᠳᠠ ᠶᠢᠨ ᠬᠠᠮᠢᠶᠠᠷᠤᠯᠲᠠ︾ ᠶᠢᠨ ᠲᠠᠪᠴᠠᠩ ᠢ ᠪᠠᠶᠢᠭᠤᠯᠵᠤ᠂ ᠤᠶᠤᠨᠴᠢ ᠪᠠᠷ ᠴᠢᠳᠠᠪᠤᠷᠢ ᠣᠯᠭᠤᠬᠤ ᠶᠢ ᠨᠠᠷᠢᠯᠢᠬᠵᠢᠭᠤᠯᠤᠨ ᠬᠠᠮᠢᠶᠠᠷᠴᠤ᠂ ᠬᠢᠨᠠᠯᠲᠠ ᠲᠠᠯᠪᠢᠬᠤ ᠬᠡᠪᠴᠢᠶ᠎ᠡ ᠶᠢ ᠦᠨᠴᠦᠭ ᠪᠤᠯᠤᠩ ᠦᠯᠡᠳᠡᠭᠡᠯ ᠦᠭᠡᠢ ᠪᠦᠷᠬᠦᠬᠦᠯᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠬᠤᠴᠠ ᠲᠦᠷᠭᠡᠳᠴᠦ᠂ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠭᠰᠠᠨ ᠪᠠᠯᠠ ᠮᠥᠩᠭᠦ ᠶᠢ 3.22 ᠳ᠋ᠦᠩᠰᠢᠭᠤᠷ ᠲᠥᠭᠦᠷᠢᠭ ᠡᠮᠬᠢᠯᠡᠨ ᠨᠡᠶᠢᠯᠡᠭᠦᠯᠵᠦ᠂ 152 ᠲᠥᠷᠥᠯ ᠵᠦᠢᠯ ᠢ ᠬᠡᠷᠡᠭᠵᠢᠭᠦᠯᠦᠨ᠂ 6 ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ᠂ 2 ᠬᠢᠯᠠᠰ ᠴᠡᠭᠳᠦ ᠭᠠᠴᠠᠭ᠎ᠠ ᠲᠣᠰᠬᠤᠨ ᠢ ᠪᠥᠲᠥᠭᠡᠨ ᠪᠠᠶᠢᠭᠤᠯᠪᠠ᠃ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠤᠷᠤᠨ ᠤ ᠲᠢᠩᠬᠢᠮ ᠲᠣᠪᠴᠢᠶ᠎ᠠ ᠶᠢᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ︽ᠹᠧᠩ · ᠯᠠᠢ︾ ᠠᠵᠢᠯᠯᠠᠭ᠎ᠠ ᠶᠢ ᠬᠠᠮᠵᠢᠯᠴᠠᠨ ᠬᠡᠷᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠪᠠᠯᠠ ᠮᠥᠩᠭᠦ ᠠᠴᠠ 7597.82 ᠲᠦᠮᠡᠨ ᠲᠥᠭᠦᠷᠢᠭ ᠣᠷᠣᠭᠤᠯᠵᠤ᠂ 14 ᠲᠥᠷᠥᠯ ᠵᠦᠢᠯ ᠢ ᠬᠡᠷᠡᠭᠵᠢᠭᠦᠯᠦᠨ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠠᠷᠭ᠎ᠠ ᠵᠠᠮ ᠢ ᠥᠷᠭᠡᠳᠬᠡᠵᠦ᠂ 1.87 ᠳ᠋ᠦᠩᠰᠢᠭᠤᠷ ᠲᠥᠭᠦᠷᠢᠭ ᠤᠨ ᠲᠠᠷᠢᠶᠠᠯᠠᠩ ᠤᠨ ᠣᠨᠴᠠ ᠪᠦᠲᠦᠭᠡᠭᠳᠡᠬᠦᠨ ᠢ ᠪᠣᠷᠣᠯᠠᠭᠤᠯᠪᠠ᠃ ᠬᠥᠳᠡᠭᠡ ᠲᠣᠰᠬᠤᠨ ᠤ ᠵᠠᠰᠠᠯᠲᠠ ᠶᠢ ᠰᠠᠶᠢᠵᠢᠷᠠᠭᠤᠯᠵᠤ᠂ ᠬᠤᠪᠢ ᠬᠤᠷᠠᠮᠳᠤᠭᠤᠯᠬᠤ ᠳᠦᠷᠢᠮ ᠤᠨ ᠨᠠᠷᠢᠨ ᠳᠠᠩᠰᠠ ᠶᠢᠨ ᠳᠦᠷᠢᠮ ᠤᠨ ᠬᠠᠮᠢᠶᠠᠷᠤᠯᠲᠠ ᠶᠢ ᠪᠦᠬᠦᠨ ᠢ ᠪᠦᠷᠬᠦᠭᠦᠯᠪᠡ᠃ ᠬᠥᠳᠡᠭᠡ ᠲᠣᠰᠬᠤᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠠᠬᠢᠭᠤᠯᠵᠤ᠂ 8 ᠲᠤᠷᠰᠢᠯᠲᠠ ᠶᠢᠨ ᠴᠡᠭ ᠤᠨ ᠭᠠᠴᠠᠭ᠎ᠠ ᠲᠣᠰᠬᠤᠨ ᠳᠤ ᠲᠠᠪᠤᠨ ᠶᠡᠭᠡ ᠬᠤᠷᠰᠢᠶ᠎ᠠ ᠪᠠᠶᠢᠭᠤᠯᠵᠤ᠂ ᠬᠤᠪᠢ ᠣᠷᠣᠭᠤᠯᠤᠭᠰᠠᠨ ᠬᠡᠮᠵᠢᠶ᠎ᠡ ᠪᠠᠷ ᠨᠤᠭᠤᠯᠤᠨ ᠪᠤᠳᠤᠵᠤ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢ ᠪᠡᠶᠡᠯᠡᠭᠦᠯᠵᠦ᠂ ᠮᠠᠨᠳᠤᠯᠲᠤ ᠵᠡᠷᠭᠡ 3 ᠭᠠᠴᠠᠭᠠᠨ ᠤ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢᠨ ᠥᠭᠡᠷᠡᠴᠢᠯᠡᠯᠲᠡ ᠶᠢᠨ ᠦᠷ᠎ᠡ ᠪᠦᠲᠦᠮᠵᠢ ᠠᠯᠬᠤᠮ ᠠᠯᠬᠤᠮ ᠢᠶᠠᠷ ᠢᠯᠡᠷᠬᠡᠢ ᠪᠣᠯᠪᠠ᠃ ᠬᠥᠳᠡᠭᠡ ᠲᠣᠰᠬᠤᠨ ᠤ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠰᠠᠶᠢᠳᠤᠷ ᠪᠠᠶᠢᠴᠠᠭᠠᠵᠤ ᠢᠯᠭᠠᠷᠠᠭᠤᠯᠤᠨ ᠬᠤᠷᠢᠶᠠᠬᠤ ᠠᠵᠢᠯ ᠢ ᠲᠦᠯᠬᠢᠨ ᠠᠬᠢᠭᠤᠯᠵᠤ᠂ ᠤᠯᠤᠰ ᠤᠨ ᠭᠠᠵᠠᠷ ᠰᠢᠷᠣᠶ ᠶᠢᠨ ᠬᠤᠶᠠᠷ ᠢ ᠲᠣᠬᠢᠷᠠᠭᠤᠯᠬᠤ ᠪᠠ ᠭᠤᠷᠪᠠ ᠶᠢ ᠲᠣᠬᠢᠷᠠᠭᠤᠯᠬᠤ ᠬᠤᠭᠤᠷᠣᠨᠳᠣ 112.49 ᠲᠦᠮᠡᠨ ᠮᠦ ᠲᠠᠷᠢᠶᠠᠨ ᠭᠠᠵᠠᠷ ᠢ ᠵᠢᠷᠤᠮᠵᠢᠭᠤᠯᠤᠨ ᠬᠠᠮᠢᠶᠠᠷᠪᠠ᠃ ᠰᠠᠭᠤᠷᠢ ᠲᠦᠬᠦᠬᠡᠷᠦᠮᠵᠢ ᠲᠠᠰᠤᠷᠠᠯᠲᠠ ᠥᠬᠡᠶ ᠲᠡᠭᠦᠯᠳᠡᠷᠵᠢᠭᠡᠳ ᠂ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠵᠢᠩᠬᠢᠨᠢ ᠪᠠᠷ ᠠᠶᠠᠯᠠᠯ ᠨᠡᠪᠲᠡᠷᠡᠵᠦ᠂ ᠦᠨᠳᠡᠭᠡᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠲᠠᠭᠤᠰᠴᠤ ᠴᠦᠬᠦᠷᠦᠮ ᠬᠠᠭᠠᠯᠭ᠎ᠠ ᠪᠠᠨ ᠬᠠᠭᠠᠵᠤ ᠤᠰᠤ ᠬᠠᠳᠠᠭᠠᠯᠠᠵᠤ᠂ ᠪᠠᠯᠭ᠎ᠠ ᠶᠡᠭᠡ ᠬᠥᠭᠦᠷᠭᠡ ᠶᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠪᠡ᠃ ᠴᠢᠴᠢᠬᠠᠷ ︵ᠬᠠᠷᠠᠮᠦ᠋ᠷᠡᠨ ᠮᠤᠵᠢ︶ ᠠᠴᠠ ᠷᠠᠰᠢᠶᠠᠨ ᠬᠦᠷᠬᠦ ᠵᠢᠭᠤᠯᠴᠢᠯᠠᠯ ᠤᠨ ᠵᠠᠰᠠᠮᠠᠯ ᠵᠠᠮ ᠤᠨ ᠵᠢᠩ ᠰᠢᠩ ᠠᠴᠠ ᠷᠠᠰᠢᠶᠠᠨ ᠵᠠᠯᠠᠶᠢᠳ ᠤᠨ ᠵᠠᠭᠠᠭ ᠬᠦᠷᠬᠦ ᠬᠡᠰᠡᠭ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷᠢᠯᠭ᠎ᠠ ᠳᠠᠭᠤᠰᠴᠤ᠂ ᠮᠠᠯᠵᠢᠬᠤ ᠲᠠᠷᠢᠶᠠᠯᠠᠬᠤ ᠣᠷᠣᠨ ᠤ 116 ᠺᠢᠯᠣᠮᠧᠲᠷ ᠵᠠᠰᠠᠮᠠᠯ ᠵᠠᠮ ᠢ ᠰᠢᠨ᠎ᠡ ᠪᠠᠷ ᠪᠠᠶᠢᠭᠤᠯᠵᠤ ᠥᠭᠡᠷᠡᠴᠢᠯᠡᠨ ᠪᠠᠶᠢᠭᠤᠯᠪᠠ᠃ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠳᠡᠰ ᠳᠡᠪᠰᠢᠭᠦᠯᠬᠦ ᠠᠵᠢᠯ ᠢ ᠬᠡᠷᠡᠭᠵᠢᠭᠦᠯᠵᠦ᠂ ᠦᠨᠳᠡᠭᠡᠨ᠂ ᠶᠦᠩ ᠯᠢᠨ ᠠᠮᠢᠳᠤ ᠪᠣᠳᠠᠰ ᠤᠨ 66 ᠺᠢᠯᠤᠸᠤᠯᠲ᠂ ᠪᠠᠳᠠᠢ ᠶᠢᠨ 66 ᠺᠢᠯᠤᠸᠤᠯᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠵᠡᠷᠭᠡ ᠴᠠᠬᠢᠯᠭᠠᠨ ᠬᠦᠴᠦᠨ ᠤ ᠢᠨᠵᠧᠨᠧᠷᠢᠩ ᠢ 79 ᠺᠢᠯᠤᠸᠤᠯᠲ ᠢ ᠠᠬᠢᠭᠤᠯᠵᠤ᠂ 2 ᠬᠦᠴᠦᠳᠡᠯ ᠥᠭᠡᠷᠡᠴᠢᠯᠡᠬᠦ ᠥᠷᠲᠡᠭᠡ ᠶᠢ ᠰᠢᠨ᠎ᠡ ᠪᠠᠷ ᠪᠠᠶᠢᠭᠤᠯᠵᠤ᠂ ᠴᠠᠬᠢᠯᠭᠠᠨ ᠬᠦᠴᠦᠨ ᠤ ᠪᠠᠲᠤᠯᠠᠭ᠎ᠠ ᠶᠢᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ 5G ᠤᠨ ᠰᠠᠭᠤᠷᠢ ᠥᠷᠲᠡᠭᠡ ᠶᠢ 264 ᠪᠠᠶᠢᠭᠤᠯᠵᠤ᠂ ᠴᠠᠬᠢᠯᠭᠠᠨ ᠬᠤᠯᠪᠣᠭ᠎ᠠ ᠶᠢᠨ ᠡᠵᠡᠩᠨᠡᠯᠲᠡ ᠪᠠ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠢ ᠲᠦᠷᠭᠡᠨ ᠬᠥᠭᠵᠢᠭᠦᠯᠪᠡ᠃    ᠡᠨᠡ ᠨᠢᠭᠡ ᠵᠢᠯ ᠳᠤ᠂ ᠠᠷᠠᠳ ᠤᠨ ᠠᠮᠢᠳᠤᠷᠠᠯ ᠤᠨ ᠦᠢᠯᠡᠰ ᠰᠢᠨ᠎ᠡ ᠳᠠᠪᠰᠢᠯᠲᠠ ᠲᠠᠢ ᠪᠣᠯᠪᠠ᠃ ᠨᠡᠶᠢᠭᠡᠮ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠭᠠᠳ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠬᠤ ᠪᠦᠷᠬᠦᠴᠡ ᠶᠢᠨ ᠨᠣᠷᠮ᠎ᠠ ᠶᠢ ᠪᠥᠬᠦ ᠠᠶᠢᠮᠠᠭ ᠤᠨ ᠲᠡᠷᠢᠭᠦᠨ ᠳᠤ ᠣᠷᠣᠭᠤᠯᠪᠠ᠃ ︽ᠬᠤᠶᠠᠷ ᠮᠥᠩᠭᠦ ᠭᠤᠷᠪᠠᠨ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ 500 ᠭᠠᠷᠤᠶ  ᠬᠦᠯᠦᠰᠦᠨ ᠠᠵᠢᠯᠴᠢᠨ ᠤ 900 ᠭᠠᠷᠤᠶ ᠲᠦᠮᠡᠨ ᠲᠥᠭᠦᠷᠢᠭ ᠤᠨ ᠴᠠᠯᠢᠩ  ᠢ ᠨᠡᠬᠡᠮᠵᠢᠯᠡᠨ ᠠᠪᠴᠢᠷᠠᠵᠤ ᠥᠭᠴᠡᠢ᠃ ︽ᠨᠠᠰᠤᠲᠠᠶᠢᠴᠤᠳ ᠪᠠ ᠨᠢᠯᠬᠠᠰ︾ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ︽ᠨᠠᠰᠤᠲᠠᠨ ᠢᠶᠠᠨ ᠲᠤᠰᠠᠯᠠᠬᠤ ᠬᠤᠯᠪᠣᠭ᠎ᠠ︾ ᠶᠢᠨ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠵᠠᠭᠪᠤᠷ ᠢ ᠰᠦᠪᠡᠭᠴᠢᠯᠡᠨ ᠳᠡᠯᠭᠡᠷᠡᠭᠦᠯᠵᠦ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠥᠷᠲᠡᠭᠡ 15᠂ ᠬᠡᠦᠭᠡᠳ ᠪᠠᠭᠠᠴᠤᠳ ᠤᠨ ᠭᠡᠷ ᠢ 2 ᠪᠠᠶᠢᠭᠤᠯᠪᠠ᠃ ᠬᠤᠲᠠ ᠪᠠᠯᠭᠠᠰᠤᠨ ᠤ 1303 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠭᠠᠳᠠᠭᠰᠢ ᠰᠢᠯᠵᠢᠭᠦᠯᠦᠨ ᠠᠵᠢᠯ ᠣᠯᠭᠤᠵᠤ᠂ 23189 ᠬᠥᠮᠦᠨ ︵ᠤᠳᠠᠭ᠎ᠠ︶ ᠢ ᠭᠠᠳᠠᠭᠰᠢ ᠰᠢᠯᠵᠢᠭᠦᠯᠦᠨ ᠠᠵᠢᠯ ᠣᠯᠭᠤᠪᠠ᠃ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠤᠨ ᠰᠢᠯᠢᠳᠡᠭᠵᠢᠯ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠤᠭᠡᠳ᠂ ᠬᠤᠲᠠ ᠪᠠᠯᠭᠠᠰᠤᠨ ᠤ ᠠᠯᠪᠠᠨ ᠠᠴᠠ ᠡᠷᠭᠢᠯᠡᠭᠰᠡᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠥᠲᠥᠭᠡᠨ ᠪᠠᠶᠢᠭᠤᠯᠤᠯᠲᠠ ᠶᠢ ᠥᠷᠭᠡᠳᠬᠡᠨ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ 98% ᠳᠤ ᠬᠦᠷᠴᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ 100% ᠳᠤ ᠬᠥᠷᠪᠡ᠃ ᠡᠩ ᠤᠨ ᠳᠡᠭᠡᠳᠦ ᠰᠤᠷᠭᠠᠭᠤᠯᠢ ᠶᠢᠨ ᠰᠢᠯᠭᠠᠯᠳᠠ ᠰᠢᠨ᠎ᠡ ᠰᠢᠪᠳᠤᠯᠤᠯᠳᠠ ᠲᠠᠢ ᠪᠤᠯᠵᠤ᠂ ᠢᠨᠳᠡᠷ ᠲᠠᠬᠢ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠠᠩᠬᠠᠳᠤᠭᠠᠷ ᠬᠤᠭᠤᠴᠠᠭᠠᠨ ᠤ ᠳᠡᠭᠡᠳᠦ ᠰᠤᠷᠭᠠᠭᠤᠯᠢ ᠶᠢᠨ ᠰᠢᠯᠭᠠᠯᠳᠠ ᠶᠢᠨ ᠵᠢᠩᠬᠢᠨᠢ ᠠᠩᠭᠢ ᠳᠤ ᠣᠷᠣᠭᠰᠠᠨ ᠨᠣᠷᠮ᠎ᠠ 100% ᠳᠤ ᠬᠦᠷᠴᠡᠢ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠰᠢᠨ᠎ᠡ ᠶᠢ ᠡᠭᠦᠳᠦᠨ ᠬᠥᠭᠵᠢᠵᠦ᠂ ᠣᠷᠣᠨ ᠤ ᠲᠠᠰ ᠤᠨ ᠵᠢᠱᠢᠶ᠎ᠡ ᠦᠵᠡᠭᠦᠯᠬᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠨᠢ ᠰᠢᠯᠭᠠᠨ ᠠᠪᠬᠤ ᠱᠠᠲᠤᠨ ᠳᠤ ᠣᠷᠣᠪᠠ᠃ ︽ᠡᠷᠡᠭᠦᠯ ᠡᠩᠬᠡ ᠵᠠᠯᠠᠶᠢᠳ︾ ᠤᠨ ᠠᠵᠢᠯᠯᠠᠭ᠎ᠠ ᠶᠢ ᠬᠡᠷᠡᠭᠵᠢᠭᠦᠯᠵᠦ᠂ ᠡᠷᠡᠭᠦᠯ ᠡᠩᠬᠡ ᠶᠢᠨ ᠨᠢᠭᠡᠴᠢ 67᠂ ᠡᠷᠡᠭᠦᠯ ᠡᠩᠬᠡ ᠬᠡᠷ ᠪᠦᠯᠢ ᠶᠢ 294 ᠡᠭᠦᠳᠦᠨ ᠪᠠᠶᠢᠭᠤᠯᠪᠠ᠃ ᠬᠤᠰᠢᠭᠤᠨ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢ 2 ᠪᠠᠶᠢᠭᠤᠯᠵᠤ᠂ 8 ᠵᠦᠢᠯ ᠤᠨ ᠰᠢᠨ᠎ᠡ ᠮᠡᠷᠭᠡᠵᠢᠯ ᠢ ᠥᠷᠨᠢᠭᠦᠯᠤᠭᠡᠳ᠂ 6 ᠭᠤᠤᠯᠳᠠᠯᠭ᠎ᠠ ᠲᠠᠢ ᠲᠤᠰᠬᠠᠶ ᠮᠡᠷᠭᠡᠵᠢᠯ ᠤᠨ ᠰᠠᠯᠠᠭ᠎ᠠ ᠶᠢ ᠪᠠᠶᠢᠭᠤᠯᠪᠠ᠃ ᠪᠥᠬᠦ ᠠᠶᠢᠮᠠᠭ ᠤᠨ ᠠᠩᠬᠠᠳᠠᠭᠴᠢ ᠡᠷᠡᠭᠦᠯ ᠢ ᠰᠠᠬᠢᠬᠤ ᠲᠥᠪ ᠢ ᠠᠰᠢᠭᠯᠠᠯᠲᠠ ᠳᠤ ᠣᠷᠣᠭᠤᠯᠤᠨ᠂ ᠬᠢᠲᠠᠳ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠡᠪᠡᠳᠴᠢᠲᠡᠨ ᠤ ᠥᠷᠥᠭᠡ᠂ ᠬᠡᠦᠬᠡᠳ ᠤᠨ ᠡᠮᠨᠡᠯᠭᠡ ᠶᠢᠨ ᠬᠤᠷᠢᠶ᠎ᠠ᠂ ᠠᠷᠠᠳ ᠤᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ ᠤᠨ ᠭᠤᠤᠯ ᠪᠠᠷᠢᠯᠭ᠎ᠠ ᠶᠢᠨ ᠠᠵᠢᠯ ᠢ ᠲᠠᠭᠤᠰᠬᠠᠵᠤ᠂ ᠮᠣᠩᠭᠤᠯ ᠡᠮ ᠡᠮᠨᠡᠯᠭᠡ ᠶᠢᠨ ᠰᠤᠳᠤᠯᠤᠨ ᠨᠡᠭᠡᠭᠡᠬᠦ ᠲᠥᠪ ᠢ ᠰᠢᠨ᠎ᠡ ᠪᠠᠷ ᠪᠠᠶᠢᠭᠤᠯᠪᠠ᠃ ᠦᠨᠳᠦᠰᠦᠲᠡᠨ ᠤ ᠪᠦᠯᠬᠦᠮᠳᠡᠯ ᠤᠨ ᠦᠢᠯᠡᠰ ᠪᠥᠬᠦ ᠲᠠᠯ᠎ᠠ ᠪᠠᠷ ᠳᠠᠪᠰᠢᠭᠠᠳ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠤᠯᠤᠭᠠᠨ ᠲᠠᠯ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠦ᠂ ︽ᠲᠦᠩ ᠰᠢᠨ ᠲᠠᠯᠠᠪᠠᠶ︾᠂ ︽ᠲᠦᠩ ᠰᠢᠨ ᠴᠡᠴᠡᠷᠯᠢᠭ︾ ᠵᠡᠷᠭᠡ ᠠᠴᠢᠶᠠᠯᠠᠪᠤᠷᠢ ᠶᠢᠨ ᠪᠠᠶᠢᠭᠤᠯᠤᠯᠲᠠ ᠶᠢ ᠪᠣᠳᠠᠲᠠᠶᠢᠵᠢᠭᠤᠯᠵᠤ᠂ ︽ᠨᠢᠭᠡ ᠪᠠᠯᠭᠠᠰᠤ ᠨᠢᠭᠡ ᠪᠦᠲᠦᠭᠡᠭᠳᠡᠬᠦᠨ︾ ᠵᠡᠷᠭᠡ ᠨᠠᠷᠠᠲᠤ ᠲᠥᠷᠥᠯ ᠲᠡᠮᠳᠡᠭᠲᠦ ᠶᠢᠨ ᠠᠷᠭ᠎ᠠ ᠬᠢᠳᠡᠯ ᠢ ᠪᠤᠢ ᠪᠤᠯᠭᠠᠪᠠ᠃ ︽ᠨᠠᠮ ᠤᠨ ᠠᠴᠢ ᠳᠤ ᠳᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠬᠥᠷᠰᠢ ᠵᠡᠷᠭᠡᠯᠡᠳᠡᠭᠡ ᠶᠢᠨ ᠬᠢᠨ ᠬᠠᠷᠢᠯᠴᠠᠨ ᠬᠠᠪᠰᠤᠷᠤᠯᠴᠠᠬᠤ᠂ ᠠᠵᠢᠯ ᠣᠯᠭᠤᠯᠲᠠ ᠶᠢᠨ ᠪᠣᠯᠪᠠᠰᠤᠷᠠᠯ ᠵᠡᠷᠭᠡ ᠠᠵᠢᠯᠯᠠᠭ᠎ᠠ ᠶᠢ 1200 ᠤᠳᠠᠭ᠎ᠠ ᠵᠣᠬᠢᠶᠠᠨ ᠪᠠᠶᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ︽ᠡᠷᠦᠬᠡ ᠬᠤᠯᠪᠣᠭᠠᠯᠠᠨ ᠰᠡᠳᠬᠢᠯ ᠨᠢᠭᠡᠳᠬᠦ︾ ᠠᠵᠢᠯᠯᠠᠭ᠎ᠠ ᠶᠢ ᠥᠷᠨᠢᠭᠦᠯᠵᠦ᠂ 2.5 ᠲᠦᠮᠡᠨ ᠤᠳᠠᠭ᠎ᠠ ᠡᠷᠦᠭᠡ ᠪᠠᠷ ᠬᠦᠷᠴᠦ ᠲᠦᠷᠦ ᠶᠢᠨ ᠪᠤᠳᠤᠯᠭ᠎ᠠ ᠶᠢ ᠤᠬᠠᠭᠤᠯᠵᠤ᠂ ᠭᠠᠴᠠᠭ᠎ᠠ ᠲᠣᠰᠬᠤᠨ ᠤ ᠪᠠᠶᠢᠳᠠᠯ ᠠᠷᠠᠳ ᠤᠨ ᠰᠠᠨᠠᠭ᠎ᠠ ᠶᠢ 3100 ᠵᠤᠷᠪᠤᠰ ᠴᠤᠭᠯᠠᠭᠤᠯᠵᠤ᠂ 2100 ᠪᠣᠳᠠᠲᠠᠢ ᠬᠦᠴᠢᠷᠳᠡᠯ ᠢ ᠰᠢᠢᠳᠪᠦᠷᠢᠯᠡᠪᠡ᠃    ᠡᠨᠡ ᠨᠢᠭᠡ ᠵᠢᠯ ᠳᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠰᠢᠨ᠎ᠡ ᠠᠮᠵᠢᠯᠲᠠ ᠣᠯᠪᠠ᠃    ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮᠵᠢᠭᠦᠯᠦᠨ ᠵᠠᠰᠠᠬᠤ ᠶᠢ ᠨᠢᠭᠡᠳᠦᠯᠲᠡᠶ ᠲᠥᠯᠥᠪᠯᠡᠵᠦ᠂ ︽ᠤᠮᠠᠷᠠᠲᠤ ᠶᠢᠨ ᠭᠤᠷᠪᠠᠨ ᠤᠷᠤᠨ︾ ᠤ ᠬᠠᠯᠬᠠᠪᠴᠢ ᠣᠶ ᠶᠢᠨ ᠲᠥᠷᠥᠯ ᠵᠦᠢᠯ ᠢ 6.46 ᠲᠦᠮᠡᠨ ᠮᠥ ᠨᠠᠶᠢᠳᠠᠪᠤᠷᠢᠵᠢᠭᠤᠯᠵᠤ᠂ 1.64 ᠲᠦᠮᠡᠨ ᠰᠠᠭᠤᠷᠢ ᠰᠢᠳ ᠢ ᠳᠠᠷᠢᠵᠤ᠂ 4.4 ᠲᠦᠮᠡᠨ ᠮᠥ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠠᠵᠢᠯ ᠢ ᠬᠡᠷᠡᠭᠵᠢᠭᠦᠯᠪᠡ᠃ ᠲᠡᠮᠡᠭᠡᠴᠢ ᠬᠠᠮᠠᠭᠠᠯᠠᠯᠲᠠ ᠶᠢᠨ ᠣᠷᠣᠨ ᠤ ᠬᠡᠪᠴᠢᠶ᠎ᠡ ᠪᠠ ᠴᠢᠳᠠᠮᠵᠢᠲᠤ ᠣᠷᠣᠨ ᠳᠤ ᠲᠣᠬᠢᠷᠠᠭᠤᠯᠤᠯᠲᠠ ᠬᠢᠵᠦ᠂ ︽ᠬᠤᠶᠢᠳᠤ ᠨᠠᠢᠮᠠᠨ ᠰᠤᠮᠤ ᠰᠢᠶᠠᠩ︾ ᠤᠨ ᠭᠠᠵᠠᠷ ᠣᠷᠣᠨ ᠤ ᠦᠢᠯᠡᠳᠪᠦᠷᠢᠯᠡᠯ ᠠᠮᠢᠳᠤᠷᠠᠯ ᠤᠨ ᠠᠮᠢ ᠠᠬᠤᠶ ᠶᠢᠨ ᠨᠢᠭᠡᠳᠦᠯᠲᠡᠶ ᠪᠦᠲᠦᠭᠡᠨ ᠪᠠᠶᠢᠭᠤᠯᠤᠯᠲᠠ ᠶᠢᠨ ᠲᠥᠰᠦᠯ ᠢ ᠨᠠᠶᠢᠷᠠᠭᠤᠯᠤᠨ ᠵᠣᠬᠢᠶᠠᠵᠤ᠂ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠥᠷᠥᠯ ᠵᠦᠢᠯ ᠢ 43 ᠵᠦᠢᠯ ᠰᠦᠪᠡᠭᠴᠢᠯᠡᠵᠡᠢ᠃ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ 80 ᠵᠤᠷᠪᠤᠰ ᠵᠢᠵᠢᠭ ᠰᠠᠪᠠ ᠭᠠᠵᠠᠷ ᠢ 20 ᠲᠡᠭᠰᠢ ᠳᠥᠷᠪᠡᠯᠵᠢᠨ ᠺᠢᠯᠣᠮᠧᠲᠷ ᠵᠠᠰᠠᠵᠤ ᠂ ᠡᠷᠭᠢ ᠶᠢᠨ ᠲᠤᠬᠤᠢ᠂ ᠬᠠᠳᠠᠬᠢᠨ ᠭᠤᠣᠯ ᠤᠨ ᠵᠠᠮ ᠢ ᠵᠠᠰᠠᠬᠤ ᠭᠤᠣᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠵᠦ ᠂ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ ᠵᠢᠱᠢᠶ᠎ᠡ ᠦᠵᠡᠭᠦᠯᠬᠦ ᠬᠤᠰᠢᠭᠤ ᠰᠢᠶᠠᠨ ᠢᠶᠠᠷ ᠦᠨᠡᠯᠡᠭᠳᠡᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠭᠠᠳᠠᠭᠰᠢᠯᠠᠭᠤᠯᠬᠤ 61 ᠠᠵᠤ ᠠᠬᠤᠶᠢᠯᠠᠯ ᠢ ᠭᠦᠨᠵᠡᠭᠡᠶ ᠵᠠᠰᠠᠵᠤ᠂ ᠪᠥᠬᠦ ᠵᠢᠯ ᠤᠨ ᠰᠢᠯᠢᠳᠡᠭ ᠲᠤᠩᠭᠠᠯᠠᠭ ᠡᠳᠦᠷ ᠤᠨ ᠲᠤᠭ᠎ᠠ ᠶᠢᠨ ᠡᠵᠡᠯᠡᠬᠦ ᠬᠠᠷᠢᠴᠠᠯ ᠢ 97.2% ᠢᠶᠠᠷ ᠪᠡᠶᠡᠯᠡᠭᠦᠯᠪᠡ᠃ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠵᠤ᠂ 110 ᠲᠦᠮᠡᠨ ᠮᠥ ᠪᠣᠬᠢᠷᠲᠤᠯ ᠥᠬᠡᠶ ᠪᠠᠷ ᠰᠡᠷᠭᠡᠶᠢᠯᠡᠨ ᠡᠵᠡᠮᠳᠡᠬᠦ᠂ 72 ᠲᠦᠮᠡᠨ ᠮᠥ ᠨᠢᠭᠡᠳᠦᠯᠲᠡᠶ ᠰᠡᠷᠭᠡᠶᠢᠯᠡᠨ ᠵᠠᠰᠠᠬᠤ ᠶᠢ ᠬᠡᠷᠡᠭᠵᠢᠭᠦᠯᠵᠦ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 90% ᠠᠴᠠ ᠳᠡᠭᠡᠭᠰᠢ ᠳᠤ ᠬᠦᠷᠭᠡᠪᠡ᠃    ᠡᠨᠡ ᠨᠢᠭᠡ ᠵᠢᠯ ᠳᠤ᠂ ᠨᠡᠶᠢᠭᠡᠮ ᠤᠨ ᠶᠡᠭᠡ ᠲᠠᠯ᠎ᠠ ᠳᠤ ᠰᠢᠨ᠎ᠡ ᠪᠠᠶᠢᠳᠠᠯ ᠢᠯᠡᠷᠡᠪᠡ᠃ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠤᠯᠤᠰ ᠲᠦᠷᠦ᠂ ᠦᠨᠳᠦᠰᠦᠲᠡᠨ᠂ ᠠᠵᠤ ᠠᠬᠤᠢ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠶᠢ ᠪᠠᠷᠢᠮᠳᠠᠯᠠᠵᠠᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠷᠠᠭᠤᠯᠵᠤ᠂ ᠬᠤᠲᠠ ᠪᠠᠯᠭᠠᠰᠤ ᠶᠢᠨ ᠰᠢᠲᠠᠮᠠᠬᠠᠶ ᠬᠡᠢ᠂ ᠡᠵᠡᠩᠨᠡᠯᠲᠡ ᠶᠢᠨ ᠴᠢᠨᠠᠷᠲᠠᠶ ᠥᠪᠡᠰᠦᠪᠡᠨ ᠪᠠᠶᠢᠭᠤᠯᠤᠭᠰᠠᠨ ᠭᠡᠷ ᠪᠠᠶᠢᠰᠢᠩ᠂ ᠨᠡᠭᠦᠷᠡᠰᠦᠨ ᠤ ᠪᠤᠰᠤ ᠠᠭᠤᠷᠬᠠᠶ᠂ ᠢᠳᠡᠭᠡᠨ ᠤ ᠠᠮᠤᠷ ᠲᠦᠪᠰᠢᠨ ᠵᠡᠷᠭᠡ ᠣᠯᠠᠨ ᠬᠦᠷᠢᠶ᠎ᠡ ᠴᠠᠷᠠᠭ᠎ᠠ ᠳᠠᠬᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠂ ᠠᠶᠤᠯᠭᠦᠢ ᠦᠢᠯᠡᠳᠪᠦᠷᠢᠯᠡᠯ ᠤᠨ ᠬᠦᠨᠳᠦ ᠲᠤᠮᠤ ᠡ᠊ᠨᠳᠡᠯ ᠭᠠᠷᠤᠭᠰᠠᠨ ᠦᠭᠡᠶ ᠃ ᠤᠳᠤᠷᠢᠳᠬᠤ ᠺᠠᠳ᠋ᠷ ᠤᠨ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠳᠣᠷᠣᠭᠰᠢ ᠪᠠᠭᠤᠵᠤ ᠰᠤᠷᠪᠤᠯᠵᠢᠯᠠᠬᠤ᠂ ᠬᠡᠷᠡᠭ ᠢ ᠳᠠᠭᠠᠭᠠᠴᠢᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠬᠠᠮᠲᠤᠷᠠᠨ ᠰᠢᠢᠳᠪᠤᠷᠢᠯᠡᠵᠦ ᠲᠤᠰᠢᠶᠠᠨ ᠰᠢᠢᠳᠪᠦᠷᠢᠯᠡᠭᠦᠯᠦᠭᠰᠡᠨ ᠳᠠᠪᠬᠤᠷᠳᠠᠭᠰᠠᠨ ᠵᠠᠬᠢᠳᠠᠯ ᠰᠤᠷᠪᠤᠯᠵᠢᠯᠠᠯ ᠤᠨ ᠵᠦᠢᠯᠡᠰ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠢ ᠬᠠᠮᠲᠤᠷᠠᠨ ᠰᠢᠢᠳᠪᠦᠷᠢᠯᠡᠵᠦ ᠲᠤᠰᠢᠶᠠᠨ ᠰᠢᠢᠳᠪᠦᠷᠢᠯᠡᠭᠦᠯᠦᠭᠰᠡᠨ ᠬᠡᠷᠡᠭ ᠢ ᠪᠦᠬᠦᠨ ᠢ ᠰᠢᠢᠳᠪᠦᠷᠢᠯᠡᠵᠦ᠂ ᠠᠵᠢᠯ ᠮᠡᠷᠭᠡᠵᠢᠯ ᠤᠨ ᠣᠨ ᠤ ᠮᠥᠩᠭᠦ ᠲᠤᠰᠢᠶᠠᠭᠠᠳᠤᠢ ᠠᠷᠠᠳ ᠤᠨ ᠠᠮᠢᠳᠤᠷᠠᠯ ᠤᠨ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠪᠡ᠃ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠲᠦᠷᠢᠮ ᠢ ᠪᠣᠳᠠᠲᠠᠶᠢᠵᠢᠭᠤᠯᠵᠤ᠂ ᠳᠡᠭᠡᠭᠰᠢ ᠪᠠᠨ ᠨᠡᠪᠲᠡᠷᠡᠭᠦᠯᠬᠦ ᠪᠠ ᠳᠣᠷᠣᠭᠰᠢ ᠪᠠᠨ ᠬᠤᠯᠪᠣᠬᠤ ᠲᠣᠭᠲᠠᠴᠠ ᠶᠢ ᠨᠡᠪᠳᠡᠷᠡᠭᠦᠯᠵᠡᠢ᠃ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢ ᠭᠦᠢᠴᠡᠳᠬᠡᠬᠦ ᠶᠢ ᠴᠢᠩᠭᠠᠳᠬᠠᠵᠤ᠂ ︽ᠳᠥᠷᠪᠡᠨ ᠨᠣᠷᠮ᠎ᠠ︾ ᠶᠢᠨ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃    ᠡᠭᠦᠨ ᠠᠴᠠ ᠭᠠᠳᠠᠨ᠎ᠠ᠂ ᠴᠠᠭ ᠠᠭᠤᠷ᠂ ᠬᠠᠩᠭᠠᠨ ᠪᠣᠷᠣᠯᠠᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠪᠠᠶᠢᠭᠤᠯᠭ᠎ᠠ ᠶᠢᠨ ᠶᠠᠪᠤᠳᠠᠯ ᠵᠡᠷᠭᠡ ᠠᠵᠢᠯ ᠰᠢᠨ᠎ᠡ ᠠᠮᠵᠢᠯᠲᠠ ᠣᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠠ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠡᠯ᠎ᠡ ᠵᠦᠢᠯ ᠤᠨ ᠠᠵᠢᠯ ᠦᠢᠯᠡᠰ ᠰᠢᠨ᠎ᠡ ᠬᠥᠭᠵᠢᠯᠲᠡ ᠶᠢ ᠪᠡᠶᠡᠯᠡᠭᠦᠯᠪᠡ᠃    ᠡᠨᠡ ᠨᠢᠭᠡ ᠵᠢᠯ ᠳᠤ᠂ ᠵᠠᠰᠠᠭ ᠤᠨ ᠣᠷᠳᠣᠨ ᠤ ᠪᠠᠶᠢᠭᠤᠯᠤᠯᠲᠠ ᠰᠢᠨ᠎ᠡ ᠳᠡᠭᠲᠡᠷ ᠲᠤ ᠭᠠᠷᠪᠠ᠃ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠨᠠᠮ ᠤᠨ ᠰᠤᠷᠲᠠᠯ ᠴᠢᠬᠡᠴᠢ ᠵᠠᠰᠠᠭ  ᠤᠨ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠭᠦᠢᠴᠡᠳᠬᠡᠵᠦ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠠᠰᠠᠭᠤᠳᠠᠯ ᠢ ᠰᠠᠶᠢᠳᠤᠷ ᠰᠢᠢᠳᠪᠦᠷᠢᠯᠡᠵᠦ᠂ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠠᠷᠠᠳ ᠤᠨ ᠠᠮᠢᠳᠤᠷᠠᠯ ᠤᠨ 118 ᠠᠰᠠᠭᠤᠳᠠᠯ ᠢ ᠰᠢᠢᠳᠪᠦᠷᠢᠯᠡᠪᠡ᠃ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ ᠵᠣᠬᠢᠰᠲᠠᠢ ᠬᠡᠪᠴᠢᠶᠡᠨ ᠳᠤ ᠬᠢᠵᠠᠭᠠᠷᠯᠠᠪᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠠᠬᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠦᠷᠭᠦᠯᠵᠢᠯᠡᠨ ᠪᠠᠬᠢᠵᠢᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠪᠠ ᠠᠵᠢᠯ ᠤᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠬᠠᠤᠯᠢ ᠶᠣᠰᠣᠭᠠᠷ ᠬᠡᠷᠡᠭᠵᠢᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ 30 ᠬᠤᠪᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 72 ᠬᠤᠪᠢ ᠭᠦᠢᠴᠡᠳᠬᠡᠵᠦ ᠂ ᠬᠠᠨᠤᠮᠵᠢ ᠶᠢᠨ ᠨᠣᠷᠮ᠎ᠠ ᠨᠢ ᠴᠥᠮ 100% ᠳᠤ ᠬᠥᠷᠪᠡ᠃    ᠲᠥᠯᠥᠭᠡᠯᠡᠭᠴᠢᠳ ᠡ︕    ᠥᠩᠭᠡᠷᠡᠭᠰᠡᠨ ᠨᠢᠭᠡ ᠵᠢᠯ ᠳᠤ᠂ ᠪᠢᠳᠡ ᠪᠦᠲᠦᠭᠡᠯᠴᠢ ᠴᠢᠨᠠᠷᠲᠠᠢ ᠪᠠᠷ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠠᠩᠬ᠎ᠠ ᠡᠬᠢᠯᠡᠮᠡᠭᠴᠡ ᠰᠢᠢᠳᠪᠦᠷᠢᠲᠦ ᠳᠠᠶᠢᠯᠠᠯᠳᠤᠭᠠᠨ ᠬᠢᠬᠦ ᠮᠡᠳᠦ᠂ ᠠᠯᠬᠤᠮ ᠡᠬᠢᠯᠡᠮᠡᠭᠴᠡ ᠰᠢᠪᠲᠤᠯᠤᠯᠲᠠ ᠬᠢᠵᠦ᠂ ᠰᠠᠶᠢᠨ ᠰᠠᠶᠢᠬᠠᠨ ᠥᠭᠡᠳᠡᠯᠡᠨ ᠲᠠᠪᠰᠢᠬᠤ ᠪᠠᠷ ᠴᠢᠷᠮᠠᠶᠢᠵᠤ᠂ ᠤᠷᠢᠳ ᠬᠤᠵᠢᠳ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠵᠡᠷᠭᠡ ︽ᠤᠯᠤᠰ ᠤᠨ ᠨᠡᠷᠡᠳᠦ︾ ᠲᠡᠮᠳᠡᠭᠳᠦ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠡᠮᠡᠭᠳᠡᠯ ᠬᠤᠷᠤᠭᠳᠠᠯ ᠲᠠᠢ ᠨᠢ ᠬᠤᠯᠪᠣᠭᠳᠠᠭᠤᠯᠬᠤ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠵᠦ ᠬᠤᠬᠢᠷᠠᠯ ᠢ ᠪᠠᠭᠠᠰᠬᠠᠬᠤ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ᠂ ᠨᠠᠰᠤᠵᠢᠯ ᠤᠨ ᠠᠰᠠᠷᠠᠮᠵᠢ ᠶᠢᠨ ᠠᠵᠢᠯ ᠵᠡᠷᠭᠡ ᠤᠯᠠᠨ ᠠᠷᠪᠢᠨ ︽ᠣᠷᠣᠨ ᠤ ᠲᠡᠮᠲᠡᠭᠳᠦ︾ ᠶᠢᠨ ᠨᠡᠶᠢᠲᠡᠯᠢᠭ ᠴᠢᠨᠠᠷᠳᠠᠢ ᠲᠤᠷᠰᠢᠯᠭ᠎ᠠ ᠰᠣᠯᠢᠯᠴᠠᠬᠤ ᠲᠤᠬᠠᠢ ᠶᠢᠨ ᠲᠠᠯᠠᠪᠠᠢ ᠶᠢᠨ ᠬᠤᠷᠠᠯ ᠢ ᠳᠠᠭᠠᠭᠠᠴᠢᠯᠠᠨ ᠡᠷᠬᠢᠯᠡᠪᠡ᠃ ᠡᠲᠡᠭᠡᠷ ᠠᠮᠵᠢᠯᠲᠠ ᠪᠦᠲᠦᠮᠵᠢ ᠶᠢᠨ ᠭᠤᠤᠯ ᠦᠨᠳᠦᠰᠦ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ   ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠮᠵᠢ ᠳᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ ᠂ ᠰᠢᠨᠵᠢᠯᠡᠬᠦ ᠤᠬᠠᠭᠠᠨᠴᠢ ᠰᠢᠢᠳᠪᠤᠷᠢᠳᠦ ᠪᠣᠳᠣᠯᠭ᠎ᠠ ᠶᠢᠨ ᠦᠷ᠎ᠡ ᠳ᠋ᠦᠩ ᠮᠥᠨ ᠂ ᠬᠤᠰᠢᠭᠤᠨ ᠤ ᠨᠠᠮ ᠤᠨ ᠬᠤᠷᠢᠶᠠᠨ ᠤ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠳᠡᠮᠵᠢᠯᠭᠡ ᠶᠢᠨ ᠦᠷ᠎ᠡ ᠳ᠋ᠦᠩ ᠮᠥᠨ᠂ ᠪᠥᠬᠦ ᠬᠤᠰᠢᠭᠤᠨ ᠤ ᠡᠯ᠎ᠡ ᠱᠠᠲᠤᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠢᠷᠭᠠᠭᠤ ᠬᠠᠲᠠᠭᠤᠵᠢᠯᠲᠠᠶ ᠠᠵᠢᠯᠯᠠᠭᠰᠠᠨ ᠤ ᠦᠷ᠎ᠡ ᠳ᠋ᠦᠩ ᠮᠥᠨ᠃ ᠡ᠊ᠨᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠵᠢᠴᠢ ᠵᠠᠯᠠᠶᠢᠳ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕    ᠡᠭᠦᠨ ᠤ ᠬᠠᠮᠲᠤ᠂ ᠪᠠᠰᠠ ᠵᠠᠷᠢᠮ ᠵᠥᠷᠢᠶ᠎ᠡ ᠪᠣᠯᠤᠨ ᠬᠦᠷᠦᠯᠴᠡᠬᠦ ᠦᠭᠡᠶ ᠲᠠᠯ᠎ᠠ ᠪᠠᠨ ᠰᠡᠷᠭᠡᠭ ᠢᠶᠠᠷ ᠣᠯᠵᠤ ᠦᠵᠡᠬᠦ ᠬᠡᠷᠡᠭᠲᠡᠶ᠃ ᠵᠢᠱᠢᠶᠡᠯᠡᠪᠡᠯ᠂ ᠲᠠᠷᠢᠶᠠᠯᠠᠩ ᠮᠠᠯ ᠠᠵᠤ ᠠᠬᠤᠶ ᠶᠢᠨ ᠪᠠᠭᠲᠠᠭᠠᠮᠵᠢ ᠶᠡᠭᠡ ᠮᠥᠷᠲᠡᠭᠡᠨ ᠴᠢᠩᠭ᠎ᠠ ᠪᠢᠰᠢ᠂ ᠪᠦᠲᠦᠴᠡ ᠰᠤᠯᠠ ᠮᠥᠷᠲᠡᠭᠡᠨ ᠲᠥᠪᠯᠡᠷᠡᠩᠭᠦᠢ ᠪᠤᠰᠤ᠂ ᠰᠦᠯᠵᠢᠶ᠎ᠡ ᠭᠡᠯᠬᠢᠶ᠎ᠡ ᠤᠬᠤᠷ ᠮᠦᠷᠳᠡᠭᠡᠨ ᠤᠷᠳᠤ ᠪᠤᠰᠤ᠂ ᠲᠥᠷᠥᠯ ᠲᠡᠮᠳᠡᠭ ᠬᠤᠯᠢᠮᠠᠭ ᠮᠦᠷᠳᠡᠭᠡᠨ ᠤᠬᠢᠯᠢᠭ ᠪᠢᠰᠢ ᠠᠰᠠᠭᠤᠳᠠᠯ ᠬᠠᠷᠢᠴᠠᠩᠭᠤᠶ ᠪᠠᠷ ᠲᠣᠪᠤᠶᠢᠮ᠎ᠠ ᠪᠠᠶᠢᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠳᠤ ᠪᠠᠰᠠ ᠮᠠᠰᠢ ᠤᠷᠲᠤ ᠵᠠᠮ ᠶᠠᠪᠤᠬᠤ ᠬᠡᠷᠡᠭᠲᠡᠶ᠃ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠪᠠᠭ᠎ᠠ ᠪᠤᠰᠤ ᠲᠤᠳᠠᠭᠤᠳᠠᠯ  ᠲᠠᠢ ᠪᠠᠶᠢᠵᠤ᠂ ᠡᠪᠦᠯ ᠤᠨ ᠤᠯᠠᠷᠢᠯ ᠳᠤ ᠳᠤᠯᠠᠭᠠᠯᠠᠭ᠎ᠠ ᠬᠠᠩᠭᠠᠬᠤ ᠠᠰᠠᠭᠤᠳᠠᠯ ᠤᠨ ᠲᠤᠬᠠᠶ ᠣᠯᠠᠨ ᠲᠦᠮᠡᠨ ᠤ ᠲᠤᠰᠬᠠᠯ ᠨᠡᠯᠢᠶᠡᠳ ᠲᠥᠪᠯᠡᠷᠡᠵᠦ ᠪᠠᠶᠢᠨ᠎ᠠ᠃ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠲᠠᠨᠢᠯᠳᠠ᠂ ᠰᠡᠳᠬᠢᠬᠦᠶ ᠶᠢᠨ ᠠᠷᠭ᠎ᠠ ᠬᠡᠯᠪᠡᠷᠢ᠂ ᠦᠢᠯᠡ ᠠᠵᠢᠯᠯᠠᠭ᠎ᠠ ᠶᠢᠨ ᠣᠶᠢᠯᠠᠭᠠᠭᠳᠠᠬᠤᠨ ᠨᠢ ᠪᠠᠰᠠ ᠨᠡᠯᠢᠶᠡᠳ ᠬᠡᠪᠰᠢᠷᠡᠵᠦ᠂ ᠠᠷᠪᠢᠯᠠᠨ ᠭᠠᠮᠨᠠᠬᠤ ᠤᠬᠠᠮᠰᠠᠷ ᠴᠢᠩᠭ᠎ᠠ ᠪᠤᠰᠤ᠂ ᠣᠪᠣᠷ ᠰᠤᠷᠲᠠᠯ ︽ᠤᠳᠠᠭᠠᠨ ᠪᠦᠳᠦᠭᠦᠯᠢᠭ ᠬᠡᠶᠢᠰᠪᠤᠷᠢ︾ ᠠᠰᠠᠭᠤᠳᠠᠯ ᠵᠠᠷᠢᠮᠠᠳ ᠢᠯᠡᠷᠡᠵᠦ ᠪᠠᠶᠢᠬᠤ ᠵᠡᠷᠭᠡ ᠦᠵᠡᠭᠳᠡᠯ ᠪᠠᠶᠢᠨ᠎ᠠ᠃ ᠡᠭᠦᠨ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠬᠢᠨᠠᠮᠠᠭᠠᠶ ᠰᠤᠳᠤᠯᠤᠨ ᠰᠢᠢᠳᠪᠦᠷᠢᠯᠡᠬᠦ ᠬᠡᠷᠡᠭᠲᠡᠶ᠃    ᠬᠤᠶᠠᠷ᠂ 2024 ᠣᠨ ᠤ ᠭᠤᠣᠯ ᠠᠵᠢᠯ ᠤᠨ ᠲᠣᠬᠢᠷᠠᠭᠤᠯᠤᠯᠲᠠ    ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠤᠯᠤᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠪᠣᠯᠤᠨ᠎ᠠ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠤᠯᠤᠨ ᠬᠤᠰᠢᠭᠤᠨ ᠤ ᠨᠠᠮ ᠤᠨ ᠬᠤᠷᠢᠶ᠎ᠠ ᠤᠷᠢᠳ ᠬᠤᠵᠢᠳ ᠠᠯᠢ ᠣᠯᠠᠨ ᠴᠢᠬᠤᠯᠠ ᠬᠤᠷᠠᠯ ᠬᠤᠷᠠᠯᠳᠤᠭᠤᠯᠵᠤ᠂ ᠡᠨᠡ ᠵᠢᠯ ᠤᠨ ᠠᠵᠢᠯ ᠳᠤ ᠰᠢᠰᠲ᠋ᠧᠮ ᠲᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠶᠡᠷᠦᠩᠬᠡᠶ ᠱᠠᠭᠠᠷᠳᠠᠯᠭ᠎ᠠ ᠨᠢ ᠭᠡᠪᠡᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ᠂ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠪᠤᠯᠤᠨ ᠬᠤᠰᠢᠭᠤᠨ ᠤ ᠨᠠᠮ ᠤᠨ ᠬᠤᠷᠢᠶ᠎ᠠ ᠶᠢᠨ ︵ᠦᠷᠭᠡᠳᠭᠡᠭᠰᠡᠨ︶ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠦᠨ᠂ ︽ᠭᠤᠷᠪᠠ ᠶᠢ ᠲᠣᠭᠲᠠᠪᠤᠷᠢᠵᠢᠭᠤᠯᠵᠤ ᠲᠠᠪᠤ ᠶᠢ ᠣᠷᠣᠭᠤᠯᠬᠤ︾ ᠶᠢ ᠨᠠᠶᠢᠳᠠᠪᠤᠷᠢᠵᠢᠭᠤᠯᠵᠤ᠂ ᠠᠵᠤ ᠦᠢᠯᠡᠰ ᠢ ᠠᠳᠬᠤᠨ ᠲᠥᠷᠥᠯ ᠵᠦᠢᠯ ᠢ ᠠᠳᠬᠤᠨ ᠠᠷᠠᠳ ᠤᠨ ᠠᠮᠢᠳᠤᠷᠠᠯ ᠢ ᠠᠳᠬᠤᠨ ᠠᠮᠤᠷ ᠲᠦᠪᠰᠢᠨ ᠢ ᠠᠳᠬᠤᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ︽ᠰᠢᠨ᠎ᠡ ᠵᠠᠮ ᠢ ᠨᠡᠭᠡᠭᠡᠬᠦ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠳᠤ ᠬᠦᠷᠬᠦ ᠳᠤ ᠵᠠᠯᠠᠶᠢᠳ ᠤᠨ ᠬᠦᠴᠦᠨ ᠴᠢᠳᠠᠯ ᠢᠶᠠᠨ ᠡᠷᠭᠦᠨ᠎ᠡ᠃ᠦᠨᠦ ᠵᠢᠯ ᠤᠨ ᠠᠵᠤ ᠠᠬᠤᠶ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ ᠠᠳᠠᠯᠢ ᠬᠤᠭᠤᠴᠠᠭᠠᠨ ᠤ ᠬᠢ ᠠᠴᠠ 6% ᠠᠴᠠ ᠳᠡᠭᠡᠭᠰᠢ ᠨᠡᠮᠡᠭᠳᠡᠭᠦᠯᠦᠨ᠎ᠡ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 50% ᠠᠴᠠ ᠳᠡᠭᠡᠭᠰᠢ ᠨᠡᠮᠡᠭᠳᠡᠭᠦᠯᠦᠨ᠎ᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠪᠠ ᠵᠠᠷᠤᠯᠭ᠎ᠠ ᠶᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 3% ᠪᠠ 5% ᠪᠠᠷ ᠨᠡᠮᠡᠭᠳᠡᠭᠦᠯᠦᠨ᠎ᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠪᠠᠷ ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢ 4% ᠪᠠᠷ ᠨᠡᠮᠡᠭᠳᠡᠭᠦᠯᠦᠨ᠎ᠡ᠃ ᠰᠠᠭᠤᠭᠠᠯᠢ ᠠᠷᠠᠳ ᠤᠨ ᠣᠷᠣᠯᠭ᠎ᠠ ᠬᠢᠭᠡᠳ ᠠᠵᠤ ᠠᠬᠤᠢ ᠶᠢᠨ ᠨᠡᠮᠡᠭᠳᠡᠯ ᠢ ᠦᠨᠳᠦᠰᠦᠨ ᠳᠤ ᠪᠠᠨ ᠠᠳᠠᠯᠢ ᠠᠯᠬᠤᠮ ᠳᠤ ᠬᠦᠷᠭᠡᠨ᠎ᠡ᠃    ᠬᠠᠷᠠᠯᠲᠠ ᠨᠢᠭᠡᠨᠲᠡ ᠲᠣᠳᠣᠷᠬᠠᠢ ᠪᠣᠯᠪᠠ᠂ ᠪᠢᠳᠡᠨ ᠤ ᠬᠢᠬᠦ ᠴᠢᠬᠤᠯᠠᠳᠠᠢ ᠵᠦᠢᠯ ᠪᠤᠯ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠡᠷᠡ ᠬᠡᠪ ᠢᠶᠠᠷ ᠨᠢ ᠠᠳᠬᠤᠵᠤ ᠨᠠᠶᠢᠳᠠᠪᠤᠷᠢᠵᠢᠭᠤᠯᠤᠨ᠂ ᠪᠤᠰᠢᠭᠤ ᠱᠠᠯᠠᠮᠠᠭᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠨᠡᠨ ᠢ ᠪᠠᠷᠢᠮᠲᠠᠯᠠᠨ ᠪᠣᠳᠠᠲᠠᠢ ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠣᠷᠢᠭᠲᠠᠢ ᠪᠠᠷ ᠬᠢᠵᠦ ᠴᠢᠳᠠᠮᠠᠭᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠳᠣᠤᠷᠠᠬᠢ ᠠᠵᠢᠯ ᠤᠳ ᠢ ᠰᠠᠶᠢᠲᠤᠷ ᠬᠢᠵᠡᠭᠡᠶ᠎ᠡ᠃    ︵ᠨᠢᠭᠡ︶ ᠲᠦᠷᠦᠯ ᠵᠦᠢᠯ ᠪᠠᠶᠢᠭᠤᠯᠵᠤ ᠪᠡᠯᠡ ᠤᠷᠤᠭᠤᠯᠤᠯᠲᠠ ᠶᠢ ᠴᠢᠩᠭᠠᠥᠨᠬᠠᠵᠤ᠂ ᠪᠦᠬᠦ ᠬᠦᠴᠦᠨ ᠢᠶᠠᠷ ᠠᠵᠤ ᠠᠬᠤᠢ ᠶᠢᠨ ᠨᠡᠮᠡᠭᠳᠡᠯ ᠢ ᠲᠤᠭᠳᠠᠪᠤᠷᠢᠵᠢᠭᠤᠯᠤᠨ᠎ᠠ    ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠰᠠᠶᠢᠲᠤᠷ ᠠᠳᠬᠤᠨ᠎ᠠ᠃ ᠠᠵᠠ ᠲᠣᠬᠢᠶᠠᠯ ᠢ ᠠᠮᠵᠢᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠠᠰᠢᠭᠯᠠᠨ ᠪᠠᠯᠠ ᠣᠷᠣᠭᠤᠯᠤᠯᠲᠠ ᠶᠢᠨ ᠨᠡᠮᠡᠭᠳᠡᠯ ᠢ ᠠᠬᠢᠭᠤᠯᠵᠤ᠂ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾᠂ ᠲᠡᠭᠦᠨᠴᠢᠯᠡᠨ ᠵᠡᠭᠦᠨ ᠬᠤᠶᠢᠳᠤ ᠤᠷᠤᠨ ᠢ ᠪᠦᠬᠦ ᠲᠠᠯ᠎ᠠ ᠪᠠᠷ ᠬᠦᠭᠵᠢᠬᠦᠯᠬᠦ᠂ ᠪᠠᠷᠠᠭᠤᠨ ᠤᠷᠤᠨ ᠢ ᠶᠡᠭᠡᠪᠡᠷ ᠨᠡᠭᠡᠭᠡᠨ ᠬᠦᠭᠵᠢᠬᠦᠯᠬᠦ᠂ ︽ᠤᠮᠠᠷᠠᠳᠤ ᠶᠢᠨ ᠭᠤᠷᠪᠠᠨ ᠤᠷᠤᠨ︾ ᠤ ᠢᠨᠵᠧᠨᠧᠷᠢᠩ ᠢ ᠪᠠᠭᠢᠵᠢᠭᠦᠯᠬᠦ ᠵᠡᠷᠭᠡ ᠠᠰᠢᠭᠳᠠᠢ ᠲᠦᠷᠦ ᠶᠢᠨ ᠪᠤᠳᠤᠯᠭ᠎ᠠ ᠵᠢᠴᠢ ᠬᠠᠮᠢᠶᠠᠳᠠᠢ ᠪᠤᠳᠤᠯᠭ᠎ᠠ ᠶᠢ ᠬᠢᠨᠠᠮᠠᠭᠠᠢ ᠰᠤᠳᠤᠯᠵᠤ᠂ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠴᠢᠩᠭ᠎ᠠ ᠠᠩᠬᠠᠷᠴᠤ᠂ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠤᠷᠤᠨ ᠪᠠᠶᠢᠷᠢ ᠪᠠᠨ ᠤᠯᠵᠤ ᠲᠥᠷᠥ ᠶᠢᠨ ᠪᠣᠳᠣᠯᠭ᠎ᠠ ᠶᠢ ︽ᠴᠠᠭᠠᠰᠤᠨ ᠳᠡᠭᠡᠷ᠎ᠡ︾ ᠠᠴᠠ ᠪᠣᠳᠠᠲᠠᠶ ᠲᠥᠷᠥᠯ ᠵᠦᠢᠯ ᠳᠡᠭᠡᠷ᠎ᠡ ᠨᠠᠶᠢᠳᠠᠪᠤᠷᠢᠵᠢᠭᠤᠯᠬᠤ ᠶᠢ ᠦᠨᠡᠨ ᠬᠦ ᠪᠠᠳᠤᠯᠠᠨ᠎ᠠ᠃ ᠤᠰᠤᠨ ᠠᠰᠢᠭᠯᠠᠯᠲᠠ ᠶᠢᠨ ᠶᠠᠮᠤᠨ ᠤ ᠳᠤᠷᠠᠳᠤᠭᠰᠠᠨ ︽ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠩᠭᠠᠨ ᠠᠶᠢᠮᠠᠭ ᠤᠨ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ ᠬᠥᠭᠵᠢᠯᠲᠡ ᠶᠢ ᠠᠬᠢᠭᠤᠯᠬᠤ︾ ᠳᠤ ᠴᠢᠭᠯᠡᠭᠦᠯᠦᠨ᠂ ᠪᠢᠳᠡ 202.25 ᠲᠦᠮᠡᠨ ᠮᠥ ᠪᠥᠬᠦ ᠴᠠᠷᠠᠭᠠᠨ ᠤ ᠤᠰᠤᠯᠠᠯᠲᠠ ᠶᠢᠨ ᠣᠷᠣᠨ ᠤ ᠲᠥᠷᠥᠯ ᠵᠦᠢᠯ ᠢ ᠭᠤᠤᠯᠳᠠᠯᠭ᠎ᠠ ᠲᠠᠢ ᠠᠬᠢᠭᠤᠯᠬᠤ ᠪᠠ ᠲᠡᠮᠡᠴᠡᠨ ᠣᠯᠣᠨ᠎ᠠ᠃ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠳᠤᠷᠠᠳᠤᠭᠰᠠᠨ ︽ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠪᠦᠬᠦ ᠬᠤᠰᠢᠭᠤ ︵ᠰᠢᠶᠠᠨ︶  ᠪᠠᠷ ᠢᠶᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢ ᠳᠥᠯᠭᠢᠨ ᠠᠬᠢᠭᠤᠯᠬᠤ︾ ᠠᠵᠢᠯ ᠳᠤ ᠴᠢᠭᠯᠡᠭᠦᠯᠦᠨ᠂ ᠪᠢᠳᠡ ᠲᠠᠷᠢᠶᠠᠯᠠᠩ ᠤᠨ ᠤᠰᠤ ᠠᠷᠪᠢᠯᠠᠬᠤ ᠠᠵᠢᠯ ᠢ ᠰᠠᠶᠢᠲᠤᠷ ᠬᠢᠵᠦ᠂ ᠡᠭᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ ᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠠᠶᠢᠭᠤᠯᠵᠤ᠂ 340 ᠲᠦᠮᠡᠨ ᠮᠦ ᠬᠠᠷ᠎ᠠ ᠬᠦᠷᠦᠰᠦ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠪᠤᠰᠤᠳ ᠲᠦᠭᠡᠮᠡᠯ ᠬᠠᠷᠠᠭᠠᠯᠵᠠᠯ ᠤᠨ ᠴᠢᠨᠠᠷᠲᠠᠢ ᠲᠦᠷᠦ ᠶᠢᠨ ᠪᠤᠳᠤᠯᠭ᠎ᠠ ᠳᠤ ︽ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ︾᠂ ︽ᠵᠣᠬᠢᠰᠲᠠᠢ ᠬᠡᠷᠡᠭᠵᠢᠭᠦᠯᠬᠦ︾ ᠶᠢ ᠪᠡᠶᠡᠯᠡᠭᠦᠯᠵᠦ᠂ ᠲᠦᠷᠦ ᠶᠢᠨ ᠪᠤᠳᠤᠯᠭ᠎ᠠ ᠶᠢᠨ ᠦᠷ᠎ᠡ ᠪᠦᠲᠦᠮᠵᠢ ᠶᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠦᠨ᠎ᠡ᠃    ᠪᠦᠲᠦᠮᠵᠢᠲᠡᠶ ᠪᠡᠯᠡ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠨ᠎ᠡ᠃ᠴᠢᠬᠤᠯᠠ ᠶᠡᠭᠡ ᠲᠥᠷᠥᠯ ᠵᠦᠢᠯ ᠢᠶᠠᠷ ᠬᠥᠲᠥᠯᠦᠮᠵᠢ ᠪᠣᠯᠭᠠᠬᠤ ᠪᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠰᠢᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠢᠨᠳᠡᠷ ᠶᠡᠭᠡ ᠬᠥᠭᠦᠷᠭᠡ᠂ ᠤᠯᠤᠰ ᠤᠨ ᠵᠠᠮ ᠤᠨ 608 ᠱᠤᠭᠤᠮ ᠤᠨ ᠢᠨᠳᠡᠷ ᠪᠠᠯᠭᠠᠰᠤᠨ ᠠᠴᠠ ᠵᠧᠨ ᠯᠠᠢ ︵ᠭᠢᠷᠢᠨ ᠮᠤᠵᠢ︶ ᠬᠦᠷᠬᠦ ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ᠂ ᠪᠠᠷᠠᠭᠠᠨ ᠤ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠲᠥᠪ᠂ ᠬᠠᠳᠠᠬᠢᠨ ᠭᠤᠣᠯ ᠤᠨ ᠵᠠᠰᠠᠯᠲᠠ ᠵᠡᠷᠭᠡ ᠨᠢᠭᠡ ᠪᠦᠯᠦᠭ ᠴᠢᠬᠤᠯᠠ ᠶᠡᠭᠡ ᠰᠠᠭᠤᠷᠢ ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡ᠂ ᠠᠵᠤ ᠦᠢᠯᠡᠰ ᠤᠨ ᠬᠥᠭᠵᠢᠯᠲᠡ ᠶᠢᠨ ᠲᠦᠷᠦᠯ ᠵᠦᠢᠯ ᠢ ᠤᠨᠢᠨ ᠳᠡᠭᠡᠷ᠎ᠡ ᠨᠢ ᠰᠦᠪᠡᠭᠴᠢᠯᠡᠵᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠥᠷᠭᠡᠳᠬᠡᠨ᠎ᠡ᠃ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ 72 ᠬᠡᠷᠡᠭᠵᠢᠭᠦᠯᠵᠦ᠂ ᠵᠢᠯ ᠳᠤ 60 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ ᠤᠨ 200 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠪᠣᠬᠢᠷᠲᠤᠯ ᠥᠬᠡᠶ ᠮᠧᠲ᠋ᠢᠯ ᠠᠯᠺᠣᠤᠯ᠂ ᠷᠠᠰᠢᠶᠠᠨ ᠵᠠᠯᠠᠶᠢᠳ ᠤᠨ ᠵᠠᠭᠠᠭ ᠤᠨ ᠵᠠᠰᠠᠮᠠᠯ ᠵᠠᠮ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ᠂ 31.25 ᠲᠦᠮᠡᠨ ᠮᠥ ᠦᠨᠳᠡᠭᠡᠨ ᠴᠦᠭᠦᠷᠦᠮ ᠤᠨ ᠳᠣᠤᠷᠠᠳᠤ ᠤᠷᠤᠰᠬᠠᠯ ᠤᠨ ᠤᠰᠤᠯᠠᠯᠲᠠ ᠶᠢᠨ ᠣᠷᠣᠨ ᠵᠡᠷᠭᠡ ᠢᠨᠵᠧᠨᠧᠷᠢᠩ ᠢ ᠠᠬᠢᠭᠤᠯᠵᠤ᠂ ᠡᠮᠦᠨᠡᠬᠢ ᠬᠤᠭᠤᠴᠠᠭᠠᠨ ᠤ ᠭᠠᠷᠳᠠᠮ ᠢ ᠲᠦᠷᠭᠡᠨ ᠬᠢᠨᠠᠨ ᠵᠥᠪᠰᠢᠶᠡᠷᠡᠵᠦ᠂ ᠪᠥᠬᠦ ᠦᠶᠡᠯᠡᠯ ᠤᠨ ᠬᠤᠭᠤᠴᠠᠭᠠᠨ ᠳᠤ ᠪᠥᠬᠦ ᠬᠦᠴᠦᠨ ᠵᠦᠢᠯ ᠢᠶᠠᠷ ᠠᠵᠢᠯᠴᠢᠨ ᠬᠡᠷᠡᠭᠯᠡᠬᠦ ᠳᠤ ᠬᠡᠷᠡᠭᠯᠡᠬᠦ ᠭᠠᠵᠠᠷ ᠤᠨ ᠪᠠᠲᠤᠯᠠᠭ᠎ᠠ ᠶᠢ ᠰᠠᠶᠢᠲᠤᠷ ᠬᠢᠵᠦ᠂ ᠲᠥᠷᠥᠯ ᠵᠦᠢᠯ ᠤᠨ ᠶᠠᠰᠤ ᠴᠢᠨᠠᠷ ᠪᠠ ᠪᠠᠯᠠ ᠣᠷᠣᠭᠤᠯᠤᠯᠲᠠ ᠶᠢᠨ ᠶᠡᠷᠦᠩᠬᠡᠶ ᠬᠡᠮᠵᠢᠶ᠎ᠡ ᠶᠢᠨ ︽ᠬᠤᠣᠰ ᠳᠡᠭᠡᠭᠰᠢᠯᠡᠯᠲᠡ︾ ᠶᠢ ᠠᠬᠢᠭᠤᠯᠤᠨ᠎ᠠ᠃ ︽ᠶᠠᠮᠤᠨ ᠬᠦᠷᠬᠦ ᠲᠢᠩᠬᠢᠮ ᠳᠤ ᠣᠴᠢᠬᠤ︾ ᠡᠷᠴᠢᠮ ᠢᠶᠠᠨ ᠴᠢᠩᠭᠠᠷᠠᠭᠤᠯᠵᠤ᠂ ︽ᠮᠥᠰᠥ ᠬᠠᠭᠠᠯᠬᠤ ᠠᠵᠢᠯᠯᠠᠭ᠎ᠠ︾ ᠶᠢ ᠥᠷᠨᠢᠭᠦᠯᠦᠨ᠂ ᠳᠡᠭᠡᠳᠦ ᠱᠠᠲᠤᠨ ᠠᠴᠠ ᠪᠠᠯᠠ ᠮᠥᠩᠭᠦ ᠣᠯᠵᠤ ᠰᠢᠨ᠎ᠡ ᠰᠢᠪᠲᠤᠯᠤᠯᠲᠠ ᠲᠠᠢ ᠪᠣᠯᠭᠠᠵᠤ᠂ ᠡᠩ ᠤᠨ ᠵᠢᠭᠡᠯᠡᠯᠭᠡ ᠶᠢᠨ ᠲᠡᠮᠳᠡᠭᠲᠦ ᠪᠠ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 3 ᠳ᠋ᠦᠩᠰᠢᠭᠤᠷ ᠲᠥᠭᠦᠷᠢᠭ ᠠᠴᠠ ᠳᠡᠭᠡᠭᠰᠢ ᠪᠤᠳᠠᠳᠠᠶᠢᠵᠢᠭᠤᠯᠤᠨ᠎ᠠ᠃    ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠠᠵᠢᠯ ᠢ ᠪᠤᠵᠠᠭᠠᠶᠢᠷᠠᠭᠤᠯᠤᠨ ᠰᠢᠯᠢᠳᠡᠭᠵᠢᠭᠦᠯᠦᠨ᠎ᠡ᠃ ︽ᠮᠦ ᠪᠦᠷᠢ ᠶᠢᠨ ᠭᠠᠷᠤᠯᠲᠠ ᠪᠠᠷ ᠦᠷᠢᠰᠦᠯᠳᠦᠬᠦ︾ ᠶᠢ ᠪᠠᠷᠢᠮᠲᠠᠯᠠᠵᠤ᠂ ︽ᠡᠪᠦᠯ ᠬᠠᠪᠤᠷ ᠤᠨ ᠳᠠᠭᠠᠷᠢᠯᠲᠠ︾᠂ ︽ᠨᠡᠷ᠎ᠡ ᠮᠡᠳᠡᠭᠦᠯᠵᠦ ᠬᠤᠰᠢᠭᠤᠴᠢᠯᠠᠨ ᠮᠤᠷᠳᠠᠬᠤ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠮᠢᠬᠠᠨ ᠦᠬᠡᠷ᠂ ᠮᠢᠬᠠᠨ ᠬᠤᠨᠢ᠂ ᠤᠰᠤᠨ ᠲᠤᠲᠤᠷᠭ᠎ᠠ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠰᠠᠭᠤᠷᠢᠨ ᠳᠡᠭᠡᠷ᠎ᠡ᠂ ᠡᠷᠳᠡᠨᠢ ᠰᠢᠰᠢ ᠶᠢ ᠨᠠᠷᠢᠯᠢᠭ ᠡᠳ᠋ᠰᠢᠭᠦᠯᠬᠦ ᠪᠦᠬᠦ ᠠᠵᠤ ᠦᠢᠯᠡᠰ ᠤᠨ ᠬᠡᠯᠬᠢᠶ᠎ᠡ ᠶᠢᠨ ᠠᠷᠠᠯᠵᠢᠶᠠᠴᠢᠨ ᠤᠷᠢᠬᠤ ᠶᠢ ᠭᠤᠣᠯᠳᠠᠯᠭ᠎ᠠ ᠲᠠᠢ ᠥᠷᠨᠢᠭᠦᠯᠵᠦ᠂ ᠠᠷᠠᠯᠵᠢᠶᠠᠴᠢᠨ ᠤᠷᠢᠬᠤ ᠬᠠᠷᠠᠯᠲᠠᠲᠤ ᠠᠵᠤ ᠠᠬᠤᠶᠢᠯᠠᠯ ᠤᠨ ᠬᠥᠮᠥᠷᠭᠡ᠂ ᠲᠥᠷᠥᠯ ᠵᠦᠢᠯ ᠤᠨ ᠬᠥᠮᠥᠷᠭᠡ᠂ ᠲᠤᠭ᠎ᠠ ᠪᠠᠷᠢᠮᠲᠠ ᠶᠢᠨ ᠬᠥᠮᠥᠷᠭᠡ ᠶᠢ ᠨᠠᠷᠢᠯᠢᠭ ᠪᠣᠯᠪᠠᠰᠤᠷᠠᠭᠤᠯᠵᠤ᠂ ᠠᠷᠠᠯᠵᠢᠶᠠᠴᠢᠨ ᠤᠷᠢᠵᠤ ᠪᠡᠯᠡ ᠮᠦᠩᠭᠦ ᠣᠷᠣᠭᠤᠯᠤᠨ ᠠᠪᠴᠢᠷᠠᠬᠤ ᠰᠠᠭᠤᠷᠢ ᠠᠵᠢᠯ ᠢ ᠪᠠᠲᠤᠳᠬᠠᠨ᠂ ᠣᠨᠣᠪᠴᠢ ᠶᠢᠨ ᠬᠡᠮᠵᠢᠶ᠎ᠡ ᠪᠠ ᠠᠮᠵᠢᠯᠲᠠ ᠣᠯᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠠᠷᠠᠯᠵᠢᠶᠠᠴᠢᠨ ᠤᠷᠢᠵᠤ ᠪᠡᠯᠡ ᠮᠦᠩᠭᠦ ᠣᠷᠣᠭᠤᠯᠤᠨ ᠠᠪᠴᠢᠷᠠᠬᠤ ᠤᠯᠤᠰ ᠤᠨ ᠳᠣᠲᠣᠭᠠᠳᠤ ᠶᠢᠨ ᠪᠠ ᠣᠷᠣᠨ ᠤ ᠭᠠᠳᠠᠨᠠᠬᠢ ᠪᠣᠳᠠᠲᠠᠶᠢᠵᠢᠭᠤᠯᠤᠭᠰᠠᠨ ᠪᠡᠯᠡ ᠮᠥᠩᠭᠦ 30 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 55% ᠪᠠᠷ ᠨᠡᠮᠡᠭᠳᠡᠵᠦ᠂ ᠳ᠋ᠦᠩᠰᠢᠭᠤᠷ ᠲᠥᠭᠦᠷᠢᠭ ᠢ ᠳᠠᠪᠠᠭᠰᠠᠨ ᠲᠥᠷᠥᠯ ᠵᠦᠢᠯ 3᠂ ᠮᠢᠩᠭᠠᠨ ᠲᠦᠮᠡᠨ ᠲᠥᠭᠦᠷᠢᠭ ᠢ ᠳᠠᠪᠠᠭᠰᠠᠨ ᠲᠥᠷᠥᠯ ᠵᠦᠢᠯ 8 ᠶᠢ ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ ︽ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ ᠶᠡᠷᠦᠩᠬᠡᠶ ᠬᠡᠮᠵᠢᠶ᠎ᠡ᠂ ᠶᠡᠭᠡ ᠬᠦᠴᠦᠷᠬᠡᠭ ᠲᠦᠷᠦᠯ ᠵᠦᠢᠯ ᠢ ᠡᠯᠰᠡᠨ ᠤᠷᠤᠭᠤᠯᠬᠤ ᠂ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢᠨ ᠨᠣᠷᠮ᠎ᠠ︾ ᠶᠢ ᠭᠤᠷᠪᠠᠨ ᠳᠠᠬᠢᠨ ᠢᠶᠠᠷ ᠨᠡᠮᠡᠭᠳᠡᠭᠦᠯᠬᠦ ᠶᠢ ᠪᠡᠶᠡᠯᠡᠭᠦᠯᠦᠨ᠎ᠡ᠃    ︵ᠬᠤᠶᠠᠷ︶ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ ᠬᠠᠮᠠᠭᠠᠯᠠᠯᠲᠠ ᠶᠢ ᠡᠷᠴᠢᠯᠡᠵᠦ ᠪᠣᠬᠢᠷᠲᠤᠯ ᠦᠭᠡᠢ ᠬᠥᠭᠵᠢᠯᠲᠡ ᠶᠢᠨ ᠳᠠᠪᠠᠭᠤᠯᠢᠭ ᠢ ᠪᠠᠳᠠᠷᠠᠭᠤᠯᠤᠨ᠎ᠠ    ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯᠴᠢ ᠴᠡᠨᠡᠭ ᠢ ᠨᠢᠭᠡ ᠴᠤᠭᠴᠠᠵᠢᠭᠤᠯᠬᠤ ᠢᠨᠵᠧᠨᠧᠷᠢᠩ ᠢ ᠰᠠᠶᠢᠲᠤᠷ ᠠᠳᠬᠤᠵᠤ᠂ ᠪᠥᠬᠦ ᠨᠡᠶᠢᠭᠡᠮ ᠢᠶᠠᠷ ᠢᠶᠠᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠳᠤ ᠣᠷᠣᠯᠴᠠᠬᠤ ᠶᠢ ᠢᠳᠡᠪᠬᠢᠲᠡᠶ ᠠᠬᠢᠭᠤᠯᠵᠤ᠂ ᠰᠢᠨ᠎ᠡ ᠡᠨᠧᠷᠭᠢ ᠶᠢᠨ ᠬᠥᠭᠵᠢᠯᠲᠡ ᠬᠢᠭᠡᠳ ᠠᠮᠢ ᠠᠬᠤᠶ ᠶᠢᠨ ᠵᠠᠰᠠᠯᠲᠠ ᠶᠢ ᠵᠣᠬᠢᠴᠠᠯᠳᠤᠭᠤᠯᠤᠨ ᠠᠬᠢᠭᠤᠯᠵᠤ᠂ ᠥᠨᠳᠥᠷ ᠦᠷ᠎ᠡ ᠪᠦᠲᠦᠮᠵᠢᠲᠡᠶ ᠨᠢᠭᠡᠳᠬᠡᠬᠦ ᠶᠢ ᠴᠢᠷᠮᠠᠶᠢᠨ ᠪᠡᠶᠡᠯᠡᠭᠦᠯᠦᠨ᠎ᠡ᠃ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠵᠤ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ᠂ ᠣᠶ ᠰᠢᠭᠤᠶ ᠨᠤᠳᠤᠭ ᠪᠡᠯᠴᠢᠭᠡᠷ ᠤᠨ ᠳᠠᠷᠤᠭ᠎ᠠ ᠶᠢᠨ ᠲᠦᠷᠢᠮ ᠢ ᠭᠦᠨᠵᠡᠭᠡᠶᠢᠷᠡᠭᠦᠯᠦᠨ᠂ ᠦᠪᠡᠷᠳᠡᠭᠡᠨ ᠵᠠᠰᠠᠬᠤ ᠤᠷᠤᠨ ᠤ ᠨᠤᠳᠤᠭ ᠪᠡᠯᠴᠢᠭᠡᠷ ᠤᠨ ᠬᠡᠳᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠬᠦ ᠲᠤᠷᠰᠢᠯᠳᠠ ᠶᠢᠨ ᠴᠡᠭ ᠤᠨ ᠪᠠᠶᠢᠭᠤᠯᠤᠯᠳᠠ ᠶᠢ ᠬᠡᠷᠡᠭᠵᠢᠭᠦᠯᠵᠦ᠂ ᠵᠢᠯ ᠤᠨ ᠰᠡᠭᠦᠯᠴᠢ ᠠᠴᠠ ᠡᠮᠦᠨ᠎ᠡ ᠮᠠᠯ ᠪᠡᠯᠴᠢᠭᠡᠷ ᠤᠨ ᠲᠡᠩᠴᠡᠭᠦᠷᠢ ᠶᠢᠨ ᠵᠢᠭᠠᠯᠲᠠ ᠲᠤᠭ᠎ᠠ ᠶᠢ 10% ᠠᠴᠠ ᠳᠣᠷᠣᠭᠰᠢ ᠪᠣᠯᠲᠠᠯ᠎ᠠ ᠪᠠᠭᠠᠰᠬᠠᠵᠤ᠂ ᠨᠤᠲᠤᠭ ᠪᠡᠯᠴᠢᠭᠡᠷ ᠤᠨ ᠤᠷᠭᠤᠮᠠᠯ ᠬᠤᠴᠢᠯᠭ᠎ᠠ ᠶᠢᠨ ᠪᠦᠷᠬᠦᠴᠡ ᠶᠢ 72.8% ᠳᠤ ᠬᠦᠷᠭᠡᠵᠦ᠂ ᠬᠡᠲᠦ ᠮᠠᠯᠵᠢᠯ ᠤᠨ ᠠᠰᠠᠭᠤᠳᠠᠯ ᠢ ᠪᠦᠲᠦᠮᠵᠢᠲᠡᠶ ᠰᠢᠢᠳᠪᠤᠷᠢᠯᠡᠨ᠎ᠡ᠃ ︽ᠵᠢᠷᠭᠤᠭᠠᠨ ᠬᠤᠪᠢᠷᠠᠭᠤᠯᠤᠯᠲᠠ ᠶᠢ ᠠᠬᠢᠭᠤᠯᠬᠤ︾ ᠪᠠᠷ ᠳᠠᠮᠵᠢᠨ ︽ᠬᠤᠶᠢᠳᠤ ᠨᠠᠢᠮᠠᠨ ᠰᠤᠮᠤ ᠰᠢᠶᠠᠩ︾ ᠤᠨ ᠭᠠᠵᠠᠷ ᠣᠷᠣᠨ ᠤ ᠦᠢᠯᠡᠳᠪᠤᠷᠢᠯᠡᠯ ᠠᠮᠢᠳᠤᠷᠠᠯ ᠠᠮᠢ ᠠᠬᠤᠶ ᠶᠢᠨ ᠨᠢᠭᠡᠳᠦᠯᠲᠡᠶ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠳᠥᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠰᠢᠷᠣᠶ ᠶᠢ ᠬᠡᠮᠵᠢᠨ ᠨᠠᠶᠢᠷᠠᠯᠭ᠎ᠠ ᠲᠠᠢ ᠪᠣᠷᠲᠣᠭᠤᠷ ᠣᠷᠣᠭᠤᠯᠬᠤ ᠶᠢ 450 ᠲᠦᠮᠡᠨ ᠮᠥ ᠳᠡᠯᠭᠡᠷᠡᠭᠦᠯᠦᠨ᠂ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠲᠠᠬᠢᠨ ᠬᠤᠷᠢᠶᠠᠨ ᠠᠪᠬᠤ ᠶᠢ ᠳᠥᠯᠭᠢᠨ ᠠᠬᠢᠭᠤᠯᠵᠤ᠂ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠴᠤ ᠲᠠᠷᠢᠶᠠᠨ ᠭᠠᠵᠠᠷ ᠠᠴᠠ ᠰᠠᠯᠭᠠᠬᠤ ᠨᠣᠷᠮ᠎ᠠ ᠶᠢ 85% ᠳᠤ ᠬᠦᠷᠦᠭᠦᠯᠦᠨ᠎ᠡ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ︽ᠤᠮᠠᠷᠠᠲᠤ ᠶᠢᠨ ᠭᠤᠷᠪᠠᠨ ᠤᠷᠤᠨ︾ ᠤ ᠬᠠᠯᠬᠠᠪᠴᠢ ᠣᠶ ᠶᠢᠨ ᠢᠨᠵᠧᠨᠧᠷᠢᠩ ᠢ 1.35 ᠲᠦᠮᠡᠨ ᠮᠥ ᠪᠤᠯᠭᠠᠵᠤ᠂ 5 ᠲᠦᠮᠡᠨ ᠮᠥ ᠣᠶ ᠰᠢᠭᠤᠶ ᠶᠢ ᠠᠷᠠᠴᠢᠯᠠᠨ᠂ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ 1 ᠲᠦᠮᠡᠨ ᠮᠤ᠋ ᠰᠡᠷᠭᠦᠭᠡᠨ ᠵᠠᠰᠠᠵᠤ᠂ 1.6 ᠲᠦᠮᠡᠨ ᠮᠥ ᠳᠠᠬᠢ ᠬᠤᠤᠷᠲᠤ ᠡᠪᠡᠰᠦ ᠶᠢ ᠵᠠᠰᠠᠵᠤ᠂ 25 ᠲᠦᠮᠡᠨ ᠮᠥ ᠨᠤᠲᠤᠭ ᠪᠡᠯᠴᠢᠭᠡᠷ ᠲᠠᠬᠢ ᠬᠤᠯᠤᠭᠠᠨ᠎ᠠ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠵᠤ᠂ 1.7 ᠲᠦᠮᠡᠨ ᠮᠥ ᠰᠢᠳ ᠭᠦᠢᠯᠡᠰᠦ ᠵᠠᠶᠢᠯᠠᠨ᠎ᠠ᠃ ︽ᠠᠮᠢ ᠠᠬᠤᠶ ᠶᠢ ᠰᠡᠷᠭᠦᠭᠡᠬᠦ + ᠨᠡᠮᠡᠭᠳᠡᠯ ᠬᠤᠷᠤᠭᠳᠠᠯ ᠲᠠᠢ ᠨᠢ ᠬᠤᠯᠪᠤᠭᠳᠠᠭᠤᠯᠬᠤ ︾ ᠵᠠᠭᠪᠤᠷ ᠢ ᠬᠡᠷᠡᠭᠵᠢᠭᠦᠯᠵᠦ᠂ ᠲᠡᠤᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠪᠠ ᠦᠢᠯᠡᠳᠪᠤᠷᠢ ᠠᠭᠤᠷᠬᠠᠶ ᠶᠢᠨ ᠬᠠᠶᠠᠭᠳᠠᠮᠠᠯ ᠭᠠᠵᠠᠷ ᠢ 1700 ᠮᠥ ᠰᠡᠷᠭᠦᠭᠡᠨ ᠵᠠᠰᠠᠨ᠎ᠠ᠃ 1.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 265 ᠢᠳᠡᠭᠳᠡᠯ ᠤᠨ ᠭᠤᠤ ᠰᠤᠪᠠᠭ᠂ 15 ᠲᠡᠭᠰᠢ ᠳᠥᠷᠪᠡᠯᠵᠢᠨ ᠺᠢᠯᠣᠮᠧᠲᠷ ᠵᠢᠵᠢᠭ ᠰᠠᠪᠠ ᠭᠠᠵᠠᠷ᠂ 3 ᠠᠭᠤᠯᠠᠨ ᠦᠶᠡᠷ ᠤᠨ ᠭᠤᠤ ᠶᠢ ᠵᠠᠰᠠᠨ᠎ᠠ᠃    ︵ᠭᠤᠷᠪᠠ︶ ᠳᠠᠪᠠᠭᠤᠯᠢᠭ ᠢᠶᠠᠨ ᠪᠠᠳᠠᠷᠠᠭᠤᠯᠵᠤ ᠣᠨᠴᠠᠯᠢᠭ ᠢᠶᠠᠨ ᠴᠢᠩᠭᠠᠳᠬᠠᠵᠤ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ    ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ︽ᠲᠤᠭ᠎ᠠ ᠬᠡᠮᠵᠢᠶ᠎ᠡ ᠶᠢ ᠨᠢ ᠥᠷᠭᠡᠳᠬᠡᠬᠦ᠂ ᠶᠠᠰᠤ ᠴᠢᠨᠠᠷ ᠢ ᠨᠢ ᠳᠡᠭᠡᠭᠰᠢᠯᠡᠭᠦᠯᠬᠦ᠂ ᠤᠨᠠᠯᠲᠠ ᠶᠢ ᠨᠢ ᠨᠡᠮᠡᠭᠳᠡᠭᠦᠯᠬᠦ︾ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠤ ᠪᠤᠳᠠᠭᠠᠨ ᠤ ᠲᠠᠷᠢᠮᠠᠯ ᠤᠨ ᠲᠠᠷᠢᠬᠤ ᠲᠠᠯᠠᠪᠠᠶ ᠶᠢ ᠲᠣᠭᠲᠠᠭᠤᠨ ᠪᠠᠶᠢᠯᠭᠠᠵᠤ᠂ ᠠᠮᠤ ᠪᠤᠳᠠᠭᠠᠨ ᠤ ᠤᠨᠠᠯᠲᠠ ᠶᠢ 47 ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠨ᠎ᠠ᠃ 30 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 120 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠵᠤ᠂ ᠪᠠᠶᠠᠨᠭᠤᠤᠯ ᠪᠠᠯᠭᠠᠰᠤᠨ ᠤ ᠪᠥᠬᠦ ᠬᠡᠪᠴᠢᠶᠡᠨ ᠳᠠᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ᠂ ᠲᠠᠷᠢᠶᠠᠯᠠᠩ ᠤᠨ ᠤᠰᠤ ᠠᠷᠪᠢᠯᠠᠬᠤ ᠠᠵᠢᠯ ᠢ ᠨᠠᠷᠢᠯᠢᠭ ᠬᠢᠨ᠎ᠡ᠃ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ 20 ᠲᠦᠮᠡᠨ ᠮᠦ ᠬᠡᠷᠡᠭᠵᠢᠭᠦᠯᠵᠦ᠂ ᠮᠢᠩᠭᠠᠨ ᠮᠦ ᠭᠤᠣᠯ ᠵᠢᠱᠢᠶ᠎ᠡ ᠦᠵᠡᠭᠦᠯᠬᠦ ᠣᠷᠣᠨ ᠢ 15 ᠪᠠᠶᠢᠭᠤᠯᠤᠨ᠎ᠠ᠃ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠶᠢ ᠬᠡᠷᠡᠭᠵᠢᠭᠦᠯᠵᠦ᠂ ᠣᠷᠣᠯᠠᠨ ᠬᠤᠷᠢᠶᠠᠵᠤ ᠣᠷᠣᠯᠠᠨ ᠬᠠᠳᠠᠭᠠᠯᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠳᠡᠯᠭᠡᠷᠡᠭᠦᠯᠵᠦ᠂ ᠲᠥᠷᠥᠯ ᠵᠦᠢᠯ ᠢ ᠢᠳᠡᠪᠬᠢᠲᠡᠶ ᠪᠠᠷ ᠲᠥᠯᠥᠪᠯᠡᠵᠦ᠂ ᠠᠮᠤ ᠪᠤᠳᠠᠭᠠᠨ ᠤ ᠬᠤᠷᠣᠭᠳᠠᠯ ᠢ ᠪᠠᠭᠠᠰᠬᠠᠬᠤ ᠶᠢ ᠪᠡᠶᠡᠯᠡᠭᠦᠯᠦᠨ᠎ᠡ᠃ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠯᠬᠢᠨ ᠠᠬᠢᠭᠤᠯᠵᠤ᠂ ᠰᠢᠯᠢᠳᠡᠭ ᠲᠡᠵᠢᠭᠡᠯ ᠡᠪᠡᠰᠦ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠵᠠᠭᠤᠨ ᠲᠦᠮᠡᠨ ᠮᠦ ᠶᠢᠨ ᠲᠡᠵᠢᠭᠡᠯ ᠡᠪᠡᠰᠦᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠢ ᠲᠡᠭᠦᠯᠳᠡᠷᠵᠢᠭᠦᠯᠵᠦ᠂ 5000 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠡᠪᠡᠰᠦ ᠪᠣᠷᠳᠤᠭ᠎ᠠ ᠨᠥᠭᠡᠴᠡᠯᠡᠬᠦ ᠬᠡᠪᠴᠢᠶ᠎ᠡ ᠶᠢ 3 ᠲᠦᠮᠡᠨ ᠲᠣᠨ ᠲᠡᠵᠢᠭᠡᠯ ᠡᠪᠡᠰᠦᠨ ᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ᠎ᠠ᠃ ᠬᠠᠰᠢᠶᠠᠯᠠᠨ ᠲᠡᠵᠢᠭᠡᠬᠦ ᠶᠢ ᠲᠦᠷᠭᠡᠳᠬᠡᠨ ᠬᠥᠭᠵᠢᠭᠦᠯᠵᠦ᠂ ᠨᠢᠭᠡᠳᠦᠯᠲᠡᠶ ᠲᠡᠵᠢᠭᠡᠵᠦ ᠬᠠᠮᠲᠤ ᠪᠠᠷ ᠪᠠᠶᠠᠵᠢᠭᠰᠠᠨ ᠮᠢᠬᠠᠨ ᠦᠬᠡᠷ ᠤᠨ ᠡᠭᠦᠯᠳᠡᠷ ᠪᠤᠶᠢᠵᠢᠭᠤᠯᠬᠤ ᠪᠠᠭ᠎ᠠ ᠲᠣᠭᠤᠷᠢᠭ 4᠂ ᠮᠢᠬᠠᠨ ᠦᠬᠡᠷ ᠤᠨ ᠪᠠᠷᠢᠮᠵᠢᠶᠠᠵᠢᠭᠰᠠᠨ ᠪᠣᠷᠳᠣᠨ ᠲᠠᠷᠭᠤᠯᠠᠭᠤᠯᠬᠤ ᠲᠠᠯᠠᠪᠠᠶ ᠶᠢ 10 ᠪᠠᠶᠢᠭᠤᠯᠵᠤ᠂ ᠮᠠᠯ ᠠᠵᠤ ᠠᠬᠤᠢ ᠶᠢᠨ ᠤᠨ ᠤ ᠭᠡᠷ ᠤᠨ ᠲᠡᠵᠢᠭᠡᠪᠦᠷᠢ ᠶᠢᠨ ᠲᠤᠭ᠎ᠠ ᠶᠢ 350 ᠲᠦᠮᠡ ᠠᠴᠠ ᠳᠡᠭᠡᠭᠰᠢ ᠳᠤ ᠬᠦᠷᠭᠡᠨ᠎ᠡ᠃    ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢ ᠯᠠᠪᠳᠠᠭᠤᠨ ᠪᠠᠳᠤᠳᠠᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ 9 ᠲᠥᠷᠥᠯ ᠵᠦᠢᠯ ᠢ ᠬᠡᠷᠡᠭᠵᠢᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 3.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠵᠦ᠂ ᠠᠵᠤ ᠦᠢᠯᠡᠳᠪᠦᠷᠢ ᠶᠢᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠥᠷᠭᠡᠳᠬᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ 1 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠡᠷᠳᠡᠨᠢ ᠰᠢᠰᠢ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠨᠾᠦ᠋ᠢ ᠮᠤᠵᠢ ᠶᠢᠨ ᠯᠦᠩ ᠴᠧᠩ ᠪᠦᠯᠦᠭᠯᠡᠯ ᠤᠨ 100 ᠲᠦᠮᠡᠨ ᠮᠦ ᠡᠷᠳᠡᠨᠢ ᠰᠢᠰᠢ ᠶᠢᠨ ᠲᠣᠰᠣ ᠪᠣᠯᠤᠨ ᠰᠢᠷ᠎ᠠ ᠪᠤᠷᠴᠠᠭ ᠤᠨ ᠲᠣᠰᠣ ᠰᠢᠬᠠᠬᠤ ᠲᠦᠷᠦᠯ ᠵᠦᠢᠯ ᠢ ᠶᠡᠷᠦᠩᠬᠡᠶᠢᠯᠡᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠨ᠎ᠡ᠃ ᠦᠨᠳᠡᠭᠡᠨ 3.6 ᠲᠦᠮᠡᠨ ᠺᠢᠯᠣᠸᠠᠲ ᠤᠨ ᠤᠰᠤᠨ ᠴᠠᠬᠢᠯᠭᠠᠨ᠂ ᠵᠦᠩ ᠭᠤᠸᠠᠩ ᠾᠧ ᠶᠢᠨ 30 ᠰᠠᠶ᠎ᠠ ᠸᠠᠲ ᠤᠨ ᠲᠠᠷᠠᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠵᠡᠷᠭᠡ ᠲᠥᠷᠥᠯ ᠵᠦᠢᠯ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠠᠵᠢᠯ ᠢ ᠲᠦᠯᠬᠢᠨ ᠠᠬᠢᠭᠤᠯᠵᠤ᠂ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠴᠢᠷᠮᠠᠶᠢᠨ ᠪᠥᠲᠥᠭᠡᠨ ᠪᠠᠶᠢᠭᠤᠯᠤᠨ᠎ᠠ᠃    ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡᠨ ᠤ ᠦᠢᠯᠡᠰ ᠢ ᠪᠠᠶᠢᠭᠤᠯᠤᠨ᠎ᠠ᠃ ᠪᠦᠬᠦ ᠬᠤᠰᠢᠭᠤᠨ ᠤ ᠬᠡᠪᠴᠢᠶᠡᠨ ᠳᠠᠬᠢ ᠬᠤᠳᠠᠯᠳᠤᠭᠠᠨ ᠤ ᠰᠢᠰᠲ᠋ᠧᠮ ᠢ ᠲᠦᠷᠭᠡᠨ ᠲᠡᠭᠦᠯᠳᠡᠷᠵᠢᠭᠦᠯᠵᠦ᠂  ᠲᠠᠷᠢᠶᠠᠯᠠᠩ ᠤᠨ ᠪᠦᠳᠣᠭᠡᠭᠳᠡᠭᠦᠨ ᠮᠠᠯ ᠤᠨ ᠠᠰᠢᠭ ᠰᠢᠮ᠎ᠡ ᠶᠢᠨ ᠪᠥᠭᠡᠮ ᠢᠶᠠᠷ ᠬᠤᠳᠠᠯᠳᠤᠬᠤ ᠠᠷᠠᠯᠵᠢᠶᠠᠨ ᠤ ᠵᠠᠬ᠎ᠠ ᠳᠡᠯᠭᠡᠭᠦᠷ ᠢ ᠰᠢᠨ᠎ᠡ ᠪᠠᠷ ᠪᠠᠶᠢᠭᠤᠯᠵᠤ᠂ ᠴᠢᠨᠠᠷ ᠰᠠᠶᠢᠲᠠᠶ ᠶᠠᠪᠠᠭᠠᠨ ᠵᠡᠭᠡᠯᠢ᠂ ᠬᠤᠳᠠᠯᠳᠤᠭᠠᠨ ᠤ ᠵᠡᠭᠡᠯᠢ ᠶᠢ ᠭᠠᠷᠭᠠᠵᠤ᠂ ︽ᠦᠳᠡᠰᠢ ᠶᠢᠨ ᠠᠵᠤ ᠠᠬᠤᠶ︾ ᠶᠢ ᠠᠮᠢᠳᠤᠯᠢᠭ ᠪᠣᠯᠭᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠡᠯᠧᠺᠲᠷᠤᠨ ᠬᠤᠳᠠᠯᠳᠤᠭᠠᠨ ᠤ ᠬᠥᠭᠵᠢᠯᠲᠡ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠰᠢᠤᠳᠠᠨ ᠤ ᠠᠷᠠᠯᠵᠢᠶ᠎ᠠ ᠬᠤᠳᠠᠯᠳᠤᠭᠠᠨ ᠤ ᠬᠥᠮᠥᠷᠭᠡᠯᠡᠨ ᠬᠠᠳᠠᠭᠠᠯᠠᠵᠤ ᠳᠣᠭᠢᠷᠠᠭᠤᠯᠤᠨ ᠬᠦᠷᠭᠡᠬᠦ ᠲᠥᠪ ᠢ ᠰᠢᠨ᠎ᠡ ᠪᠠᠷ ᠪᠠᠶᠢᠭᠤᠯᠵᠤ᠂ ᠬᠤᠰᠢᠭᠤ ᠰᠤᠮᠤ ᠰᠢᠶᠠᠩ ᠭᠠᠴᠠᠭ᠎ᠠ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠪᠠ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠳᠣᠭᠢᠷᠠᠭᠤᠯᠤᠨ ᠬᠦᠷᠭᠡᠬᠦ ᠰᠢᠰᠲ᠋ᠧᠮ ᠢ ᠨᠡᠪᠲᠡᠷᠡᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷᠡᠭᠯᠡᠭᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ᠪᠠᠷᠠᠭ᠎ᠠ ᠶᠢᠨ ᠭᠦᠢᠯᠭᠡᠭᠡᠨ ᠤ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠠᠷᠢᠯᠭ᠎ᠠ ᠶᠢ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠲᠡᠭᠡᠭᠡᠪᠦᠷᠢ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠤᠨ᠎ᠠ᠃ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠪᠠᠶᠠᠨᠲᠠᠯ᠎ᠠ · ᠭᠠᠶᠢᠬᠠᠮᠰᠢᠭᠳᠤ ᠬᠥᠨᠳᠡᠢ ᠶᠢᠨ ᠦᠵᠡᠮᠵᠢ ᠶᠢᠨ ᠣᠷᠣᠨ᠂ ᠬᠤᠯᠪᠤᠭ᠎ᠠ ᠳᠤᠲᠤᠷᠭ᠎ᠠ ᠶᠢᠨ ᠬᠦᠨᠳᠡᠢ ᠶᠢᠨ ᠦᠵᠡᠮᠵᠢ ᠶᠢᠨ ᠣᠷᠣᠨ ᠤ ᠬᠤᠶᠠᠳᠤᠭᠠᠷ ᠬᠤᠭᠤᠴᠠᠭ᠎ᠠ ᠶᠢᠨ ᠪᠠᠷᠢᠯᠭ᠎ᠠ ᠶᠢ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠶᠡᠭᠡ ᠬᠢᠩᠭᠠᠨ ᠳᠠᠪᠠᠭ᠎ᠠ · ᠭᠠᠶᠢᠬᠠᠮᠰᠢᠭᠲᠤ ᠠᠭᠤᠯᠠᠷᠬᠠᠭ ᠤᠷᠤᠨ ᠤ ᠵᠢᠭᠤᠯᠴᠢᠯᠠᠯ ᠤᠨ ᠣᠷᠣᠨ᠂ ᠦᠨᠳᠡᠭᠡᠨ ᠴᠦᠭᠦᠷᠦᠮ ᠢ ᠲᠣᠭᠤᠷᠢᠭᠰᠠᠨ ᠵᠢᠭᠤᠯᠴᠢᠯᠠᠯ᠂ ᠲᠡᠮᠡᠭᠡᠴᠢ ᠠᠮᠢ ᠠᠬᠤᠢ ᠶᠢᠨ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ ᠡᠬᠢᠯᠡᠭᠦᠯᠬᠦ ᠪᠠᠷ ᠲᠥᠯᠥᠪᠯᠡᠵᠦ ᠪᠠᠶᠢᠨ᠎ᠠ᠃ ︽ᠬᠤᠤ ᠯᠢ ᠪᠤᠤ︾ IP ᠳᠦᠷᠢ ᠲᠥᠷᠬᠦ ᠶᠢ ᠭᠦᠨᠵᠡᠭᠡᠢ ᠰᠤᠳᠤᠯᠤᠨ ᠨᠡᠭᠡᠭᠡᠵᠦ᠂ ︽ᠠᠮᠳᠠᠳᠤ ᠠᠮᠤ ᠠᠷᠪᠠᠨ ᠨᠠᠢᠮᠠᠨ ᠢᠳᠡᠭᠡᠨ︾ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠡᠭᠦᠳᠴᠦ᠂ ᠸᠠᠨ ᠲᠠᠢ ᠢᠦᠢ ᠬᠤ᠋ ᠸᠠᠨ ᠰᠦᠯᠵᠢᠶᠡᠨ ᠤ ᠬᠠᠯᠠᠮᠰᠢᠯᠲᠦ ᠰᠡᠯᠡᠭᠦᠴᠡᠯ ᠤᠨ ᠵᠡᠭᠡᠯᠢ ᠲᠣᠭᠤᠷᠢᠭ ᠢ ᠪᠤᠢ ᠪᠤᠯᠭᠠᠵᠤ᠂ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠤᠨ᠎ᠠ᠃    ︵ᠲᠦᠷᠪᠡ︶ ᠰᠢᠨ᠎ᠡ ᠶᠢ ᠡᠭᠦᠳᠬᠦ ᠶᠢ ᠠᠳᠬᠤᠵᠤ ᠥᠭᠡᠷᠡᠴᠢᠯᠡᠯᠲᠡ ᠶᠢ ᠠᠬᠢᠭᠤᠯᠤᠨ ᠨᠡᠭᠡᠭᠡᠨ ᠬᠥᠭᠵᠢᠭᠦᠯᠬᠦ ᠰᠢᠨ᠎ᠡ ᠬᠦᠳᠡᠯᠭᠡᠬᠦ ᠬᠦᠴᠦᠨ ᠢ ᠨᠡᠮᠡᠭᠳᠡᠭᠦᠯᠦᠨ᠎ᠡ    ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠰᠠᠶᠢᠲᠤᠷ ᠠᠳᠬᠤᠨ᠎ᠠ ᠃ ᠤᠰᠤᠨ ᠲᠤᠲᠤᠷᠭ᠎ᠠ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ + ᠬᠤᠵᠢᠷᠯᠢᠭ ᠭᠠᠵᠠᠷ ᠢ ᠥᠭᠡᠷᠡᠴᠢᠯᠡᠬᠦ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠢ ᠠᠬᠢᠭᠤᠯᠵᠤ᠂ ᠬᠠᠷᠪᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠬᠠᠮᠤᠭ ᠤᠨ ᠰᠢᠨ᠎ᠡ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠡᠷᠡᠭᠯᠡᠵᠦ᠂ ᠴᠠᠬᠢᠭᠤᠷ ᠤᠨ ᠳᠠᠪᠬᠤᠷ ᠢᠰᠦᠯ᠂ ᠰᠢᠪᠲᠦᠷᠲᠦ ᠬᠦᠴᠢᠯ ᠵᠡᠷᠭᠡ ᠥᠨᠳᠥᠷ ᠨᠡᠮᠡᠯᠲᠡ ᠥᠷᠲᠡᠭ ᠪᠦᠬᠦᠢ ᠦᠢᠯᠡᠳᠬᠦᠨ ᠢ ᠨᠡᠭᠡᠭᠡᠨ ᠬᠥᠭᠵᠢᠭᠦᠯᠦᠨ᠎ᠡ᠃ ᠲᠣᠮᠣ ᠢᠩᠲᠣᠣᠷ ᠤᠨ ᠲᠠᠷᠢᠶᠠᠯᠠᠩ ᠭᠡᠷᠡᠯ ᠤᠨ ᠬᠠᠷᠢᠯᠴᠠᠨ ᠨᠥᠬᠦᠪᠥᠷᠢᠯᠡᠬᠦ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ︽ᠲᠥᠬᠦᠭᠡᠷᠦᠮᠵᠢᠲᠦ ᠲᠠᠷᠢᠵᠤ ᠤᠷᠭᠤᠭᠤᠯᠬᠤ + ᠴᠢᠨᠠᠷ ᠰᠠᠶᠢᠲᠠᠢ ᠣᠷᠣᠢ ᠪᠣᠯᠪᠠᠰᠤᠷᠠᠬᠤ ᠲᠥᠷᠥᠯ ᠵᠦᠢᠯ︾ ᠤᠨ ᠮᠡᠷᠭᠡᠵᠢᠯ ᠢ ᠰᠦᠪᠡᠭᠴᠢᠯᠡᠵᠦ᠂ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠲᠤ ᠭᠠᠷᠭᠠᠬᠤ ᠬᠤᠭᠤᠴᠠᠭᠠᠨ ᠳᠠᠬᠢ ᠪᠤᠷᠤᠯᠠᠭᠤᠯᠭ᠎ᠠ ᠶᠢᠨ ᠵᠠᠬ᠎ᠠ ᠳᠡᠯᠭᠡᠭᠦᠷ ᠤᠨ ᠬᠤᠭᠤᠰᠣᠨ ᠢ ᠨᠥᠬᠦᠪᠥᠷᠢᠯᠡᠨ᠎ᠡ᠃ 20 ᠲᠦᠮᠡᠨ ᠮᠢᠬᠠᠨ ᠬᠤᠨᠢᠨ ᠤ ᠠᠮᠢ ᠠᠬᠤᠢ ᠶᠢᠨ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠵᠢᠯ ᠳᠤ 6 ᠲᠦᠮᠡᠨ ᠲᠣᠨ ᠨᠢᠮᠭᠡᠨ ᠬᠠᠨᠠᠲᠤ ᠠᠽᠣᠲ ᠨᠡᠮᠡᠬᠦ ᠲᠡᠵᠢᠭᠡᠯ ᠡᠪᠡᠰᠦ ᠪᠣᠷᠳᠣᠭᠠᠨ ᠤ  ᠦᠢᠯᠡᠳᠪᠤᠷᠢ ︵ᠲᠥᠪ ᠲᠣᠭᠤᠭᠠᠨ ᠬᠡᠷ︶ ᠶᠢ ᠰᠢᠨ᠎ᠡ ᠪᠠᠷ ᠪᠠᠶᠢᠭᠤᠯᠵᠤ᠂ ᠭᠠᠵᠠᠷ ᠣᠷᠣᠨ ᠤ ᠴᠢᠨᠠᠷᠲᠠᠶ ᠲᠦᠭᠦᠬᠡᠶ ᠮᠠᠲ᠋ᠧᠷᠢᠶᠠᠯ ᠤᠨ ᠡᠰᠢ ᠰᠦᠷᠡᠯ ᠵᠢᠴᠢ ᠡᠰᠢ ᠰᠦᠷᠡᠯ ᠢ ᠲᠡᠵᠢᠭᠡᠯ ᠪᠣᠷᠳᠤᠭ᠎ᠠ ᠪᠤᠯᠭᠠᠵᠤ ᠠᠰᠢᠭᠯᠠᠬᠤ ᠮᠡᠷᠭᠡᠵᠢᠯ ᠢ ᠠᠰᠢᠭᠯᠠᠨ᠂ ᠡᠰᠢ ᠰᠦᠷᠡᠯ ᠤᠨ ᠲᠡᠵᠢᠭᠡᠯ ᠪᠤᠷᠳᠤᠭ᠎ᠠ ᠪᠤᠯᠭᠠᠬᠤ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠱᠠᠩᠬᠠᠶ ᠶᠢᠨ ᠲᠦᠩ ᠵᠢᠶᠧ ᠯᠢᠶᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠯ ᠳᠤ 5 ᠲᠦᠮᠡᠨ ᠲᠣᠨ ᠰᠦᠨ ᠬᠦᠴᠢᠯ ᠵᠢᠴᠢ ᠢᠵᠢ ᠪᠥᠷᠢᠳᠦᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠡᠰᠢ ᠰᠦᠷᠡᠯ ᠢ ︽ᠬᠤᠪᠢᠷᠠᠭᠠᠳ︾ ᠠᠮᠢᠳᠤ ᠪᠣᠳᠠᠰ ᠤᠨ ᠵᠠᠳᠠᠷᠠᠵᠤ ᠪᠣᠯᠬᠤ ᠰᠦᠯᠢᠶᠣᠣ ᠪᠦᠷᠬᠦᠭᠦᠯ ᠪᠤᠯᠵᠤ ᠦᠯᠡᠳᠡᠭᠳᠡᠯ ᠥᠬᠡᠶ ᠵᠠᠳᠠᠷᠠᠬᠤ ᠶᠢ ᠪᠡᠶᠡᠯᠡᠭᠦᠯᠦᠨ᠎ᠡ᠃ ︽ᠪᠤᠬ᠎ᠠ ᠶᠢᠨ ᠥᠷᠲᠡᠭᠡ︾᠂ ︽ᠴᠢᠨᠠᠷ ᠰᠠᠶᠢᠲᠠᠶ ᠮᠢᠬᠠᠨ ᠦᠬᠡᠷ ᠤᠨ ᠭᠤᠤᠯ ᠡᠭᠦᠯᠳᠡᠷ ᠪᠤᠶᠢᠵᠢᠭᠤᠯᠬᠤ ᠲᠠᠯᠠᠪᠠᠶ︾ ᠶᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ ᠪᠡᠶ᠎ᠡ ᠶᠢᠨ ᠭᠠᠳᠠᠨ᠎ᠠ ᠠᠴᠠ ᠬᠦᠪᠦᠷᠡᠯ ᠢ ᠪᠤᠶᠢᠵᠢᠭᠤᠯᠤᠨ ᠰᠢᠯᠵᠢᠭᠦᠯᠦᠨ ᠰᠠᠭᠤᠯᠭᠠᠬᠤ᠂ ᠢᠵᠠᠭᠤᠷ ᠤᠳᠤᠮ ᠰᠣᠩᠭᠤᠨ ᠪᠤᠶᠢᠵᠢᠭᠤᠯᠬᠤ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠮᠡᠷᠭᠡᠵᠢᠯ ᠳᠤ ᠲᠦᠰᠢᠭᠯᠡᠨ᠂ ᠴᠢᠨᠠᠷ ᠰᠠᠶᠢᠲᠠᠶ ᠡᠭᠦᠯᠳᠡᠷ ᠤᠨ ᠰᠦᠷᠦᠭ ᠢ ᠪᠤᠶᠢᠵᠢᠭᠤᠯᠬᠤ ᠪᠠ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠵᠤ ᠳᠡᠯᠭᠡᠷᠡᠭᠦᠯᠬᠦ ᠶᠢ ᠪᠡᠶᠡᠯᠡᠭᠦᠯᠦᠨ᠎ᠡ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠰᠤᠳᠤᠯᠬᠤ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠦᠮᠡᠨ ᠮᠥ ᠲᠡᠵᠢᠭᠡᠯ ᠡᠪᠡᠰᠤ ᠪᠤᠶᠢᠵᠢᠭᠤᠯᠬᠤ ᠪᠠ ᠥᠷᠭᠡᠳᠬᠡᠨ ᠦᠷᠡᠵᠢᠭᠦᠯᠬᠦ ᠠᠵᠢᠯ ᠢ ᠬᠠᠮᠲᠤᠷᠠᠨ ᠥᠷᠨᠢᠭᠦᠯᠦᠨ᠎ᠡ᠃ ᠴᠤᠤᠯ ᠤᠰᠤᠯᠠᠯᠲᠠ ᠶᠢᠨ ᠣᠷᠣᠨ ᠤ ᠲᠣᠭᠠᠴᠠᠯᠠᠭᠰᠠᠨ ᠬᠤᠤᠰ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠠᠷᠢᠯᠢᠭ ᠣᠨᠣᠪᠴᠢᠲᠠᠢ ᠤᠰᠤᠯᠠᠯᠲᠠ ᠶᠢ ᠪᠡᠶᠡᠯᠡᠭᠦᠯᠦᠨ᠎ᠡ᠃    ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠲᠤᠷ ᠠᠳᠬᠤᠨ᠎ᠠ᠃ ᠥᠪᠡᠷᠲᠡᠭᠡᠨ ᠵᠠᠰᠠᠬᠤ ᠣᠷᠣᠨ ᠤ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ ᠣᠨ︾ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠲᠦᠷᠦᠭᠦᠯᠡᠨ ᠦᠨᠡᠨᠴᠢ ᠢᠲᠡᠭᠡᠮᠵᠢ ᠶᠢ ᠡᠷᠬᠢᠮᠯᠡᠬᠦ ᠶᠢ ᠪᠠᠷᠢᠮᠲᠠᠯᠠᠨ᠂ ᠪᠥᠬᠦ ᠬᠤᠰᠢᠭᠤᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠢᠲᠡᠭᠡᠮᠵᠢ ᠠᠯᠳᠠᠭᠰᠠᠨ ᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠪᠡᠶᠡᠯᠡᠭᠦᠯᠵᠦ᠂ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠮᠠᠯᠠᠯᠲᠠ ᠶᠢᠨ ᠦᠢᠯᠡᠴᠢᠯᠡᠭᠡ ᠶᠢ ᠰᠠᠶᠢᠲᠤᠷ ᠠᠳᠬᠤᠨ᠎ᠠ᠃ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠲᠥᠷᠥᠯ ᠤᠨ ᠡᠩᠨᠡᠭᠡ ᠶᠢᠨ ᠦᠨᠡᠨᠴᠢ ᠢᠲᠡᠭᠡᠮᠵᠢ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠬᠠᠤᠯᠢ ᠴᠠᠭᠠᠵᠠ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠵᠤ ᠴᠡᠭᠡᠷᠯᠡᠭᠦᠯᠬᠦ ᠶᠢ ᠬᠠᠤᠯᠢ ᠲᠣᠭᠲᠠᠭᠠᠯ ᠶᠣᠰᠣᠭᠠᠷ ᠥᠷᠨᠢᠭᠦᠯᠵᠦ᠂ ᠬᠠᠤᠯᠢ ᠴᠠᠭᠠᠵᠠ ᠶᠢᠨ ᠪᠠᠲᠤᠯᠠᠭ᠎ᠠ ᠶᠢ ᠦᠨᠡᠨ ᠰᠡᠳᠬᠢᠯ ᠠᠴᠠ ᠪᠠᠨ ᠰᠠᠶᠢᠲᠤᠷ ᠬᠢᠨ᠎ᠠ᠃ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠪᠠ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠶᠠᠰᠤ ᠴᠢᠨᠠᠷ ᠢ ᠳᠡᠭᠡᠭᠰᠢᠯᠡᠭᠦᠯᠬᠦ ᠬᠠᠷᠠᠯᠲᠠ ᠡᠭᠦᠷᠭᠡ ᠶᠢ ᠴᠢᠩᠭ᠎ᠠ ᠡᠵᠡᠮᠳᠡᠵᠦ᠂ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠵᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠠᠵᠢᠯ ᠲᠥᠷᠥᠯ ᠤᠨ ᠢᠲᠡᠭᠡᠮᠵᠢ ᠶᠢᠨ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠰᠠᠨᠠᠭᠠᠴᠢᠯᠠᠭ᠎ᠠ ᠠᠴᠠ ᠪᠠᠨ ᠢᠲᠡᠭᠡᠮᠵᠢ ᠶᠢᠨ ᠠᠮᠠᠯᠠᠯᠲᠠ ᠶᠢᠨ ᠲᠦᠷᠢᠮ᠂ ᠤᠯᠠᠭᠠᠨ ᠬᠠᠷ᠎ᠠ ᠳᠠᠩᠰᠠ ᠶᠢᠨ ᠬᠠᠮᠢᠶᠠᠷᠤᠯᠲᠠ ᠶᠢᠨ ᠲᠦᠷᠢᠮ᠂ ᠢᠲᠡᠭᠡᠮᠵᠢ ᠶᠢᠨ ᠦᠨᠡᠯᠡᠯᠲᠡ ᠪᠠ ᠲᠥᠷᠥᠯ ᠬᠤᠪᠢᠶᠠᠨ ᠬᠢᠨᠠᠨ ᠬᠠᠮᠢᠶᠠᠷᠬᠤ ᠲᠦᠷᠢᠮ ᠢ ᠪᠦᠷᠢᠨᠰᠢᠭᠦᠯᠦᠨ᠂ ︽ᠢᠳᠡᠭᠡᠮᠵᠢᠳᠦ ᠵᠠᠯᠠᠶᠢᠳ︾ ᠤᠨ ᠨᠠᠷᠠᠲᠤ ᠲᠡᠮᠳᠡᠭ ᠢ ᠪᠣᠶ ᠪᠣᠯᠭᠠᠵᠤ᠂ ︽ᠦᠨᠡᠨᠴᠢ ᠢᠲᠡᠭᠡᠮᠵᠢ ᠶᠢᠨ ᠵᠢᠱᠢᠶᠡᠴᠢ︾ ᠵᠡᠷᠭᠡ ᠨᠡᠶᠢᠲᠡᠯᠢᠭ ᠬᠥᠮᠦᠰ ᠢ ᠪᠣᠶ ᠪᠣᠯᠭᠠᠵᠤ᠂ ᠪᠥᠬᠦ ᠨᠡᠶᠢᠭᠡᠮ ᠤᠨ ᠦᠨᠡᠨᠴᠢ ᠢᠲᠡᠭᠡᠮᠵᠢᠲᠡᠶ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃    ᠡᠯ᠎ᠡ ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠨᠠᠷᠢᠯᠢᠬᠵᠢᠭᠤᠯᠤᠨ ᠡᠮᠬᠢᠯᠡᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠡᠷᠬᠡ ᠮᠡᠳᠡᠯ ᠢ ᠢᠳᠡᠪᠬᠢᠲᠡᠶ ᠵᠠᠯᠭᠠᠨ ᠠᠪᠴᠤ᠂ ᠥᠨᠳᠥᠷ ᠪᠦᠲᠦᠮᠵᠢᠲᠡᠶ ᠪᠠᠷ ᠬᠡᠷᠡᠭᠵᠢᠭᠦᠯᠦᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠵᠠᠰᠠᠭ ᠵᠠᠬᠢᠷᠭᠠᠨ ᠤ ᠥᠪᠡᠷ ᠤᠨ ᠥᠷᠲᠡᠭ ᠤᠨ ᠵᠠᠷᠤᠯᠭ᠎ᠠ ᠶᠢ ᠬᠦᠴᠦᠯᠡᠨ ᠪᠠᠭᠤᠷᠠᠭᠤᠯᠤᠨ᠎ᠠ᠃ ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠦᠷᠭᠡᠨ ᠥᠭᠴᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ 5500 ᠡᠷᠦᠬᠡ ᠠᠴᠠ ᠳᠡᠭᠡᠭᠰᠢ ᠰᠢᠨ᠎ᠡ ᠨᠡᠮᠡᠭᠳᠡᠭᠦᠯᠵᠦ᠂ ᠶᠡᠷᠦᠩᠬᠡᠶ ᠬᠡᠮᠵᠢᠶ᠎ᠡ ᠶᠢ 3.5 ᠲᠦᠮᠡᠨ ᠡᠷᠦᠬᠡ ᠳᠤ ᠬᠦᠷᠦᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠤᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠷᠡᠭᠦᠯ ᠢᠶᠠᠷ ᠬᠥᠭᠵᠢᠬᠦ ᠶᠢ ᠶᠡᠬᠡᠪᠡᠷ ᠳᠠᠮᠵᠢᠵᠤ᠂ ᠨᠠᠮ ᠵᠠᠰᠠᠭ ᠤᠨ ᠪᠠᠶᠢᠭᠤᠯᠭ᠎ᠠ ᠶᠢᠨ ᠺᠠᠳ᠋ᠷ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠬᠦ ᠠᠵᠢᠯᠯᠠᠭ᠎ᠠ ᠶᠢ ᠥᠷᠨᠢᠭᠦᠯᠵᠦ᠂ ︽ᠮᠧᠩ ᠴᠢ ᠲᠦᠩ︾ ᠲᠠᠪᠴᠠᠩ ᠤᠨ ᠬᠡᠷᠡᠭᠯᠡᠯᠲᠡ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠲᠤᠭ᠎ᠠ ᠶᠢ 1.3 ᠲᠦᠮᠡᠨ ᠡᠷᠦᠬᠡ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠶ ᠥᠷᠨᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠰᠠᠭᠤᠷᠢ ᠶᠢ ᠰᠢᠯᠢᠳᠡᠭᠵᠢᠭᠦᠯᠦᠨ ᠪᠠᠬᠢᠵᠢᠭᠦᠯᠦᠨ᠎ᠡ᠃ ᠪᠠᠶᠢᠭᠤᠯᠤᠮᠵᠢ ᠶᠢᠨ ᠥᠭᠡᠷᠡᠴᠢᠯᠡᠯᠲᠡ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ᠂ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠤᠨ᠎ᠠ᠃ ᠬᠥᠳᠡᠭᠡ ᠲᠣᠰᠬᠤᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠡ ᠵᠤᠷᠪᠤᠰ ᠬᠠᠭᠤᠯᠪᠤᠷᠢᠯᠠᠵᠤ ᠪᠣᠯᠬᠤ ᠬᠡᠷᠡᠭᠵᠢᠭᠦᠯᠵᠦ ᠪᠣᠯᠬᠤ ᠥᠭᠡᠷᠡᠴᠢᠯᠡᠯᠲᠡ ᠶᠢᠨ ᠰᠢᠨ᠎ᠡ ᠵᠠᠮ ᠢ ᠬᠠᠶᠢᠨ ᠰᠦᠪᠡᠭᠴᠢᠯᠡᠨ᠎ᠡ᠃    ᠣᠷᠣᠨ ᠪᠥᠰᠡ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠬᠠᠮᠵᠢᠯᠴᠠᠨ ᠬᠥᠭᠵᠢᠭᠦᠯᠬᠦ ᠡᠭᠦᠷᠭᠡ ᠶᠢ ᠰᠠᠶᠢᠲᠤᠷ ᠠᠳᠬᠤᠵᠤ᠂ ᠴᠢᠯᠥᠭᠡᠲᠦ ᠠᠷᠠᠯᠵᠢᠶᠠᠨ ᠤ ᠣᠷᠣᠨ ᠤ ᠪᠦᠳᠦᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠢᠳᠡᠪᠬᠢᠲᠡᠢ ᠠᠳᠬᠤᠵᠤ᠂ ᠭᠠᠳᠠᠭᠠᠳᠤ ᠨᠡᠬᠡᠬᠡᠯᠳᠡ ᠶᠢᠨ ᠬᠠᠮᠲᠤᠷᠠᠯᠴᠠᠭ᠎ᠠ ᠪᠠᠨ ᠥᠷᠭᠡᠳᠬᠡᠵᠦ᠂ ᠤᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠷᠭᠠᠬᠤ ᠲᠤᠭ᠎ᠠ ᠶᠢ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠭᠦᠯᠵᠦ᠂ ᠭᠠᠳᠠᠭᠠᠳᠤ ᠪᠡᠯᠡ ᠶᠢ ᠪᠣᠳᠠᠲᠠᠢ ᠠᠰᠢᠭᠯᠠᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠤᠯᠭᠠᠨ᠎ᠠ᠃ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠴᠠᠩᠴᠦ᠋ᠨ ᠤ ᠬᠤᠳᠠ ᠶᠢᠨ ᠲᠣᠭᠤᠷᠢᠭ ᠲᠤ ᠠᠭᠤᠰᠤᠯᠴᠠᠵᠤ᠂ ᠬᠠᠷᠪᠢᠨ᠂ ᠳ᠋ᠠᠴᠢᠩ᠂ ᠴᠢᠴᠢᠬᠠᠷ ᠵᠡᠷᠭᠡ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠵᠢᠯᠴᠠᠨ ᠬᠥᠭᠵᠢᠬᠦ ᠶᠢ ᠪᠡᠶᠡᠯᠡᠭᠦᠯᠦᠨ᠎ᠡ᠃ ᠪᠡᠭᠡᠵᠢᠩ ᠥᠪᠥᠷ ᠮᠣᠩᠭᠤᠯ᠂ ᠭᠤᠸᠠᠩᠳᠦ᠋ᠩ ᠥᠪᠥᠷ ᠮᠣᠩᠭᠤᠯ ᠤᠨ ᠬᠠᠮᠲᠤᠷᠠᠯᠴᠠᠭᠠᠨ ᠤ ᠠᠵᠠ ᠲᠣᠬᠢᠶᠠᠯ ᠢ ᠡᠵᠡᠮᠳᠡᠵᠦ᠂ ᠪᠡᠭᠡᠵᠢᠩ ᠲᠢᠶᠠᠨᠵᠢᠨ ᠾᠧᠪᠸᠢ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ᠂ ᠴᠧᠩᠳᠦ᠋ ᠴᠦᠩᠴᠢᠩ ᠤᠨ ᠠᠵᠤ ᠠᠬᠤᠶ ᠶᠢᠨ ᠲᠣᠭᠤᠷᠢᠭ ᠲᠠᠢ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠨ᠎ᠡ᠃ ᠱᠠᠨᠳᠦ᠋ᠩ ᠥᠪᠥᠷ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠬᠢᠭᠡᠳ ᠵᠠᠬ᠎ᠠ ᠳᠡᠯᠭᠡᠭᠦᠷ ᠤᠨ ᠬᠡᠷᠡᠭᠴᠡᠭᠡ ᠶᠢ ᠨᠠᠷᠢᠯᠢᠭ ᠣᠨᠣᠴᠠᠲᠠᠶ ᠪᠠᠷ ᠵᠤᠯᠭᠠᠭᠤᠯᠵᠤ᠂ ᠦᠢᠯᠡᠳᠪᠦᠷᠢᠯᠡᠯ ᠪᠠ ᠪᠣᠷᠣᠯᠠᠭᠤᠯᠭ᠎ᠠ ᠶᠢᠨ ᠬᠠᠮᠲᠤᠷᠠᠯᠴᠠᠭ᠎ᠠ ᠬᠠᠷᠢᠯᠴᠠᠨ ᠬᠥᠳᠡᠯᠦᠯᠴᠡᠵᠦ ᠲᠠᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠤᠨ᠎ᠠ᠃ ᠭᠠᠵᠠᠷ ᠰᠢᠷᠣᠶ ᠶᠢᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ ᠭᠠᠵᠠᠷ ᠰᠢᠷᠣᠶ ᠶᠢ 730 ᠾᠧᠺᠲ᠋ᠠᠷ ᠰᠢᠢᠳᠪᠦᠷᠢᠯᠡᠵᠦ᠂ ᠭᠠᠵᠠᠷ ᠰᠢᠷᠣᠶ ᠲᠦᠷᠢᠶᠡᠰᠦᠯᠡᠬᠦ ᠵᠠᠭᠪᠤᠷ ᠢ ᠬᠠᠶᠢᠨ ᠰᠦᠪᠡᠭᠴᠢᠯᠡᠵᠦ᠂ ᠠᠵᠤ ᠠᠬᠤᠶᠢᠯᠠᠯ ᠤᠨ ᠭᠠᠵᠠᠷ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃    ︵ᠲᠠᠪᠤ︶ ᠰᠠᠭᠤᠷᠢ ᠶᠢ ᠪᠠᠲᠤᠳᠬᠠᠨ ᠬᠦᠭᠵᠢᠯᠲᠡ ᠶᠢ ᠠᠬᠢᠭᠤᠯᠵᠤ ᠬᠤᠲᠠ ᠬᠦᠳᠡᠭᠡ ᠶᠢᠨ ᠨᠢᠭᠡ ᠴᠣᠭᠴᠠᠵᠢᠭᠰᠠᠨ ᠬᠦᠭᠵᠢᠯᠲᠡ ᠶᠢ ᠠᠬᠢᠭᠤᠯᠤᠨ᠎ᠠ    ᠬᠤᠲᠠ ᠪᠠᠯᠭᠠᠰᠤ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ︽ᠬᠤᠲᠠ ᠶᠢᠨ ᠳᠤᠲᠤᠷᠠᠬᠢ ᠲᠣᠰᠬᠤᠨ︾ ᠢ ᠥᠭᠡᠷᠡᠴᠢᠯᠡᠬᠦ ᠲᠥᠷᠥᠯ ᠵᠦᠢᠯ ᠢ ᠢᠳᠡᠪᠬᠢᠲᠡᠢ ᠲᠡᠮᠡᠴᠡᠨ ᠣᠯᠵᠤ᠂ ᠵᠠᠮ ᠬᠠᠷᠢᠯᠴᠠᠭᠠᠨ ᠤ ᠲᠦᠭᠵᠢᠷᠡᠯ ᠤᠨ ᠠᠰᠠᠭᠤᠳᠠᠯ ᠢ ᠶᠡᠭᠡ ᠬᠦᠴᠦ ᠣᠷᠣᠭᠤᠯᠤᠨ ᠰᠢᠢᠳᠪᠤᠷᠢᠯᠡᠵᠤ᠂ 1500 ᠲᠡᠷᠭᠡᠨ ᠵᠣᠭᠰᠣᠭᠠᠯ ᠢ ᠵᠢᠷᠤᠵᠤ ᠲᠥᠯᠥᠪᠯᠡᠨ᠂ ᠬᠤᠲᠠ ᠪᠠᠯᠭᠠᠰᠤ ᠶᠢ ᠰᠡᠯᠪᠢᠨ ᠵᠠᠰᠠᠵᠤ ᠥᠭᠡᠷᠡᠴᠢᠯᠡᠬᠦ ᠠᠵᠢᠯ ᠢ ᠴᠢᠩᠭᠠᠳᠬᠠᠵᠤ᠂ ᠪᠧᠶ ᠱᠠᠨ ᠵᠡᠭᠡᠯᠢ᠂ ᠱᠠᠨᠳᠦ᠋ᠩ ᠪᠠᠷᠠᠭᠤᠨ ᠵᠡᠭᠡᠯᠢ᠂ ᠰᠢᠶᠠᠨ ᠹᠧᠩ ᠵᠠᠮ ︽ᠬᠤᠶᠠᠷ ᠵᠡᠭᠡᠯᠢ ᠨᠢᠭᠡ ᠵᠠᠮ︾ ᠢ ᠰᠠᠭᠠᠳ ᠥᠬᠡᠶ ᠨᠡᠪᠲᠡᠷᠡᠭᠦᠯᠬᠦ ᠪᠠ ᠥᠷᠭᠡᠳᠬᠡᠨ᠎ᠡ᠃ 30 ᠵᠤᠷᠪᠤᠰ ᠭᠤᠳᠤᠮᠵᠢ ᠶᠢᠨ ᠵᠠᠮ ᠢ ᠥᠭᠡᠷᠡᠴᠢᠯᠡᠵᠦ᠂ ᠪᠠᠯᠭᠠᠰᠤ ᠲᠣᠭᠤᠷᠢᠭ ᠤᠨ ᠪᠢᠴᠢᠯ ᠡᠷᠭᠢᠯᠳᠡ ᠶᠢ ᠰᠠᠭᠠᠳ ᠦᠭᠡᠢ ᠨᠡᠪᠳᠡᠷᠡᠭᠦᠯᠦᠨ᠎ᠡ᠃ ᠪᠣᠷᠣᠭᠠᠨ ᠤ ᠤᠰᠤ ᠶᠢ ᠵᠠᠰᠠᠬᠤ ᠰᠢᠬᠠᠭᠤᠷ ᠤᠨ ᠥᠷᠲᠡᠭᠡ ᠶᠢ 3 ᠪᠠᠶᠢᠭᠤᠯᠵᠤ᠂ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠢ 2.5 ᠺᠢᠯᠣᠮᠧᠲᠷ ᠳᠡᠪᠢᠰᠦᠨ᠎ᠡ᠃ ᠳᠠᠬᠢᠨ ᠠᠰᠢᠭᠯᠠᠬᠤ ᠤᠰᠤ ᠶᠢ ᠡᠭᠡᠭᠦᠯᠦᠨ ᠬᠡᠷᠡᠭᠯᠡᠬᠦ ᠢᠨᠵᠧᠨᠧᠷᠢᠩ ᠢ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠡᠶᠡᠯᠡᠭᠦᠯᠦᠨ᠎ᠡ᠃ ᠬᠤᠭ ᠨᠣᠪᠰᠢ ᠶᠢ ᠢᠯᠭᠠᠨ ᠰᠣᠩᠭᠤᠬᠤ ᠦᠢᠯᠡᠳᠪᠦᠷᠢ ᠶᠢ ᠪᠠᠶᠢᠭᠤᠯᠵᠦ᠂ ᠡᠳᠦᠷ ᠲᠤ 200 ᠲᠣᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠨ᠎ᠡ᠃ ᠬᠤᠲᠠ ᠶᠢᠨ ᠴᠢᠬᠢ ᠮᠣᠳᠣᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠲᠠ ᠶᠢᠨ ᠲᠤᠭᠤᠷᠢᠭ ᠤᠨ 321.4 ᠮᠤ᠋ ᠠᠲᠠᠷᠰᠢᠭᠰᠠᠨ ᠡᠪᠡᠰᠦᠳᠦ ᠭᠠᠵᠠᠷ ᠢ ᠠᠮᠢᠯᠠᠭᠤᠯᠵᠤ᠂ ᠶᠡᠷᠦᠩᠭᠡᠢ ᠬᠡᠮᠵᠢᠶ᠎ᠡ ᠶᠢ 519.6 ᠳ᠋ᠦᠩᠰᠢᠭᠤᠷ ᠮᠤ᠋ ᠳᠤ ᠬᠦᠷᠭᠡᠵᠦ᠂ ᠣᠯᠠᠨ ᠲᠦᠮᠡᠨ ᠳᠤ ᠨᠤᠭᠤᠭᠠᠷᠠᠭᠤᠯᠤᠯᠳᠠ ᠶᠢᠨ ᠣᠷᠣᠨ ᠵᠠᠶ ᠶᠢ ᠬᠠᠮᠲᠤᠪᠠᠷ ᠡᠳ᠋ᠯᠡᠭᠦᠯᠦᠨ᠎ᠡ᠃    ᠬᠤᠲᠠ ᠪᠠᠯᠭᠠᠰᠤᠨ ᠤ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭ᠎ᠠ ᠠᠳᠬᠤᠨ᠎ᠠ᠃ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ︽ᠭᠤᠷᠪᠠᠨ ᠣᠷᠣᠨ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠢ ᠴᠢᠩᠭ᠎ᠠ ᠨᠠᠶᠢᠳᠠᠪᠤᠷᠢᠵᠢᠭᠤᠯᠤᠨ᠂ ᠬᠠᠤᠯᠢ ᠠᠴᠠ ᠵᠥᠷᠢᠴᠡᠨ ᠪᠦᠲᠦᠭᠡᠨ ᠪᠠᠶᠢᠭᠤᠯᠬᠤ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ᠃ ᠬᠤᠲᠠ ᠪᠠᠯᠭᠠᠰᠤ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠡᠷ ᠤᠨ ᠭᠠᠳᠠᠨᠠᠬᠢ ᠵᠠᠷ ᠮᠡᠳᠡᠭᠡ᠂ ᠵᠠᠮ ᠬᠠᠷᠢᠯᠴᠠᠭᠠᠨ ᠤ ᠡᠮᠬᠢ ᠵᠢᠷᠤᠮ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠡᠯᠭᠦᠭᠡᠰᠦᠳᠡᠢ ᠤᠳᠠᠰᠤᠨ ᠤ ︽ᠲᠠᠪᠤᠨ ᠵᠤᠶᠢᠯ ᠤᠨ ᠴᠡᠭᠴᠡᠯᠡᠨ ᠵᠠᠰᠠᠯᠲᠠ︾ ᠶᠢ ᠭᠦᠨᠵᠡᠭᠡᠶ ᠥᠷᠨᠢᠭᠦᠯᠵᠦ᠂ ᠪᠤᠶᠢᠳᠠ ᠵᠡᠭᠡᠯᠢ ᠪᠦᠭᠯᠡᠬᠦᠦ ᠭᠤᠳᠤᠮᠵᠢ ᠪᠠ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠎ᠠ᠃ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠳᠠᠯ ᠠᠬᠤᠶ ᠶᠢᠨ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠡᠬᠢᠯᠡᠭᠦᠯᠵᠦ᠂ ᠠᠳᠠᠯ ᠠᠬᠤᠶ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ︽ᠬᠤᠪᠢᠰᠬᠠᠯᠲᠤ ᠠᠳᠠᠯ ᠠᠬᠤᠶ︾᠂ ᠥᠮᠴᠢᠲᠡᠨ ᠤ ᠵᠥᠪᠯᠡᠯ᠂ ᠠᠳᠠᠯ ᠠᠬᠤᠶ ᠶᠢᠨ ᠬᠠᠮᠢᠶᠠᠷᠤᠯᠲᠠ ᠶᠢᠨ ᠵᠥᠪᠯᠡᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠠᠭᠤᠴᠢᠨ ᠪᠠᠭ᠎ᠠ ᠲᠣᠭᠤᠷᠢᠭ ᠤᠨ ᠥᠭᠡᠷᠡᠴᠢᠯᠡᠯᠲᠡ ᠶᠢᠨ ᠳᠠᠷᠠᠭᠠᠬᠢ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠴᠠ ᠶᠢ ᠵᠡᠷᠭᠡ ᠳᠤᠨᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃    ᠣᠷᠣᠰᠢᠨ ᠰᠠᠭᠤᠬᠤ ᠳᠤ ᠲᠠᠭᠠᠯᠠᠮᠵᠢᠲᠠᠢ ᠠᠵᠢᠯᠯᠠᠬᠤ ᠳᠤ ᠲᠣᠬᠢᠷᠠᠮᠵᠢᠲᠠᠢ ᠡᠶ᠎ᠡ ᠵᠤᠬᠢᠴᠠᠯᠳᠤ ᠦᠵᠡᠰᠬᠦᠯᠡᠩᠲᠦ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ᠠᠵᠤ ᠦᠢᠯᠡᠰ ᠢᠶᠠᠷ ᠭᠠᠴᠠᠭ᠎ᠠ ᠲᠣᠰᠬᠤᠨ ᠢ ᠪᠠᠶᠠᠵᠢᠭᠤᠯᠤᠨ᠎ᠠ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠬᠤᠰᠢᠭᠤ ᠰᠢᠶᠠᠨ ᠵᠠᠭᠤᠨ ᠰᠤᠮᠤ ᠰᠢᠶᠠᠩ ᠮᠢᠩᠭᠠᠨ ᠭᠠᠴᠠᠭ᠎ᠠ ᠲᠣᠰᠬᠤᠨ︾ ᠤ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠬᠤ ᠢᠨᠵᠧᠨᠧᠷᠢᠩ ᠲᠠᠢ ᠤᠶᠠᠯᠳᠤᠭᠤᠯᠤᠨ᠂ ᠵᠢᠱᠢᠶ᠎ᠡ ᠦᠵᠡᠭᠦᠯᠬᠦ ᠰᠤᠮᠤ ᠰᠢᠶᠠᠩ ᠪᠠᠯᠭᠠᠰᠤ 2᠂ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ 22 ᠪᠠᠶᠢᠭᠤᠯᠤᠨ᠎ᠠ᠃ ᠨᠤᠲᠤᠭ ᠤᠨ ᠣᠨᠴᠠ ᠭᠠᠷᠤᠯᠲᠠ ᠶᠢ ᠰᠢᠯᠢᠳᠡᠭᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠤᠲᠤᠷᠭ᠎ᠠ᠂ ᠦᠬᠡᠷ ᠤᠨ ᠮᠢᠬ᠎ᠠ᠂ ᠰᠢᠨ᠎ᠡ ᠰᠣᠷᠭᠤᠭ ᠡᠷᠳᠡᠨᠢ ᠰᠢᠰᠢ ᠵᠡᠷᠭᠡ ᠪᠦᠲᠦᠭᠡᠭᠳᠡᠬᠦᠨ ᠤ ᠲᠥᠷᠥᠯ ᠢ ᠭᠤᠤᠯᠳᠠᠯᠭ᠎ᠠ ᠲᠠᠢ ᠪᠤᠢ ᠪᠤᠯᠭᠠᠨ ᠬᠥᠭᠵᠢᠭᠦᠯᠵᠦ᠂ ᠦᠢᠯᠡᠳᠬᠦᠨ ᠤ ᠥᠷᠲᠡᠭ ᠢ 7.37 ᠳ᠋ᠦᠩᠰᠢᠭᠤᠷ ᠲᠥᠭᠦᠷᠢᠭ ᠲᠤ ᠬᠦᠷᠭᠡᠵᠦ᠂ ᠪᠣᠷᠣᠯᠠᠭᠤᠯᠤᠯᠲᠠ ᠶᠢᠨ ᠬᠡᠮᠵᠢᠶ᠎ᠡ ᠶᠢ ᠠᠳᠠᠯᠢ ᠬᠤᠭᠤᠴᠠᠭᠠᠨ ᠤ ᠬᠢ ᠠᠴᠠ 15% ᠪᠠᠷ ᠨᠡᠮᠡᠭᠳᠡᠭᠦᠯᠦᠨ᠂ ᠮᠠᠯᠵᠢᠬᠤ ᠲᠠᠷᠢᠶᠠᠯᠠᠬᠤ ᠤᠷᠤᠨ ᠤ 1.5 ᠲᠦᠮᠡᠨ ᠡᠷᠦᠬᠡ ᠳᠠᠶᠢᠴᠢᠯᠠᠵᠤ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 3000 ᠲᠥᠭᠦᠷᠢᠭ ᠨᠡᠮᠡᠭᠳᠡᠭᠦᠯᠦᠨ᠎ᠡ᠃ ᠬᠦᠢᠲᠡᠨ ᠭᠠᠵᠠᠷ ᠤᠨ ᠬᠡᠷᠬᠢᠨᠡᠭ ᠮᠦᠭᠦ᠂ ᠲᠣᠮᠣ ᠢᠩᠲᠤᠤᠷ᠂ ᠲᠣᠣᠷᠯᠢᠭ ᠠᠷ ᠲᠠᠢ ᠬᠡᠮᠬᠡ ᠵᠡᠷᠭᠡ ᠲᠥᠬᠦᠭᠡᠷᠦᠮᠵᠢᠲᠦ ᠲᠠᠷᠢᠶᠠᠯᠠᠩ ᠤᠨ ᠬᠡᠪᠴᠢᠶ᠎ᠡ ᠶᠢ ᠥᠷᠭᠡᠳᠬᠡᠵᠦ᠂ ᠲᠣᠮᠣ ᠢᠩᠲᠣᠣᠷ ᠤᠨ ᠲᠠᠷᠢᠶᠠᠯᠠᠩ ᠬᠡᠷᠡᠯ ᠤᠨ ᠬᠠᠷᠢᠯᠴᠠᠨ ᠨᠥᠬᠦᠪᠥᠷᠢᠯᠡᠬᠦ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠪᠤᠯᠠᠭᠠᠨᠬᠤᠸᠠ ᠰᠤᠮᠤ ᠶᠢᠨ ᠲᠦᠬᠦᠭᠡᠷᠦᠮᠵᠢᠲᠦ ᠲᠠᠷᠢᠶᠠᠯᠠᠩ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠬᠦᠯᠡᠮᠵᠢ ᠶᠢ 210 ᠰᠠᠭᠤᠷᠢ᠂ 600 ᠮᠥ ᠪᠥᠲᠥᠭᠡᠨ ᠪᠠᠶᠢᠭᠤᠯᠵᠤ᠂ ᠲᠥᠬᠦᠭᠡᠷᠦᠮᠵᠢᠲᠦ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠬᠠᠷᠢᠴᠠᠯ ᠢ 80 % ᠳᠤ ᠬᠦᠷᠦᠭᠦᠯᠦᠨ᠎ᠡ᠃ ᠬᠦᠷᠢᠶ᠎ᠡ ᠬᠠᠰᠢᠶ᠎ᠠ ᠶᠢᠨ ᠠᠵᠤ ᠠᠬᠤᠶ ᠶᠢᠨ ᠲᠥᠷᠥᠯ ᠵᠦᠢᠯ ᠢ ᠴᠢᠨᠠᠷ ᠰᠠᠶᠢᠲᠠᠶ ᠬᠥᠭᠵᠢᠭᠦᠯᠵᠦ᠂ ᠲᠤᠰᠬᠠᠶ ᠭᠠᠴᠠᠭ᠎ᠠ ᠲᠣᠰᠬᠤᠨ ᠢ 50 ᠠᠴᠠ ᠳᠡᠭᠡᠭᠰᠢ ᠲᠡᠳᠬᠦᠵᠦ᠂ 3 ᠵᠢᠱᠢᠶ᠎ᠡ ᠦᠵᠡᠭᠦᠯᠬᠦ ᠪᠦᠰᠡ ᠶᠢ ᠪᠥᠲᠥᠭᠡᠨ ᠪᠠᠶᠢᠭᠤᠯᠤᠨ᠎ᠠ᠃ ᠰᠤᠶᠤᠯ ᠢᠶᠠᠷ ᠭᠠᠴᠠᠭ᠎ᠠ ᠲᠣᠰᠬᠤᠨ ᠢ ᠡᠶᠡᠰᠢᠭᠦᠯᠦᠨ᠎ᠡ᠃ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠵᠠᠩ ᠳᠠᠳᠬᠠᠯ ᠢ ᠥᠭᠡᠷᠡᠴᠢᠯᠡᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠠᠴᠢᠯᠠᠯᠳᠤ ᠰᠣᠶᠣᠯ ᠢ ᠶᠡᠬᠡᠪᠡᠷ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠢ ᠪᠤᠶᠢᠵᠢᠭᠤᠯᠵᠤ᠂ ᠬᠥᠳᠡᠭᠡ ᠲᠣᠰᠬᠤᠨ ᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠲᠡᠭᠦᠯᠳᠡᠷᠵᠢᠭᠦᠯᠵᠦ᠂ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠲᠡᠮᠵᠢᠨ᠎ᠡ᠃ ᠴᠢᠳᠠᠪᠤᠷᠢᠲᠠᠨ ᠢᠶᠠᠷ ᠭᠠᠴᠠᠭ᠎ᠠ ᠲᠣᠰᠬᠤᠨ ᠢ ᠬᠥᠭᠵᠢᠭᠦᠯᠦᠨ᠎ᠡ᠃ ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ ᠢ ᠬᠡᠷᠡᠭᠵᠢᠭᠦᠯᠵᠦ᠂ ᠨᠢᠭᠡ ᠪᠦᠯᠦᠭ ︽ᠨᠤᠲᠤᠭ ᠤᠨ ᠲᠤᠰᠬᠠᠢ ᠮᠡᠷᠭᠡᠵᠢᠯᠲᠡᠨ︾᠂ ︽ᠲᠠᠷᠢᠶᠠᠨ ᠭᠠᠵᠠᠷ ᠤᠨ ᠴᠢᠳᠠᠪᠤᠷᠢᠲᠠᠨ︾᠂ ᠠᠵᠤ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠶᠢ ᠴᠢᠷᠮᠠᠶᠢᠨ ᠬᠥᠮᠥᠵᠢᠭᠦᠯᠵᠦ᠂ ︽ᠬᠥᠳᠡᠭᠡ ᠲᠣᠰᠬᠤᠨ ᠤ ᠤᠷᠠᠨ ᠳᠠᠷᠬᠠᠨ︾ ᠢ 75 ᠬᠥᠮᠥᠨ ᠠᠴᠠ ᠳᠡᠭᠡᠭᠰᠢ ᠮᠠᠭᠠᠳᠯᠠᠨ ᠲᠣᠭᠲᠠᠭᠠᠬᠤ ᠶᠢ ᠪᠡᠶᠡᠯᠡᠭᠦᠯᠵᠦ᠂ ᠰᠠᠭᠠᠳ ᠦᠭᠡᠢ ᠵᠠᠮ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠡᠭᠡᠳᠦ ᠲᠡᠰ ᠤᠨ ᠪᠠ ᠪᠠᠴᠢᠮ ᠬᠡᠷᠡᠭᠰᠡᠬᠦ ᠴᠢᠳᠠᠪᠤᠷᠢᠲᠠᠨ ᠢ 45 ᠣᠷᠣᠭᠤᠯᠤᠨ ᠠᠪᠴᠢᠷᠠᠨ᠎ᠠ᠃ ᠠᠮᠢ ᠠᠬᠤᠢ ᠪᠠᠷ ᠭᠠᠴᠠᠭ᠎ᠠ ᠲᠣᠰᠬᠤᠨ ᠢ ᠭᠤᠶᠤᠯᠠᠨ᠎ᠠ᠃ 20 ᠬᠥᠳᠡᠭᠡ ᠲᠣᠰᠬᠤᠨ ᠢ ᠨᠣᠭᠤᠭᠠᠷᠠᠭᠤᠯᠤᠨ ᠭᠤᠶᠤᠵᠢᠭᠤᠯᠵᠤ᠂ 1500 ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠵᠦ᠂ 144.5 ᠺᠢᠯᠣᠮᠧᠲᠷ ᠪᠣᠬᠢᠷ ᠤᠰᠤᠨ ᠤ ᠬᠤᠭᠤᠯᠠᠢ ᠶᠢ ᠤᠭᠰᠠᠷᠠᠵᠤ᠂ ᠤᠰᠤ ᠬᠠᠩᠭᠠᠬᠤ ᠤᠰᠤ ᠲᠠᠲᠠᠷᠠᠭᠤᠯᠬᠤ ᠶᠢ ᠨᠢᠭᠡ ᠴᠣᠭᠴᠠᠵᠢᠭᠤᠯᠤᠭᠰᠠᠨ 2 ᠲᠥᠷᠥᠯ ᠵᠦᠢᠯ ᠢ ᠪᠦᠲᠦᠭᠡᠨ ᠪᠠᠶᠢᠭᠤᠯᠵᠤ᠂ 301 ᠲᠠᠷᠢᠶᠠᠴᠢᠨ ᠡᠷᠦᠬᠡ ᠶᠢ ᠬᠠᠮᠤᠷᠤᠭᠤᠯᠵᠤ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠠᠵᠤ ᠠᠬᠤᠢ ᠶᠢᠨ ᠣᠢ᠂ ᠬᠥᠭᠦᠷᠭᠡ ᠶᠢᠨ ᠭᠤᠯᠳᠤᠩ ᠤᠨ ᠪᠦᠲᠦᠭᠡᠨ ᠪᠠᠶᠢᠭᠤᠯᠤᠯᠲᠠ᠂ ᠭᠤᠳᠤᠮᠵᠢᠨ ᠵᠠᠮ ᠢ ᠬᠠᠲᠠᠭᠤᠷᠠᠭᠤᠯᠬᠤ ᠵᠡᠷᠭᠡ ᠬᠥᠳᠡᠭᠡ ᠲᠣᠰᠬᠤᠨ ᠤ ᠵᠢᠵᠢᠭ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠢ ᠠᠬᠢᠭᠤᠯᠤᠨ᠎ᠠ᠃ ᠬᠤᠯᠪᠣᠭ᠎ᠠ ᠪᠠᠯᠭᠠᠰᠤᠨ ᠤ ᠪᠥᠬᠦ ᠣᠷᠣᠨ ᠪᠦᠰᠡ ᠶᠢᠨ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠰᠢᠶᠠᠨ ᠹᠧᠩ᠂ ᠱᠦᠢ ᠲᠢᠶᠠᠨ᠂ ᠶᠦᠩ ᠰᠢᠩ᠂ ᠡᠤ ᠵᠢᠶᠠ ᠽᠢ ᠲᠣᠰᠬᠤᠨ ᠢ ᠰᠢᠨ᠎ᠡ ᠰᠠᠭᠤᠴᠠ ᠳᠤ ᠨᠡᠭᠦᠯᠭᠡᠵᠦ᠂ ᠭᠠᠵᠠᠷ ᠰᠢᠷᠣᠶ ᠶᠢᠨ ᠨᠡᠮᠡᠭᠳᠡᠯ ᠬᠤᠷᠤᠭᠳᠠᠯ ᠤᠨ ᠲᠥᠷᠥᠯ ᠵᠦᠢᠯ ᠢ ᠶᠡᠬᠡᠪᠡᠷ ᠠᠬᠢᠭᠤᠯᠤᠨ᠎ᠠ᠃ ᠨᠠᠮ ᠤᠨ ᠪᠠᠶᠢᠭᠤᠯᠤᠯᠲᠠ ᠪᠠᠷ ᠲᠣᠰᠬᠤᠨ ᠢ ᠬᠦᠴᠦᠷᠭᠡᠭᠵᠢᠭᠦᠯᠦᠨ᠎ᠡ᠃ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠭᠦᠨᠵᠡᠭᠡᠶᠢᠷᠡᠭᠦᠯᠵᠦ ᠬᠤᠪᠢᠴᠠᠭᠠᠳᠤ ᠲᠦᠷᠢᠮ ᠤᠨ ᠬᠤᠷᠰᠢᠶᠠᠵᠢᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠥᠪᠡᠷ ᠤᠨ ᠦᠷᠳᠡᠭ ᠢ ᠪᠠᠭᠤᠷᠠᠭᠤᠯᠵᠤ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠳᠤ ᠦᠢᠯᠡᠴᠢᠯᠡᠬᠦ ᠬᠠᠮ ᠠᠷᠭ᠎ᠠ ᠪᠠᠷᠢᠯ ᠢ ᠰᠠᠶᠢᠲᠤᠷ ᠬᠡᠷᠡᠭᠯᠡᠨ᠎ᠡ᠃ ᠬᠥᠳᠡᠭᠡ ᠲᠣᠰᠬᠤᠨ ︵ᠨᠡᠶᠢᠭᠡᠮ ᠲᠣᠭᠤᠷᠢᠭ︶ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ︽ᠲᠠᠪᠤ ᠶᠢ ᠵᠠᠰᠠᠬᠤ︾ ᠶᠢᠨ ᠠᠭᠤᠰᠤᠯᠴᠠᠯ ᠢ ᠠᠬᠢᠭᠤᠯᠵᠤ ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢ ᠴᠢᠳᠠᠮᠠᠭᠠᠢ ᠪᠠᠷ ᠵᠠᠰᠠᠬᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠬᠤᠪᠢ ᠬᠤᠷᠠᠮᠳᠤᠭᠤᠯᠬᠤ ᠳᠦᠷᠢᠮ ᠤᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠤᠯᠠᠨ ᠲᠦᠮᠡᠨ ᠤ ᠬᠥᠳᠡᠭᠡ ᠲᠣᠰᠬᠤᠨ ᠤ ᠵᠠᠰᠠᠯᠲᠠ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠦᠨ᠎ᠡ᠃    ︵ᠵᠢᠷᠭᠤᠭ᠎ᠠ︶ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ ᠠᠵᠠ ᠵᠢᠷᠭᠠᠯ ᠢ ᠬᠦᠭᠡᠭᠡᠴᠡᠯᠳᠦᠭᠦᠯᠵᠦ ᠠᠷᠠᠳ ᠲᠦᠮᠡᠨ ᠤ ᠵᠤᠯ ᠵᠢᠷᠭᠠᠯ ᠤᠨ ᠵᠢᠭᠠᠯᠳᠠ ᠲᠤᠭ᠎ᠠ ᠶᠢ ᠳᠡᠭᠡᠭᠰᠢᠯᠡᠭᠦᠯᠦᠨ᠎ᠡ    ︽ᠳᠤᠯᠠᠭᠠᠯᠠᠭ᠎ᠠ︾ ᠶᠢᠨ ᠢᠨᠵᠧᠨᠧᠷᠢᠩ ᠢ ᠰᠠᠶᠢᠲᠤᠷ ᠠᠳᠬᠤᠨ᠎ᠠ᠃ ᠡᠪᠦᠯ ᠤᠨ ᠤᠯᠠᠷᠢᠯ ᠤᠨ ᠳᠤᠯᠠᠭᠠᠯᠠᠭ᠎ᠠ ᠬᠠᠩᠭᠠᠬᠤ ᠠᠰᠠᠭᠤᠳᠠᠯ ᠢ ᠭᠤᠤᠯᠳᠠᠯᠭ᠎ᠠ ᠲᠠᠢ ᠰᠢᠢᠳᠪᠤᠷᠢᠯᠡᠵᠦ᠂ ︽ᠡᠪᠦᠯ ᠤᠨ ᠠᠷᠬᠠᠭ ᠢ ᠵᠤᠨ ᠵᠠᠰᠠᠬᠤ︾ ᠶᠢ ᠪᠡᠶᠡᠯᠡᠭᠦᠯᠵᠦ᠂ ᠡᠪᠦᠯ ᠤᠨ ᠤᠯᠠᠷᠢᠯ ᠤᠨ ᠳᠤᠯᠠᠭᠠᠯᠠᠭ᠎ᠠ ᠬᠠᠩᠭᠠᠬᠤ ᠨᠢ ᠠᠷᠠᠳ ᠤᠯᠠᠨ ᠤ ᠪᠡᠶ᠎ᠡ ᠶᠢ ᠳᠤᠯᠠᠭᠠᠯᠠᠬᠤ ᠪᠠᠷ ᠪᠠᠷᠠᠬᠤ ᠥᠬᠡᠶ ᠪᠠᠰᠠ ᠰᠡᠳᠬᠢᠯ ᠢ ᠳᠤᠯᠠᠭᠠᠴᠠᠭᠤᠯᠬᠤ ᠪᠠᠷ ᠴᠢᠷᠮᠠᠶᠢᠨ᠎ᠠ᠃ ᠬᠥᠳᠡᠭᠡ ᠲᠣᠰᠬᠤᠨ ᠤ ︽ᠳᠤᠯᠠᠭᠠᠯᠠᠭ᠎ᠠ︾ ᠶᠢᠨ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠮᠠᠯᠴᠢᠨ ᠲᠠᠷᠢᠶᠠᠴᠢᠨ ᠤ ᠡᠷᠦᠬᠡ ᠪᠦᠷᠢ ᠳᠤ 2 ᠲᠣᠨ ᠰᠡᠳᠬᠢᠯ ᠢ ᠨᠢ ᠳᠤᠯᠠᠭᠠᠴᠠᠭᠤᠯᠬᠤ ᠨᠡᠭᠦᠷᠡᠰᠦ ᠶᠢ ᠰᠠᠶᠢᠲᠤᠷ ᠪᠠᠲᠤᠯᠠᠨ᠎ᠠ᠃ ᠬᠤᠲᠠ ᠪᠠᠯᠭᠠᠰᠤᠨ ᠤ ᠳᠤᠯᠠᠭᠠᠯᠠᠭ᠎ᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠪᠥᠸᠧ ᠨᠧᠩ ᠠᠮᠢᠳᠤ ᠪᠣᠳᠠᠰ ᠤᠨ ᠮᠠᠰ ᠤᠨ ᠢᠯᠴᠢ ᠶᠢᠨ ᠴᠠᠬᠢᠯᠭᠠᠨ ᠤ ᠦᠢᠯᠡᠳᠪᠦᠷᠢ ᠠᠴᠠ ᠬᠤᠶᠠᠳᠤᠭᠠᠷ ᠢᠯᠴᠢ ᠡᠭᠦᠰᠭᠡᠭᠴᠢ ᠶᠢᠨ ᠢᠵᠢ ᠪᠦᠷᠢᠳᠦᠭᠦᠯᠬᠦ ᠢᠨᠵᠧᠨᠧᠷᠢᠩ ᠢ ᠬᠡᠷᠡᠭᠵᠢᠭᠦᠯᠵᠦ᠂ 3371 ᠮᠧᠲᠷ ᠤᠨ ᠢᠯᠴᠢ ᠬᠠᠩᠭᠠᠬᠤ ᠬᠤᠭᠤᠯᠠᠶ ᠶᠢ ᠰᠢᠨ᠎ᠡ ᠪᠠᠷ ᠤᠭᠰᠠᠷᠠᠵᠤ᠂ ᠢᠨᠳᠡᠷ ᠪᠠᠯᠭᠠᠰᠤᠨ ᠤ ᠨᠢᠭᠡᠳᠦᠭᠡᠷ ᠢᠯᠴᠢ ᠶᠢᠨ ᠢᠷᠡᠯᠲᠡ ᠶᠢᠨ ᠲᠥᠪᠯᠡᠷᠡᠭᠦᠯᠦᠨ ᠢᠯᠴᠢ ᠬᠠᠩᠭᠠᠬᠤ ᠵᠤᠤᠬ᠎ᠠ ᠶᠢ ᠲᠠᠰ ᠳᠡᠪᠰᠢᠭᠦᠯᠬᠦ᠂ ᠢᠯᠴᠢ ᠰᠣᠯᠢᠯᠴᠠᠬᠤ ᠥᠷᠲᠡᠭᠡ ᠪᠠ ᠪᠦᠬᠦᠯᠢ 20 ᠵᠢᠯ ᠪᠤᠯᠤᠭᠰᠠᠨ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢ ᠠᠬᠢᠭᠤᠯᠵᠤ᠂ ᠣᠶᠤᠨᠯᠢᠭ ᠢᠯᠴᠢ ᠬᠠᠩᠭᠠᠬᠤ ᠲᠥᠷᠥᠯ ᠵᠦᠢᠯ ᠢ ᠰᠦᠪᠡᠭᠴᠢᠯᠡᠨ᠎ᠡ᠃    ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠨᠠᠩ ᠢᠳᠡᠪᠬᠢᠲᠡᠶ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ 1600 ᠲᠦᠮᠡᠨ ᠲᠥᠭᠦᠷᠢᠭ ᠲᠠᠯᠪᠢᠵᠤ᠂ ᠬᠤᠲᠠ ᠪᠠᠯᠭᠠᠰᠤ ᠶᠢᠨ ᠠᠵᠢᠯ ᠣᠯᠭᠤᠯᠲᠠ ᠶᠢ 800 ᠬᠥᠮᠦᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠠᠵᠢᠯ ᠣᠯᠭᠤᠬᠤ ᠦᠢᠯᠡᠴᠢᠯᠡᠭᠡᠨ ᠤ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠠᠵᠢᠯᠯᠠᠭ᠎ᠠ ᠶᠢ 100 ᠲᠠᠯᠠᠪᠤᠷ ᠤᠳᠠᠭ᠎ᠠ ᠡᠷᠭᠢᠯᠡᠵᠦ᠂ ᠨᠥᠬᠦᠪᠥᠷᠢ ᠶᠢᠨ ᠴᠢᠨᠠᠷᠲᠠᠶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 1000 ᠬᠥᠮᠦᠨ ᠠᠴᠠ ᠳᠡᠭᠡᠭᠰᠢ ᠥᠷᠨᠢᠭᠦᠯᠦᠨ᠎ᠡ᠃ 2 ᠲᠦᠮᠡ ᠠᠴᠠ ᠳᠡᠭᠡᠭᠰᠢ ᠮᠠᠯᠴᠢᠨ ᠲᠠᠷᠢᠶᠠᠴᠢᠨ ᠢ ᠭᠠᠳᠠᠭᠰᠢ ᠰᠢᠯᠵᠢᠭᠦᠯᠦᠨ ᠠᠵᠢᠯ ᠣᠯᠭᠤᠵᠤ᠂ ︽ᠴᠡᠭ ᠠᠴᠠ ᠴᠡᠭ ᠲᠤ ᠬᠦᠷᠬᠦ︾ ᠬᠥᠳᠡᠯᠮᠦᠷᠢ ᠬᠦᠴᠦᠨ ᠤ ᠭᠠᠷᠭᠠᠯᠲᠠ ᠶᠢ 200 ᠬᠥᠮᠦᠨ ︵ᠤᠳᠠᠭ᠎ᠠ︶ ᠠᠴᠠ ᠳᠡᠭᠡᠭᠰᠢ ᠶᠢ ᠪᠡᠶᠡᠯᠡᠬᠦᠯᠦᠨ᠎ᠡ᠃    ᠨᠡᠶᠢᠭᠡᠮ ᠤᠨ ᠦᠢᠯᠡᠰ ᠢ ᠨᠢᠮᠪᠠᠢ ᠰᠠᠶᠢᠨ ᠡᠷᠭᠢᠯᠡᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠤ ᠴᠢᠨᠠᠷ ᠰᠠᠶᠢᠲᠠᠶ ᠲᠦᠭᠡᠮᠡᠯ ᠬᠠᠷᠠᠭᠠᠯᠵᠠᠯ ᠦᠵᠡᠭᠦᠯᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠪᠠᠶᠢᠬᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠣᠨᠴᠠᠯᠢᠭ᠂ ᠣᠨᠴᠠᠭᠠᠶ ᠰᠤᠷᠭᠠᠨ ᠬᠥᠮᠦᠵᠢᠯ ᠢ ᠠᠭᠤᠰᠤᠯᠴᠠᠭᠤᠯᠤᠨ ᠬᠥᠭᠵᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠠᠪᠤᠳᠤᠭᠠᠷ ᠬᠡᠤᠬᠡᠳ ᠤᠨ ᠴᠡᠴᠡᠷᠯᠢᠭ ᠤᠨ ᠴᠡᠴᠡᠷᠯᠢᠭ ᠨᠡᠭᠡᠭᠡᠨ ᠰᠣᠷᠣᠭᠴᠢ ᠡᠯᠰᠡᠬᠦ᠂ ᠪᠠᠶᠠᠨᠵᠢᠯᠠᠭ᠎ᠠ ᠭᠤᠤᠯ ᠰᠤᠷᠭᠠᠭᠤᠯᠢ ᠶᠢᠨ ᠪᠠᠭᠰᠢ ᠶᠢᠨ ᠠᠮᠠᠷᠠᠯᠳᠠ ᠶᠢᠨ ᠪᠠᠶᠢᠷᠢ᠂ ᠢᠨᠳᠡᠷ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠲᠤᠷᠰᠢᠯᠲᠠ ᠶᠢᠨ ᠠᠰᠠᠷ᠂ ᠢᠨᠳᠡᠷ ᠳᠣᠯᠣᠳᠤᠭᠠᠷ ᠪᠠᠭ᠎ᠠ ᠰᠤᠷᠭᠠᠭᠤᠯᠢ ᠶᠢᠨ 2 ᠨᠤᠮᠧᠷᠳᠤ ᠵᠢᠭᠠᠨ ᠰᠤᠷᠭᠠᠯᠲᠠ ᠶᠢᠨ ᠠᠰᠠᠷ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠣᠷᠣᠨ ᠤ ᠲᠠᠰ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠵᠢᠱᠢᠶ᠎ᠡ ᠦᠵᠡᠭᠦᠯᠬᠦ ᠰᠤᠷᠭᠠᠭᠤᠯᠢ ᠪᠠ ᠬᠤᠤᠰ ᠰᠢᠯᠢᠳᠡᠭ ᠰᠤᠷᠭᠠᠭᠤᠯᠢ ᠶᠢᠨ ᠨᠠᠷᠠᠲᠤ ᠲᠡᠮᠳᠡᠭᠲᠦ ᠶᠢ ᠴᠢᠷᠮᠠᠶᠢᠨ ᠡᠭᠦᠳᠦᠨ᠎ᠡ᠃ ᠨᠢᠭᠲᠠᠷᠠᠭᠰᠠᠨ ᠬᠡᠯᠪᠡᠷᠢ ᠶᠢᠨ ᠬᠤᠰᠢᠭᠤ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠡᠷᠡᠭᠦᠯ ᠮᠡᠨᠳᠦ ᠶᠢᠨ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠤᠨ᠂ ︽ᠤᠶᠤᠨᠲᠤ ᠬᠡᠷ ᠤᠨ ᠡᠮᠨᠡᠯᠭᠡ︾ ᠶᠢ ᠰᠦᠪᠡᠭᠴᠢᠯᠡᠨ᠎ᠡ᠃ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠡᠪᠡᠳᠴᠢᠲᠡᠨ ᠤ ᠠᠰᠠᠷ ᠤᠨ ᠡᠩ ᠤᠨ ᠦᠶ᠎ᠡ ᠪᠠ ᠬᠢᠵᠢᠭ ᠤᠨ ᠪᠠᠶᠢᠳᠠᠯ ᠢ ᠤᠶᠠᠯᠳᠤᠭᠤᠯᠤᠨ ᠰᠣᠯᠢᠵᠤ ᠪᠣᠯᠬᠤ ᠡᠪᠡᠳᠴᠢᠲᠡᠨ ᠤ ᠲᠣᠭᠤᠷᠢᠭ᠂ ᠬᠠᠯᠳᠠᠪᠤᠷᠢᠲᠤ ᠡᠪᠡᠳᠴᠢᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠢᠲᠠᠳ ᠡᠮᠨᠡᠯᠭᠡ ᠶᠢᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠠᠰᠠᠷ᠂ ᠬᠡᠦᠬᠡᠳ ᠤᠨ ᠡᠮᠨᠡᠯᠭᠡ ᠶᠢᠨ ᠬᠤᠷᠢᠶ᠎ᠠ ᠶᠢ ᠠᠰᠢᠭᠯᠠᠯᠲᠠ ᠳᠤ ᠣᠷᠣᠭᠤᠯᠤᠨ᠎ᠠ᠃ ᠲᠦᠷᠭᠡᠨ ᠡᠮᠴᠢᠯᠡᠭᠡ ᠲᠦᠷᠭᠡᠨ ᠠᠪᠤᠷᠠᠯᠲᠠ ᠶᠢᠨ ︽ᠲᠠᠪᠤᠨ ᠲᠥᠪ︾ ᠢ ᠲᠡᠭᠦᠯᠳᠡᠷᠵᠢᠭᠦᠯᠵᠦ᠂ ᠪᠠᠶᠠᠨᠭᠤᠣᠯ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢ ᠪᠠᠶᠢᠭᠤᠯᠵᠤ᠂ ᠰᠢᠨᠯᠢᠨ᠂ ᠬᠤᠯᠪᠤᠭ᠎ᠠ᠂ ᠪᠠᠶ᠋ᠬᠠᠤᠯᠠᠭᠠᠨ ᠵᠡᠷᠭᠡ ᠬᠤᠰᠢᠭᠤ ᠰᠢᠶᠠᠨ ᠤ ᠬᠡᠪᠴᠢᠶᠡᠨ ᠳᠠᠬᠢ ᠳᠡᠳ᠋ ᠲᠥᠪ ᠪᠣᠯᠤᠨ ᠬᠥᠳᠡᠭᠡ ᠲᠣᠰᠬᠤᠨ ᠤ ᠲᠦᠷᠭᠡᠨ ᠠᠪᠤᠷᠠᠯᠲᠠ ᠶᠢᠨ ᠬᠤᠪᠢᠶᠠᠷᠢ ᠲᠥᠪ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠬᠦᠨᠳᠦ ᠡᠪᠡᠳᠴᠢᠲᠡᠨ ᠢ ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠡᠷᠢᠭ ᠠᠷᠠᠳ ᠤᠨ ᠠᠭᠤᠰᠤᠯᠴᠠᠯ  ᠢ ᠢᠳᠡᠪᠬᠢᠲᠡᠢ ᠠᠬᠢᠭᠤᠯᠵᠤ᠂ ᠰᠢᠨ᠎ᠡ ᠨᠢᠭᠡ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠠᠵᠢᠯ ᠢ ᠴᠢᠷᠮᠠᠶᠢᠨ ᠪᠡᠶᠡᠯᠡᠭᠦᠯᠦᠨ᠎ᠡ᠃    ︽ᠨᠠᠰᠤᠳᠠᠶᠢᠴᠤᠤᠳ ᠪᠤᠯᠤᠨ ᠨᠢᠯᠬᠠᠰ︾ ᠤᠨ ᠠᠵᠢᠯ ᠢ ᠪᠠᠲᠤᠲᠠᠶ ᠰᠠᠶᠢᠲᠤᠷ ᠬᠢᠨ᠎ᠡ᠃ ᠨᠠᠰᠤᠵᠢᠯ ᠤᠨ ᠠᠰᠠᠷᠠᠮᠵᠢ ᠶᠢᠨ ᠦᠢᠯᠡᠰ ᠪᠠ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ ᠶᠢ ᠳᠡᠮᠵᠢᠵᠦ᠂ ᠭᠤᠷᠪᠠᠳᠠᠬᠢ ᠡᠲᠡᠭᠡᠳ ᠤᠨ ᠰᠠᠭᠤᠭᠠᠯᠢ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠳᠤ ᠣᠷᠣᠯᠴᠠᠬᠤ ᠶᠢ ᠵᠣᠷᠢᠭᠵᠢᠭᠤᠯᠵᠤ᠂ ᠤᠯᠤᠰ ᠠᠴᠠ ᠭᠡᠷ ᠪᠦᠯᠢ ᠬᠢᠭᠡᠳ ᠨᠡᠶᠢᠭᠡᠮ ᠲᠣᠭᠤᠷᠢᠭ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠤᠷᠰᠢᠯᠲᠠ ᠶᠢᠨ ᠴᠡᠭ ᠤᠨ ᠡᠭᠦᠷᠭᠡ ᠶᠢ ᠪᠡᠶᠡᠯᠡᠭᠦᠯᠵᠦ᠂ 1088 ᠨᠡᠷᠡᠰ ᠠᠮᠢᠳᠤᠷᠠᠯ ᠨᠢ ᠬᠦᠴᠢᠷᠳᠡᠯᠲᠡᠶ ᠨᠠᠰᠤᠲᠠᠶᠢᠴᠤᠳ ᠲᠤ ᠬᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠣᠷᠣ ᠪᠠᠶᠢᠭᠤᠯᠵᠤ ᠦᠭᠬᠦᠨ᠎ᠡ᠃ ︽ᠰᠤᠪᠢᠯᠠᠯᠲᠠ ᠶᠢᠨ ᠬᠠᠮᠲᠤ ᠶᠢᠨ ᠴᠣᠭᠴᠠ︾ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠵᠠᠯᠠᠶᠢᠳ ᠤᠨ ︽ᠨᠠᠰᠤᠲᠠᠨ ᠢ ᠲᠤᠰᠠᠯᠠᠬᠤ ᠬᠤᠯᠪᠣᠭ᠎ᠠ︾ ᠶᠢᠨ ᠨᠠᠷᠠᠲᠤ ᠲᠡᠮᠳᠡᠭᠲᠦ ᠶᠢ ᠪᠤᠢ ᠪᠤᠯᠭᠠᠨ᠂ ᠬᠤᠰᠢᠭᠤ ᠰᠢᠶᠠᠨ ᠰᠤᠮᠤ ᠰᠢᠶᠠᠩ ᠭᠠᠴᠠᠭ᠎ᠠ ᠲᠣᠰᠬᠤᠨ ᠤ ᠭᠤᠷᠪᠠᠨ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠲᠥᠪ ᠢ ᠪᠠᠶᠢᠭᠤᠯᠤᠨ᠎ᠠ᠃ ᠬᠤᠰᠢᠭᠤᠨ ᠤ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠲᠦᠪ ᠢ ᠪᠠᠶᠢᠭᠤᠯᠵᠤ ᠠᠰᠢᠭᠯᠠᠯᠳᠠ ᠳᠤ ᠤᠷᠤᠭᠤᠯᠬᠤ ᠶᠢ ᠲᠦᠯᠬᠢᠨ ᠠᠬᠢᠭᠤᠯᠤᠨ᠎ᠠ᠃ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠣᠤᠷ ᠢ ᠨᠢᠭᠲᠠ ᠰᠦᠯᠵᠢᠨ᠎ᠡ᠃    ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠲᠦᠯᠬᠢᠨ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ︽ᠳᠤᠯᠤᠭᠠᠨ ᠲᠠᠯ᠎ᠠ ᠪᠠᠷ ᠵᠢᠱᠢᠶᠡᠴᠢ ᠪᠣᠯᠬᠤ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠦᠢᠯᠡᠳᠦᠯᠭᠡᠵᠢᠭᠦᠯᠦᠨ᠎ᠡ᠃ ᠤᠯᠤᠰ  ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠦᠨ᠎ᠡ᠃ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ ᠶᠢ 2000 ᠭᠠᠷᠤᠶ ᠲᠦᠮᠡᠨ ᠲᠥᠭᠦᠷᠢᠭ ᠣᠷᠣᠭᠤᠯᠵᠤ᠂ ᠠᠵᠤ ᠦᠢᠯᠡᠰ ᠢ ᠬᠥᠭᠵᠢᠭᠦᠯᠬᠦ᠂ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ ᠵᠡᠷᠭᠡ ᠲᠥᠷᠥᠯ ᠵᠦᠢᠯ ᠢ ᠬᠡᠷᠡᠭᠵᠢᠭᠦᠯᠦᠨ᠎ᠡ᠃ ︽ᠠᠨᠠᠷ ᠤᠨ ᠦᠷ᠎ᠡ ᠮᠡᠳᠦ ᠰᠡᠳᠬᠢᠯ ᠢᠶᠠᠨ ᠨᠢᠭᠡᠳᠬᠡᠵᠦ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠵᠡᠷᠭᠡ ᠰᠢᠷᠢᠰ ᠭᠤᠣᠯ ᠰᠡᠳᠦᠪᠲᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠡᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ 1 ᠨᠢᠭᠡᠴᠢ ᠶᠢ ᠡᠭᠦᠳᠦᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ 2᠂ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ 2 ᠢ ᠪᠤᠢ ᠪᠤᠯᠭᠠᠨ ᠪᠠᠬᠢᠵᠢᠭᠦᠯᠵᠦ᠂ ︽ᠠᠨᠠᠷ ᠤᠨ ᠦᠷ᠎ᠡ ᠶᠢᠨ ᠭᠡᠷ ᠣᠷᠣᠨ︾ 15᠂ ︽ᠬᠠᠮᠤᠭ ᠤᠨ ᠭᠤᠶᠤ ᠠᠨᠠᠷ ᠤᠨ ᠦᠷ᠎ᠡ ᠶᠢᠨ ᠭᠡᠷ ᠪᠦᠯᠢ︾ 150 ᠡᠷᠦᠬᠡ ᠶᠢ ᠰᠣᠩᠭᠤᠨ ᠭᠠᠷᠭᠠᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ ᠪᠠᠶᠢᠭᠤᠯᠤᠯᠲᠠ ᠶᠢ ᠬᠦᠴᠦᠯᠡᠨ ᠰᠠᠶᠢᠲᠤᠷ ᠠᠳᠬᠤᠨ᠎ᠠ᠃    ︵ᠳᠤᠯᠤᠭ᠎ᠠ︶ ᠬᠤᠷᠢᠭ᠎ᠠ ᠱᠤᠭᠤᠮ ᠢ ᠰᠠᠬᠢᠵᠤ ᠲᠦᠭᠰᠢᠭᠦᠷᠢ ᠶᠢ ᠰᠡᠷᠭᠡᠶᠢᠯᠡᠨ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠶᠢ ᠪᠠᠲᠤ ᠴᠤᠭᠴᠠᠯᠠᠨ᠎ᠠ    ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭ᠎ᠠ ᠠᠳᠬᠤᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠪᠠ ᠲᠠᠷᠢᠶᠠᠨ ᠭᠠᠵᠠᠷ ᠤᠨ ᠬᠡᠷᠡᠭᠯᠡᠯᠲᠡ ᠶᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠬᠦ ᠣᠷᠣᠨ ᠪᠦᠰᠡ ᠶᠢᠨ ᠬᠠᠮᠢᠶᠠᠷᠤᠯᠲᠠ ᠬᠠᠮᠠᠭᠠᠯᠠᠯᠲᠠ ᠪᠠ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠨ᠂ ᠲᠠᠷᠢᠶᠠᠨ ᠭᠠᠵᠠᠷ ᠤᠨ ᠠᠮᠢᠳᠤᠯᠢᠭ ᠢᠶᠠᠷ ᠠᠰᠢᠭᠯᠠᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠨ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠵᠦ᠂ 7000 ᠮᠥ ᠬᠤᠵᠢᠷᠯᠢᠭ ᠭᠠᠵᠠᠷ ᠢ ᠥᠭᠡᠷᠡᠴᠢᠯᠡᠨ᠂ ᠬᠤᠰᠢᠭᠤᠨ ᠤ ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ ᠶᠢ ᠪᠠᠭᠠᠰᠬᠠᠬᠤ ᠥᠬᠡᠶ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠨ᠎ᠠ᠃ ᠬᠠᠤᠯᠢ ᠪᠤᠰᠤ ᠪᠠᠷ ᠭᠠᠵᠠᠷ ᠬᠡᠷᠡᠭᠯᠡᠬᠦ ᠶᠢ ᠪᠠᠶᠢᠴᠠᠭᠠᠨ ᠰᠢᠢᠳᠪᠤᠷᠢᠯᠡᠬᠦ ᠡᠷᠴᠢᠮ ᠢᠶᠠᠨ ᠨᠡᠮᠡᠭᠳᠡᠭᠦᠯᠦᠨ᠂ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ ᠪᠠᠶᠢᠰᠢᠩ ᠪᠠᠷᠢᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠵᠦᠢᠯ ᠤᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠤᠷᠢᠯᠡᠵᠦ᠂ ᠲᠠᠷᠢᠶᠠᠨ ᠭᠠᠵᠠᠷ ᠨᠢᠭᠡᠪᠦᠷᠢ ᠶᠢ ᠴᠥᠮ ᠡᠯᠪᠡᠭ ᠬᠤᠷᠢᠶᠠᠯᠲᠠ ᠲᠠᠢ ᠬᠥᠷᠥᠰᠥ ᠰᠢᠷᠣᠶ ᠪᠣᠯᠭᠠᠬᠤ ᠪᠠᠷ ᠴᠢᠷᠮᠠᠶᠢᠨ᠎ᠠ᠃    ᠠᠶᠤᠯᠭᠦᠢ ᠦᠢᠯᠡᠳᠪᠦᠷᠢᠯᠡᠯ ᠢ ᠴᠢᠩᠭ᠎ᠠ ᠠᠳᠬᠤᠨ᠎ᠠ᠃ ᠠᠮᠤᠷ ᠲᠦᠪᠰᠢᠨ ᠤ ᠲᠦᠭᠰᠢᠭᠦᠷᠢ ᠶᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠪᠠ ᠳᠠᠯᠳᠠ ᠭᠡᠮ ᠢ ᠵᠠᠰᠠᠬᠤ ᠶᠢ ᠤᠷᠢᠳᠴᠢᠯᠠᠨ ᠰᠡᠷᠭᠡᠶᠢᠯᠡᠬᠦ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ᠂ ᠨᠡᠭᠦᠷᠡᠰᠦᠨ ᠤ ᠪᠤᠰᠤ ᠠᠭᠤᠷᠬᠠᠶ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠠᠶᠤᠯᠲᠠᠶ ᠬᠢᠮᠢ ᠶᠢᠨ ᠪᠣᠳᠠᠰ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠴᠢᠩᠭᠠᠳᠬᠠᠨ᠂ ᠦᠢᠯᠡᠳᠪᠦᠷᠢᠯᠡᠯ ᠤᠨ ᠠᠮᠤᠷ ᠲᠦᠪᠰᠢᠨ ᠤ ᠨᠡᠯᠢᠶᠡᠳ ᠲᠤᠮᠤ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠪᠣᠭᠤᠮᠲᠠ ᠰᠢᠪᠲᠤᠯᠬᠤ ᠠᠵᠢᠯᠯᠠᠭ᠎ᠠ ᠪᠠ ᠡᠮ ᠤᠨ ᠵᠦᠢᠯᠡᠰ ᠤᠨ ᠠᠮᠤᠷ ᠲᠦᠪᠰᠢᠨ ᠤ ᠢᠨᠵᠧᠨᠧᠷᠢᠩ ᠢ ᠭᠦᠨᠵᠡᠭᠡᠢ ᠠᠬᠢᠭᠤᠯᠵᠤ᠂ ᠤᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠶᠢᠲᠤᠷ ᠰᠠᠬᠢᠨ ᠬᠠᠮᠠᠭᠠᠯᠠᠨ᠎ᠠ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠤᠢ ᠰᠢᠭᠤᠢ ᠶᠢᠨ ᠭᠠᠯ ᠢ ᠰᠡᠷᠭᠡᠶᠢᠯᠡᠬᠦ᠂ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃    ᠨᠡᠶᠢᠭᠡᠮ ᠤᠨ ᠲᠣᠭᠲᠠᠭᠤᠨ ᠢ ᠴᠢᠩᠭ᠎ᠠ ᠠᠳᠬᠤᠨ᠎ᠠ᠃ ᠨᠡᠶᠢᠭᠡᠮ ᠤᠨ ᠵᠦᠷᠢᠴᠡᠯ ᠵᠢᠭᠤᠷᠠᠯᠳᠤᠭᠠᠨ ᠢ ᠢᠳᠡᠪᠬᠢᠳᠡᠢ ᠰᠡᠷᠭᠡᠶᠢᠯᠡᠨ ᠰᠢᠢᠳᠪᠦᠷᠢᠯᠡᠨ᠎ᠡ᠃ ︽ᠠᠮᠢᠨ ᠬᠡᠷᠡᠭ ᠭᠠᠷᠬᠤ ᠦᠭᠡᠢ ︾ ᠬᠤᠰᠢᠭᠤ ᠰᠢᠶᠠᠨ ᠢ ᠡᠭᠦᠳᠦᠨ ᠪᠠᠶᠢᠭᠤᠯᠤᠨ᠎ᠠ᠃ ︽ᠹᠧᠩ ᠴᠢᠶᠣᠤ ᠶᠢᠨ ᠲᠤᠷᠰᠢᠯᠭ᠎ᠠ︾᠂ ︽ᠫᠦ᠋ ᠵᠢᠶᠠᠩ ᠤᠨ ᠲᠤᠷᠰᠢᠯᠭ᠎ᠠ︾ ᠶᠢ ᠳᠡᠯᠭᠡᠷᠡᠭᠦᠯᠬᠦ ᠬᠢᠭᠡᠳ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠲᠦᠷᠢᠮ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ︽ᠳᠠᠪᠬᠤᠷᠳᠠᠯ ᠢ ᠵᠠᠰᠠᠵᠤ᠂ ᠳᠠᠷᠤᠭᠳᠠᠯ ᠢ ᠰᠢᠢᠳᠪᠦᠷᠢᠯᠡᠬᠦ︾ ᠶᠢ ᠭᠦᠨᠵᠡᠭᠡᠢ ᠠᠬᠢᠭᠤᠯᠵᠤ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠦᠨᠡᠨ ᠰᠡᠳᠬᠢᠯ ᠠᠴᠠ ᠪᠠᠨ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ 5 ᠦᠨᠳᠦᠰᠦᠨ ᠱᠠᠲᠤᠨ ᠤ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠦᠷᠦᠯ ᠵᠦᠢᠯ ᠢ ᠬᠡᠷᠡᠭᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠪᠦᠭᠡᠳ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃    ᠠᠶᠤᠯ ᠲᠦᠭᠰᠢᠭᠦᠷᠢ ᠶᠢᠨ ᠰᠡᠷᠭᠡᠢᠯᠡᠯᠳᠡ ᠶᠢ ᠴᠢᠩᠭ᠎ᠠ ᠠᠳᠬᠤᠨ᠎ᠠ᠃ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠨ᠂ ᠦᠯᠡᠳᠡᠭᠡᠯ ᠬᠡᠮᠵᠢᠶ᠎ᠡ ᠶᠢ ᠲᠣᠬᠢᠲᠠᠶ ᠰᠢᠢᠳᠪᠤᠷᠢᠯᠡᠵᠦ᠂ ᠨᠡᠮᠡᠭᠳᠡᠯ ᠢ ᠡᠷᠡᠰ ᠬᠤᠷᠢᠭᠯᠠᠨ᠎ᠠ᠃ ᠠᠵᠢᠯ ᠤᠨ ᠪᠦᠲᠦᠮᠵᠢ ᠶᠢᠨ ᠲᠤᠬᠠᠶ ᠵᠥᠪ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠡᠬᠢ ᠡᠭᠦᠰᠦᠯ ᠠᠴᠠ ᠨᠢ ᠰᠡᠷᠭᠡᠶᠢᠯᠡᠨ ᠵᠠᠰᠠᠬᠤ ᠶᠢ ᠪᠠᠷᠢᠮᠲᠠᠯᠠᠨ᠂ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠢ ᠲᠠᠰᠤ ᠵᠣᠭᠰᠣᠭᠠᠬᠤ ᠬᠡᠷᠡᠭᠲᠡᠶ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠯᠠᠪᠳᠠᠭᠤᠨ ᠢᠶᠠᠷ ᠠᠷᠢᠯᠭᠠᠵᠤ᠂ ᠡᠷᠡᠭᠦᠯ ᠪᠤᠰᠤ ᠡᠳ᠋ ᠬᠦᠷᠦᠩᠭᠡ ᠶᠢ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠮᠤ ᠪᠤᠳᠠᠭ᠎ᠠ᠂ ᠡᠨᠧᠷᠭᠢ᠂ ᠭᠡᠷ ᠪᠠᠶᠢᠰᠢᠩ ᠭᠠᠵᠠᠷ ᠬᠥᠷᠥᠩᠭᠡ᠂ ᠣᠷᠴᠢᠨ ᠲᠣᠭᠤᠷᠢᠨ ᠤ ᠬᠠᠮᠠᠭᠠᠯᠠᠯᠲᠠ᠂ ᠢᠳᠡᠭᠡᠨ ᠪᠠ ᠡᠮ ᠤᠨ ᠵᠦᠢᠯ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠵᠤ᠂ ᠬᠦᠨᠳᠦ ᠶᠡᠭᠡ ᠠᠶᠤᠯ ᠲᠦᠭᠰᠢᠭᠦᠷᠢ ᠦᠯᠦ ᠭᠠᠷᠭᠠᠬᠤ ᠳᠤᠤᠷ᠎ᠠ ᠬᠤᠷᠢᠭ᠎ᠠ ᠱᠤᠭᠤᠮ ᠢ ᠪᠠᠲᠤ ᠰᠠᠬᠢᠨ᠎ᠠ᠃    ︵ᠨᠠᠢᠮᠠ︶ ᠰᠤᠷᠲᠠᠯ ᠢᠶᠠᠨ ᠬᠤᠪᠢᠷᠠᠭᠤᠯᠵᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠬᠦ ᠴᠢᠭᠡᠴᠢ ᠵᠠᠰᠠᠭ ᠤᠨ ᠣᠷᠳᠣᠨ ᠢ ᠪᠠᠶᠢᠭᠤᠯᠤᠨ᠎ᠠ    ᠤᠯᠤᠰ ᠲᠦᠷᠦ ᠶᠢ ᠡᠷᠬᠢᠮᠯᠡᠵᠦ᠂ ᠦᠨᠡᠨᠴᠢ ᠰᠢᠳᠤᠷᠭᠤ ᠪᠠᠶᠢᠬᠤ ᠶᠢ ᠦᠢᠯᠡᠳᠦᠯᠭᠡᠵᠢᠭᠦᠯᠦᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠴᠥᠬᠦᠷᠡᠰᠢ ᠥᠬᠡᠶ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠬᠤᠶᠠᠷ ᠢ ᠲᠤᠭᠳᠠᠭᠠᠭᠰᠠᠨ︾ ᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ᠃    ᠶᠣᠰᠣ ᠳᠦᠷᠢᠮ ᠢ ᠡᠷᠬᠢᠮᠯᠡᠵᠦ ᠪᠣᠳᠠᠲᠠᠢ ᠠᠵᠢᠯᠯᠠᠬᠤ ᠶᠢ ᠴᠢᠬᠤᠯᠠᠴᠢᠯᠠᠨ᠎ᠠ᠃ ︽ᠰᠢᠢᠳᠪᠦᠷᠢᠯᠡᠬᠦᠢ ᠰᠡᠳᠬᠢᠬᠦᠶ︾ ᠶᠢ ᠪᠠᠲᠤ ᠪᠠᠬᠢ ᠪᠣᠶ ᠪᠣᠯᠭᠠᠵᠤ᠂ ᠲᠠᠩᠰᠠ ᠮᠡᠳᠡᠭᠦᠯᠬᠦ ᠤᠬᠠᠮᠰᠠᠷ᠂ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠬᠠᠷᠢᠭᠤᠴᠠᠯᠭ᠎ᠠ  ᠡᠭᠦᠷᠭᠡᠯᠡᠵᠦ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠪᠠᠶᠢᠬᠤ ᠠᠰᠠᠭᠤᠳᠠᠯ ᠢ ᠴᠢᠷᠮᠠᠶᠢᠨ ᠰᠢᠢᠳᠪᠦᠷᠢᠯᠡᠬᠦ ᠬᠡᠷᠡᠭᠲᠡᠢ᠃ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠡᠷᠡᠰ ᠭᠦᠢᠴᠡᠳᠬᠡᠵᠦ᠂ ᠠᠷᠠᠳᠴᠢᠯᠠᠯ ᠲᠥᠪᠯᠡᠷᠡᠯ ᠤᠨ ᠶᠣᠰᠣ ᠪᠠ ︽ᠭᠤᠷᠪᠠᠨ ᠴᠢᠬᠤᠯᠠ ᠨᠢᠭᠡ ᠶᠡᠭᠡ︾ ᠰᠢᠢᠳᠪᠦᠷᠢᠲᠦ ᠪᠤᠳᠤᠯᠭ᠎ᠠ ᠶᠢᠨ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃    ᠠᠷᠢᠭᠤᠨ ᠴᠢᠬᠡᠴᠢ ᠶᠢ ᠡᠷᠬᠢᠮᠯᠡᠵᠦ ᠲᠦᠷᠢ ᠲᠥᠷᠬᠦ ᠶᠢ ᠱᠤᠭᠤᠨ᠎ᠠ᠃ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠥᠬᠡᠶ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ︽ᠠᠯᠪᠠᠨ ᠤ ᠭᠤᠷᠪᠠᠨ︾ ᠵᠠᠷᠤᠳᠠᠯ ᠤᠨ ᠲᠥᠰᠦᠪ ᠪᠣᠯᠤᠨ ᠵᠠᠷᠤᠯᠭ᠎ᠠ ᠶᠢ ᠴᠢᠩᠭ᠎ᠠ ᠡᠵᠡᠮᠳᠡᠵᠦ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠠᠮᠵᠢᠯᠲᠠ ᠪᠦᠲᠦᠮᠵᠢ ᠶᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ︽ᠭᠠᠮᠨᠠᠨ ᠠᠷᠪᠢᠯᠠᠬᠤ︾ ᠪᠠᠷ ᠣᠯᠠᠨ ᠲᠦᠮᠡᠨ ᠤ ︽ᠰᠠᠶᠢᠨ ᠠᠮᠢᠳᠤᠷᠠᠯ︾ ᠢ ᠰᠤᠯᠢᠨ ᠠᠪᠴᠢᠷᠠᠨ᠎ᠠ᠃    ᠲᠥᠯᠥᠭᠡᠯᠡᠭᠴᠢᠳ ᠡ︕ ᠪᠣᠳᠠᠲᠠᠢ ᠠᠵᠢᠯᠯᠠᠵᠤ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠴᠢᠷᠮᠠᠶᠢᠨ ᠲᠡᠮᠡᠴᠡᠵᠦ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠦᠶ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠰᠢᠪᠲᠤᠯᠬᠤ︾ ᠵᠣᠷᠢᠭ ᠰᠠᠨᠠᠭ᠎ᠠ᠂ ︽ᠲᠡᠮᠡᠴᠡᠬᠦ︾ ᠡᠷᠴᠢ ᠵᠣᠷᠢᠭ᠂ ︽ᠠᠵᠢᠯᠯᠠᠬᠤ︾ ᠰᠤᠷᠲᠠᠯ ᠢᠶᠠᠨ ᠡᠭᠦᠷᠢᠳᠡ ᠬᠠᠳᠠᠭᠠᠯᠠᠵᠤ᠂ ᠡᠷᠡᠯᠬᠡᠭᠯᠡᠨ ᠲᠡᠮᠡᠴᠡᠵᠦ᠂ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠵᠠᠯᠠᠶᠢᠳ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕   ᠨᠡᠷᠡᠰ ᠤᠨ ᠲᠠᠶᠢᠯᠪᠤᠷᠢ    1. ︽ᠬᠤᠶᠠᠷ ᠶᠡᠭᠡ ᠶᠠᠪᠤᠳᠠᠯ︾᠄ ᠨᠢᠭᠡ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠤᠷᠢᠯᠡᠯ ᠤᠨ ᠰᠠᠭᠤᠷᠢᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠥᠲᠥᠭᠡᠨ ᠪᠠᠶᠢᠭᠤᠯᠬᠤ ᠶᠠᠪᠤᠳᠠᠯ ᠪᠤᠯᠤᠨ᠎ᠠ᠃ ᠬᠤᠶᠠᠷ ᠨᠢ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠠᠪᠤᠳᠠᠯ ᠪᠤᠯᠤᠨ᠎ᠠ᠃    2. ︽ᠲᠠᠯᠪᠢᠬᠤ ᠬᠠᠮᠢᠶᠠᠷᠬᠤ ᠦᠢᠯᠡᠴᠢᠯᠡᠬᠦ︾᠄ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠤᠨ᠂ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃    3. ︽ᠲᠠᠪᠤ ᠶᠢ ᠲᠤᠶᠢᠯᠪᠤᠷᠢᠳᠠᠢ ᠰᠢᠢᠳᠪᠤᠷᠢᠯᠡᠬᠦ︾᠄ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠲᠤᠶᠢᠯᠪᠤᠷᠢᠳᠠᠢ ᠰᠢᠢᠳᠪᠤᠷᠢᠯᠡᠬᠦ᠂ ᠨᠡᠭᠡᠭᠡᠯᠳᠡ ᠶᠢᠨ ᠲᠤᠭᠤᠷᠢᠭ ᠲᠤ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠤᠨ ᠬᠦᠴᠦᠨ ᠵᠦᠢᠯ ᠢ ᠲᠤᠶᠢᠯᠪᠤᠷᠢᠳᠠᠢ ᠰᠢᠢᠳᠪᠤᠷᠢᠯᠡᠬᠦ᠂ ᠲᠤᠨᠤᠮᠠᠯ ᠪᠡᠯᠡ ᠮᠥᠩᠭᠦ ᠶᠢ ᠲᠤᠶᠢᠯᠪᠤᠷᠢᠳᠠᠢ ᠰᠢᠢᠳᠪᠤᠷᠢᠯᠡᠬᠦ᠂ ︽ᠬᠠᠭᠠᠰ ᠳᠤᠲᠠᠭᠤ ᠤᠷᠬᠢᠭᠰᠠᠨ︾ ᠢᠨᠵᠧᠨᠧᠷᠢᠩ ᠤᠨ ᠪᠠᠷᠢᠯᠭ᠎ᠠ ᠶᠢ ᠲᠤᠶᠢᠯᠪᠤᠷᠢᠳᠠᠢ ᠰᠢᠢᠳᠪᠤᠷᠢᠯᠡᠬᠦ᠂ ᠵᠥᠪᠰᠢᠶᠡᠷᠡᠭᠰᠡᠨ ᠪᠤᠯᠪᠠᠴᠤ ᠬᠠᠩᠭᠠᠭᠠᠳᠤᠢ ᠪᠠ ᠰᠤᠯᠠ ᠪᠠᠶᠢᠭ᠎ᠠ ᠭᠠᠵᠠᠷ ᠰᠢᠷᠣᠶ ᠶᠢ ᠲᠤᠶᠢᠯᠪᠤᠷᠢᠳᠠᠢ ᠰᠢᠢᠳᠪᠤᠷᠢᠯᠡᠬᠦ ᠶᠠᠪᠤᠳᠠᠯ ᠪᠤᠯᠤᠨ᠎ᠠ᠃    4. ᠬᠤᠶᠠᠷ ︽ᠰᠠᠶᠢᠨ ᠠᠷᠠᠯᠵᠢᠶ᠎ᠠ︾᠄ ᠭᠠᠵᠠᠷ ᠰᠢᠷᠣᠶ ᠶᠢᠨ ᠭᠦᠢᠴᠡᠳᠬᠡᠯ ᠲᠤᠭ᠎ᠠ ᠶᠢᠨ ᠠᠷᠠᠯᠵᠢᠶ᠎ᠠ ᠪᠠ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠭᠦᠢᠴᠡᠳᠬᠡᠯ ᠲᠤᠭ᠎ᠠ ᠶᠢᠨ ᠠᠷᠠᠯᠵᠢᠶ᠎ᠠ ᠶᠢ ᠵᠢᠭᠠᠵᠤ ᠪᠠᠶᠢᠨ᠎ᠠ᠃    5. ᠬᠥᠳᠡᠭᠡ ᠲᠣᠰᠬᠤᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠄ ᠬᠥᠳᠡᠭᠡ ᠲᠣᠰᠬᠤᠨ ᠤ ᠡᠬᠢ ᠪᠠᠶᠠᠯᠢᠭ ᠢ ᠡᠳ᠋ ᠬᠦᠷᠦᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠣᠯᠭᠠᠨ ᠬᠤᠪᠢᠷᠠᠭᠤᠯᠬᠤ᠂ ᠲᠠᠷᠢᠶᠠᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ ᠶᠢ ᠬᠡᠯᠡᠵᠦ ᠪᠤᠢ᠃    6. ︽ᠬᠤᠶᠠᠷ ᠵᠦᠢᠯ ᠤᠨ ᠮᠥᠩᠭᠦ ᠪᠤᠯᠤᠨ ᠭᠤᠷᠪᠠᠨ ᠲᠦᠷᠢᠮ︾᠄ ᠬᠤᠶᠠᠷ ᠮᠥᠩᠭᠦ ᠪᠣᠯ ᠪᠥᠲᠥᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠪᠠ ᠠᠮᠠᠷᠬᠠᠨ ᠥᠷᠢᠲᠦᠬᠦ ᠠᠵᠢᠯ ᠲᠥᠷᠥᠯ ᠳᠤ ᠨᠡᠶᠢᠳᠡᠮ ︽ᠴᠠᠯᠢᠩ ᠤᠨ ᠪᠠᠲᠤᠯᠠᠭ᠎ᠠ ᠶᠢᠨ ᠮᠥᠩᠭᠦ︾ ᠶᠢ ᠪᠠᠶᠢᠭᠤᠯᠵᠤ᠂ ᠣᠶᠢᠷ᠎ᠠ ᠶᠢᠨ ᠵᠢᠯ ᠤᠳ ᠲᠤ ᠴᠠᠯᠢᠩ ᠥᠷᠢᠲᠦᠬᠦ ᠪᠠᠶᠢᠳᠠᠯ ᠨᠡᠯᠢᠶᠡᠳ ᠠᠷᠪᠢᠨ ᠭᠠᠷᠤᠭᠰᠠᠨ ᠬᠤᠲᠠ ᠬᠤᠰᠢᠭᠤ ᠰᠢᠶᠠᠨ ᠳᠤ ︽ᠪᠠᠴᠢᠮ ᠪᠠᠶᠢᠳᠠᠯ ᠢ ᠠᠷᠭᠠᠴᠠᠭᠠᠬᠤ ᠡᠷᠭᠢᠯᠲᠡ ᠶᠢᠨ ᠮᠥᠩᠭᠦ︾  ᠶᠢ ᠪᠠᠶᠢᠭᠤᠯᠬᠤ ᠶᠢ ᠰᠦᠪᠡᠭᠴᠢᠯᠡᠨ᠎ᠡ᠃ ᠭᠤᠷᠪᠠᠨ ᠲᠦᠷᠢᠮ ᠪᠣᠯ ᠪᠠᠷᠢᠯᠭ᠎ᠠ ᠶᠢ ᠶᠡᠷᠦᠩᠬᠡᠶᠢᠯᠡᠨ ᠳᠠᠭᠠᠭᠠᠴᠢᠯᠠᠭᠰᠠᠨ ᠠᠵᠤ ᠠᠬᠤᠶᠢᠯᠠᠯ ᠤᠨ ᠬᠤᠪᠢᠶᠠᠨ ᠳᠠᠭᠠᠭᠠᠴᠢᠯᠠᠭᠰᠠᠨ ᠠᠵᠤ ᠠᠬᠤᠶᠢᠯᠠᠯ ᠤᠨ ᠴᠠᠯᠢᠩ ᠥᠷᠢᠲᠦᠬᠦ ᠠᠰᠠᠭᠤᠳᠠᠯ ᠢ ᠬᠠᠷᠢᠭᠤᠴᠠᠨ ᠰᠢᠢᠳᠪᠤᠷᠢᠯᠡᠬᠦ ︽ᠬᠠᠷᠢᠭᠤᠴᠠᠯᠭ᠎ᠠ ᠶᠢᠨ ᠲᠦᠷᠢᠮ︾ ᠢ ᠪᠠᠶᠢᠭᠤᠯᠵᠤ᠂ ᠴᠠᠯᠢᠩ ᠥᠷᠢᠲᠦᠵᠦ ᠤᠷᠭᠤᠨ ᠳᠠᠯᠳᠠᠯᠠᠭᠰᠠᠨ ᠦᠢᠯᠡ ᠠᠵᠢᠯᠯᠠᠭ᠎ᠠ ᠳᠤ ︽ᠵᠠᠰᠠᠭ ᠵᠠᠬᠢᠷᠭᠠᠨ ᠤ ᠬᠠᠤᠯᠢ ᠴᠠᠭᠠᠵᠠ ᠶᠢᠨ ᠬᠤᠯᠪᠣᠭᠠᠯᠠᠨ ᠬᠥᠳᠡᠯᠦᠯᠴᠡᠵᠦ ᠴᠣᠬᠢᠯᠲᠠ ᠥᠭᠬᠦ ᠲᠣᠭᠲᠠᠴᠠ︾ ᠶᠢ ᠪᠠᠶᠢᠭᠤᠯᠵᠤ᠂ ᠴᠠᠯᠢᠩ ᠥᠷᠢᠲᠦᠭᠰᠡᠨ ᠬᠡᠷᠡᠭ ᠢ ᠰᠢᠢᠳᠪᠤᠷᠢᠯᠡᠬᠦ ᠳᠤ ︽ᠬᠠᠷᠢᠶ᠎ᠠ ᠭᠠᠵᠠᠷ ᠤᠨ ᠵᠠᠰᠠᠭ ᠤᠨ ᠣᠷᠳᠣᠨ ᠤ ᠬᠠᠷᠢᠭᠤᠴᠠᠬᠤ ᠲᠦᠷᠢᠮ︾ ᠢ ᠲᠡᠭᠦᠯᠳᠡᠷᠵᠢᠭᠦᠯᠬᠦ ᠶᠠᠪᠤᠳᠠᠯ ᠪᠣᠯᠤᠨ᠎ᠠ᠃    7. ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾᠄ ᠭᠤᠷᠪᠠᠨ ᠤᠯᠠᠨ ᠭᠡᠳᠡᠭ ᠨᠢ᠂ ᠬᠤᠷᠠᠯ ᠤᠯᠠᠨ᠂ ᠬᠦᠳᠡᠯᠭᠡᠭᠡᠨ ᠤᠯᠠᠨ᠂ ᠭᠠᠳᠠᠭᠰᠢ ᠭᠠᠷᠬᠤ ᠨᠢ ᠤᠯᠠᠨ᠃ ᠭᠤᠷᠪᠠᠨ ᠴᠥᠭᠡᠨ ᠭᠡᠳᠡᠭ ᠨᠢ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠴᠡ ᠴᠥᠭᠡᠨ᠂ ᠪᠣᠳᠠᠲᠠᠶ ᠠᠰᠠᠭᠤᠳᠠᠯ ᠢ ᠰᠢᠢᠳᠪᠤᠷᠢᠯᠡᠬᠦ ᠨᠢ ᠴᠥᠭᠡᠨ᠃ ᠭᠤᠷᠪᠠᠨ ᠤᠳᠠᠭᠠᠨ ᠭᠡᠳᠡᠭ ᠨᠢ᠂ ᠰᠢᠢᠳᠪᠤᠷᠢᠳᠦ ᠪᠤᠳᠤᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠠᠪᠬᠤ ᠨᠢ ᠤᠳᠠᠭᠠᠨ᠂ ᠦᠷ᠎ᠡ ᠳ᠋ᠦᠩ ᠤᠯᠬᠤ ᠨᠢ ᠤᠳᠠᠭᠠᠨ ᠢ ᠬᠡᠯᠡᠵᠦ ᠪᠠᠶᠢᠨ᠎ᠠ᠃    8. ︽ᠭᠤᠷᠪᠠᠨ ᠵᠦᠢᠯ ᠤᠨ ᠠᠯᠪᠠᠨ︾ ᠤ ᠵᠠᠷᠤᠳᠠᠯ᠄ ᠠᠯᠪᠠᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠬᠤ ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠬᠤᠳᠠᠯᠳᠤᠨ ᠠᠪᠬᠤ ᠪᠠ ᠠᠵᠢᠯᠯᠠᠭᠤᠯᠬᠤ᠂ ᠠᠯᠪᠠᠨ ᠶᠠᠪᠤᠳᠠᠯ ᠤᠨ ᠵᠣᠴᠢᠯᠠᠯᠭ᠎ᠠ ᠠᠴᠠ ᠪᠤᠢ ᠪᠣᠯᠤᠭᠰᠠᠨ ᠵᠠᠷᠤᠳᠠᠯ ᠢ ᠵᠢᠭᠠᠵᠤ ᠪᠤᠢ᠃    9. ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠄ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠥᠷᠨᠢᠭᠦᠯᠬᠦ ᠲᠤᠬᠠᠶ ᠲᠥᠪ ᠬᠤᠷᠢᠶᠠᠨ ᠤ ᠤᠬᠠᠭᠤᠯᠬᠤ ᠬᠡᠯᠲᠡᠰ᠂ ᠬᠠᠤᠯᠢ ᠴᠠᠭᠠᠵᠠ ᠶᠢᠨ ᠶᠠᠮᠤᠨ ᠤ ᠨᠠᠢᠮᠠᠳᠤᠭᠠᠷ ᠲᠠᠪᠤᠨ ᠵᠢᠯ ᠤᠨ ᠲᠥᠯᠥᠪᠵᠢᠭᠦᠯᠭᠡ ︵2021 - 2025 ᠣᠨ︶ ᠶᠢ ᠵᠢᠭᠠᠵᠤ ᠪᠠᠶᠢᠨ᠎ᠠ᠃    10. ︽ᠵᠢᠷᠭᠤᠭᠠᠨ ᠢᠨᠵᠧᠨᠧᠷᠢᠩ︾᠄ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯᠴᠢ ᠴᠡᠨᠡᠭ ᠨᠢᠭᠡ ᠴᠣᠠᠠᠴᠠᠵᠢᠭᠤᠯᠬᠤ ᠢᠨᠵᠧᠨᠧᠷᠢᠩ᠂ ᠳᠤᠯᠠᠭᠠᠨ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠵᠡᠷᠭᠡ ᠪᠠᠭᠳᠠᠨ᠎ᠠ᠃    11. ︽ᠭᠤᠷᠪᠠ ᠶᠢ ᠲᠣᠭᠲᠠᠭᠤᠨ ᠪᠠᠶᠢᠯᠭᠠᠵᠤ ᠲᠠᠪᠤ ᠶᠢ ᠤᠷᠤᠭᠤᠯᠬᠤ︾᠄ ᠭᠤᠷᠪᠠ ᠶᠢ ᠲᠣᠭᠲᠠᠭᠤᠨ ᠪᠠᠶᠢᠯᠭᠠᠬᠤ ᠨᠢ᠂ ᠠᠮᠢ ᠠᠬᠤᠶ ᠶᠢ ᠲᠣᠭᠲᠠᠭᠤᠨ ᠪᠠᠶᠢᠯᠭᠠᠬᠤ᠂ ᠠᠷᠠᠳ ᠤᠨ ᠠᠮᠢᠳᠤᠷᠠᠯ ᠢ ᠲᠣᠭᠲᠠᠭᠤᠨ ᠪᠠᠶᠢᠯᠭᠠᠬᠤ᠂ ᠠᠮᠤᠷ ᠲᠦᠪᠰᠢᠨ ᠢ ᠲᠣᠭᠲᠠᠭᠤᠨ ᠪᠠᠶᠢᠯᠭᠠᠬᠤ᠃ ᠲᠠᠪᠤ ᠶᠢ ᠣᠷᠣᠭᠤᠯᠬᠤ ᠨᠢ᠂ ᠪᠡᠯᠡ ᠣᠷᠣᠭᠤᠯᠤᠯᠲᠠ ᠶᠢᠨ ᠲᠤᠬᠢᠷᠠᠭᠤᠯᠤᠯᠳᠠ ᠶᠢ ᠣᠷᠣᠭᠤᠯᠬᠤ ᠬᠡᠷᠡᠭᠲᠡᠢ᠂ ᠠᠵᠤ ᠦᠢᠯᠡᠰ ᠤᠨ ᠬᠥᠭᠵᠢᠯᠲᠡ ᠶᠢ ᠣᠷᠣᠭᠤᠯᠬᠤ ᠬᠡᠷᠡᠭᠲᠡᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠣᠷᠣᠭᠤᠯᠬᠤ ᠬᠡᠷᠡᠭᠲᠡᠢ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠣᠷᠣᠭᠤᠯᠬᠤ ᠬᠡᠷᠡᠭᠲᠡᠢ᠂ ᠠᠷᠠᠯᠵᠢᠶᠠᠴᠢᠨ ᠤᠷᠢᠵᠤ ᠪᠡᠯᠡ ᠮᠦᠩᠭᠦ ᠣᠷᠣᠭᠤᠯᠬᠤ ᠶᠢ ᠵᠢᠭᠠᠵᠤ ᠪᠤᠢ᠃    12. ︽ᠵᠢᠷᠭᠤᠭ᠎ᠠ ᠶᠢ ᠬᠤᠪᠢᠷᠠᠭᠤᠯᠬᠤ ᠶᠢ ᠠᠬᠢᠭᠤᠯᠬᠤ︾᠄ ᠮᠠᠯ ᠤᠨ ᠡᠭᠦᠯᠳᠡᠷ ᠰᠠᠶᠢᠵᠢᠷᠠᠭᠤᠯᠬᠤ ᠶᠢ ᠬᠤᠪᠢᠷᠠᠭᠤᠯᠬᠤ ᠶᠢ ᠠᠬᠢᠭᠤᠯᠬᠤ᠂ ᠰᠠᠭᠤᠷᠢ ᠢᠵᠢ ᠪᠦᠷᠢᠳᠦᠭᠰᠡᠨ ᠲᠦᠭᠦᠭᠡᠷᠦᠮᠵᠢ ᠶᠢ ᠪᠠᠶᠢᠷᠢᠰᠢᠭᠤᠯᠤᠨ ᠪᠠᠶᠢᠭᠤᠯᠬᠤ ᠶᠢ ᠬᠤᠪᠢᠷᠠᠭᠤᠯᠬᠤ ᠶᠢ ᠠᠬᠢᠭᠤᠯᠬᠤ᠂ ᠬᠠᠮᠲᠤ ᠶᠢᠨ ᠪᠡᠯᠴᠢᠭᠡᠷ ᠢ ᠰᠢᠯᠵᠢᠭᠦᠯᠬᠦ ᠶᠢ ᠬᠤᠪᠢᠷᠠᠭᠤᠯᠬᠤ ᠶᠢ ᠠᠬᠢᠭᠤᠯᠬᠤ᠂ ᠱᠠᠩᠨᠠᠬᠤ ᠨᠥᠬᠦᠪᠥᠷᠢᠯᠡᠬᠦ ᠵᠠᠯᠬᠠᠭᠠᠬᠤ ᠶᠢ ᠵᠡᠷᠭᠡ ᠳᠤᠨᠢ ᠬᠤᠪᠢᠷᠠᠭᠤᠯᠬᠤ ᠶᠢ ᠠᠬᠢᠭᠤᠯᠬᠤ᠂ ᠲᠠᠷᠢᠮᠠᠯ ᠤᠨ ᠦᠢᠯᠡᠰ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠬᠤᠪᠢᠷᠠᠭᠤᠯᠬᠤ ᠶᠢ ᠠᠬᠢᠭᠤᠯᠬᠤ᠂ ᠠᠭᠤᠯᠠ ᠤᠰᠤ ᠠᠮᠢ ᠠᠬᠤᠶ ᠶᠢᠨ ᠵᠢᠭᠤᠯᠴᠢᠯᠠᠯ ᠢ ᠬᠥᠭᠵᠢᠭᠦᠯᠬᠦ ᠶᠢ ᠬᠤᠪᠢᠷᠠᠭᠤᠯᠬᠤ ᠶᠢ ᠠᠬᠢᠭᠤᠯᠬᠤ ᠵᠡᠷᠭᠡ ᠪᠤᠯᠤᠨ᠎ᠠ᠃    13. ᠲᠠᠷᠢᠶᠠᠯᠠᠩ ᠤᠨ ︽ᠳᠥᠷᠪᠡ ᠶᠢ ᠬᠢᠵᠠᠭᠠᠷᠯᠠᠬᠤ︾ ᠠᠵᠢᠯᠯᠠᠭ᠎ᠠ᠄ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠤᠷᠢᠯᠡᠯ ᠤᠨ ︽ᠬᠢᠮᠢ ᠶᠢᠨ ᠪᠣᠷᠳᠣᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ ᠡᠮ ᠢ ᠬᠢᠵᠠᠭᠠᠷᠯᠠᠨ ᠬᠥᠨᠥᠭᠡᠯ ᠢ ᠪᠠᠭᠠᠰᠬᠠᠬᠤ᠂ ᠤᠰᠤ ᠶᠢ ᠬᠢᠵᠠᠭᠠᠷᠯᠠᠨ ᠬᠤᠷᠣᠭᠳᠠᠯ ᠢ ᠪᠠᠭᠠᠰᠬᠠᠬᠤ᠂ ᠰᠦᠯᠢᠶᠣᠣ ᠪᠦᠷᠬᠦᠭᠦᠯ ᠢ ᠬᠢᠵᠠᠭᠠᠷᠯᠠᠨ ᠦᠷ᠎ᠡ ᠠᠰᠢᠭ ᠢ ᠳᠡᠭᠡᠭᠰᠢᠯᠡᠭᠦᠯᠬᠦ︾ ᠵᠡᠷᠭᠡ ᠳᠥᠷᠪᠡ ᠶᠢ ᠬᠢᠵᠠᠭᠠᠷᠯᠠᠬᠤ ᠠᠵᠢᠯᠯᠠᠭ᠎ᠠ ᠪᠤᠯᠤᠨ᠎ᠠ᠃    14. ︽ᠭᠤᠷᠪᠠᠨ ᠣᠷᠣᠨ ᠭᠤᠷᠪᠠᠨ ᠱᠤᠭᠤᠮ︾᠄ ᠬᠤᠲᠠ ᠪᠠᠯᠭᠠᠰᠤ ᠶᠢᠨ ᠣᠷᠣᠨ ᠵᠠᠶ᠂ ᠲᠠᠷᠢᠶᠠᠯᠠᠩ ᠤᠨ ᠣᠷᠣᠨ ᠵᠠᠶ᠂ ᠠᠮᠢ ᠠᠬᠤᠶ ᠶᠢᠨ ᠣᠷᠣᠨ ᠵᠠᠶ ᠵᠡᠷᠭᠡ ᠭᠤᠷᠪᠠᠨ ᠵᠦᠢᠯ ᠤᠨ ᠲᠥᠷᠥᠯ ᠬᠡᠯᠪᠡᠷᠢ ᠶᠢᠨ ᠣᠷᠣᠨ ᠵᠠᠶ ᠶᠢ ᠦᠨᠳᠦᠰᠦᠯᠡᠨ᠂ ᠲᠣᠰ ᠲᠣᠰ ᠬᠠᠷᠠᠭᠠᠯᠵᠠᠭᠤᠯᠤᠨ ᠬᠤᠪᠢᠶᠠᠷᠢᠯᠠᠨ ᠲᠣᠭᠲᠠᠭᠠᠭᠰᠠᠨ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠭᠤᠷᠪᠠᠨ ᠵᠤᠷᠪᠤᠰ ᠡᠵᠡᠮᠳᠡᠬᠦ ᠱᠤᠭᠤᠮ ᠲᠠᠢ ᠵᠣᠬᠢᠴᠠᠭᠤᠯᠤᠨ᠎ᠠ᠃    15. ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ᠄ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠪᠣᠯ ᠶᠡᠷᠦᠩᠬᠡᠶ ᠱᠦᠵᠢ ᠰᠢ ᠶᠢᠨ ᠫᠢᠩ ᠵᠧᠵᠢᠶᠠᠩ ᠳᠤ ᠠᠵᠢᠯᠯᠠᠵᠤ ᠪᠠᠶᠢᠬᠤ ᠳᠠᠭᠠᠨ ᠪᠡᠶ᠎ᠡ ᠪᠠᠷ ᠢᠶᠠᠨ ᠲᠥᠯᠥᠪᠯᠡᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠲᠦᠯᠬᠢᠨ ᠠᠬᠢᠭᠤᠯᠤᠭᠰᠠᠨ ᠨᠢᠭᠡᠨ ᠴᠢᠬᠤᠯᠠ ᠶᠡᠭᠡ ᠰᠢᠢᠳᠪᠤᠷᠢᠳᠦ ᠪᠤᠳᠤᠯᠭ᠎ᠠ ᠮᠥᠨ᠂ ᠡᠭᠦᠨ ᠢ ᠪᠦᠬᠦ ᠲᠠᠯ᠎ᠠ ᠪᠠᠷ ᠬᠡᠷᠡᠭᠵᠢᠭᠦᠯᠦᠭᠰᠡᠨ 20 ᠵᠢᠯ ᠤᠨ ᠲᠤᠷᠰᠢ ᠵᠧᠵᠢᠶᠠᠩ ᠤᠨ ᠬᠥᠳᠡᠭᠡ ᠲᠣᠰᠬᠤᠨ ᠤ ᠳᠦᠷᠰᠦ ᠪᠠᠶᠢᠳᠠᠯ ᠢ ᠭᠦᠨᠵᠡᠭᠡᠶ ᠬᠤᠪᠢᠷᠠᠭᠤᠯᠵᠠᠶ᠃    16. ᠲᠦᠷᠭᠡᠨ ᠡᠮᠨᠡᠬᠦ ᠲᠦᠷᠭᠡᠨ ᠠᠪᠤᠷᠠᠯᠳᠠ ᠶᠢᠨ ︽ᠲᠠᠪᠤᠨ ᠶᠡᠭᠡ ᠲᠥᠪ︾᠄ ᠰᠠ ᠡᠪᠡᠳᠴᠢᠨ ᠤ ᠲᠥᠪ᠂ ᠴᠡᠭᠡᠵᠢ ᠡᠪᠡᠳᠬᠦ ᠶᠢ ᠡᠮᠨᠡᠬᠦ ᠲᠥᠪ᠂ ᠰᠢᠷᠬ᠎ᠠ ᠶᠢ ᠡᠮᠨᠡᠬᠦ ᠲᠥᠪ᠂ ᠬᠦᠨᠳᠦ ᠲᠦᠭᠰᠢᠭᠦᠷᠢᠲᠡᠶ ᠵᠢᠷᠮᠦᠰᠦᠨ ᠪᠠ ᠬᠦᠩᠭᠡᠵᠢᠬᠦ ᠡᠮᠡᠭᠲᠡᠶ ᠶᠢ ᠠᠪᠤᠷᠠᠨ ᠡᠮᠨᠡᠬᠦ ᠲᠥᠪ᠂ ᠬᠦᠨᠳᠦ ᠲᠦᠭᠰᠢᠭᠦᠷᠢᠲᠡᠶ ᠨᠢᠷᠠᠶ ᠪᠠ ᠰᠠᠶ᠋ᠢ ᠲᠦᠷᠦᠭᠰᠡᠨ ᠬᠡᠤᠬᠡᠳ ᠢ ᠠᠪᠤᠷᠠᠨ ᠡᠮᠨᠡᠬᠦ ᠲᠥᠪ᠃    17. ︽ᠳᠤᠯᠤᠭᠠᠨ ᠲᠠᠯ᠎ᠠ ᠪᠠᠷ ᠵᠢᠱᠢᠶᠡᠴᠢ ᠪᠤᠯᠬᠤ︾᠄ ᠤᠯᠤᠰ ᠲᠦᠷᠦ ᠶᠢᠨ ᠪᠦᠳᠦᠭᠡᠨ ᠪᠠᠶᠢᠭᠤᠯᠤᠯᠲᠠ᠂ ᠠᠵᠤ ᠠᠬᠤᠶ ᠶᠢᠨ ᠪᠦᠲᠦᠭᠡᠨ ᠪᠠᠶᠢᠭᠤᠯᠤᠯᠲᠠ᠂ ᠰᠣᠶᠣᠯ ᠤᠨ ᠪᠦᠳᠦᠭᠡᠨ ᠪᠠᠶᠢᠭᠤᠯᠤᠯᠲᠠ᠂ ᠨᠡᠶᠢᠭᠡᠮ ᠤᠨ ᠪᠦᠳᠦᠭᠡᠨ ᠪᠠᠶᠢᠭᠤᠯᠤᠯᠲᠠ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ᠂ ᠰᠤᠷᠭᠠᠨ ᠬᠥᠮᠦᠵᠢᠯ ᠤᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠵᠢᠱᠢᠶᠡᠴᠢ ᠪᠤᠯᠤᠨ᠎ᠠ᠃    18. ︽ᠹᠧᠩ ᠴᠢᠶᠤᠤ ᠶᠢᠨ ᠲᠤᠷᠰᠢᠯᠭ᠎ᠠ︾᠄ ᠨᠠᠮ ᠤᠨ ᠣᠯᠠᠨ ᠲᠦᠮᠡᠨᠴᠢ ᠱᠤᠭᠤᠮ ᠢ ᠪᠠᠷᠢᠮᠲᠠᠯᠠᠨ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ ᠳᠣᠣᠷ᠎ᠠ᠂ ᠣᠯᠠᠨ ᠲᠦᠮᠡᠨ ᠢ ᠭᠦᠢᠴᠡᠳ ᠳᠠᠶᠢᠴᠢᠯᠠᠨ᠂ ᠣᠯᠠᠨ ᠲᠦᠮᠡᠨ ᠢ ᠵᠣᠬᠢᠶᠠᠨ ᠪᠠᠶᠢᠭᠤᠯᠵᠤ᠂ ᠣᠯᠠᠨ ᠲᠦᠮᠡᠨ ᠳᠤ ᠲᠦᠰᠢᠭᠯᠡᠨ ᠣᠯᠠᠨ ᠲᠦᠮᠡᠨ ᠤ ᠥᠪᠡᠷ ᠤᠨ ᠤᠴᠢᠷ ᠶᠠᠪᠤᠳᠠᠯ ᠢ ᠰᠢᠢᠳᠪᠤᠷᠢᠯᠡᠵᠦ᠂ ︽ᠪᠠᠭ᠎ᠠ ᠶᠠᠪᠤᠳᠠᠯ ᠢ ᠭᠠᠴᠠᠭ᠎ᠠ ᠲᠣᠰᠬᠤᠨ ᠠᠴᠠ ᠭᠠᠷᠭᠠᠬᠤ ᠦᠭᠡᠶ᠂ ᠶᠡᠭᠡ ᠶᠠᠪᠤᠳᠠᠯ ᠢ ᠰᠤᠮᠤ ᠪᠠᠯᠭᠠᠰᠤᠨ ᠠᠴᠠ ᠭᠠᠷᠭᠠᠬᠤ ᠦᠭᠡᠶ᠂ ᠵᠥᠷᠢᠴᠡᠯ ᠢ ᠳᠡᠭᠡᠭᠰᠢ ᠲᠤᠰᠢᠶᠠᠬᠤ ᠦᠭᠡᠶ︾ ᠪᠠᠶᠢᠯᠭᠠᠨ᠎ᠠ᠃    19. ︽ᠫᠦ᠋ ᠵᠢᠶᠠᠩ ᠤᠨ ᠲᠤᠷᠰᠢᠯᠭ᠎ᠠ︾᠄ ︽ᠫᠦ᠋ ᠵᠢᠶᠠᠩ ᠤᠨ ᠲᠤᠷᠰᠢᠯᠭ᠎ᠠ︾ ᠪᠣᠯ ᠶᠡᠷᠦᠩᠬᠡᠶ ᠱᠦᠵᠢ ᠰᠢ ᠶᠢᠨ ᠫᠢᠩ ᠵᠧᠵᠢᠶᠠᠩ ᠳᠤ ᠠᠵᠢᠯᠯᠠᠵᠤ ᠪᠠᠶᠢᠬᠤ ᠬᠤᠭᠤᠴᠠᠭᠠᠨ ᠳᠠᠭᠠᠨ ᠪᠡᠶ᠎ᠡ ᠪᠠᠷ ᠢᠶᠠᠨ ᠰᠠᠨᠠᠭᠠᠴᠢᠯᠠᠭᠰᠠᠨ ᠪᠥᠭᠡᠳ ᠲᠦᠷᠦᠭᠦᠯᠡᠨ ᠳᠣᠷᠣᠭᠰᠢ ᠪᠠᠭᠤᠵᠤ ᠰᠤᠷᠪᠤᠯᠵᠢᠯᠠᠯ ᠬᠢᠵᠦ᠂ ᠤᠯᠠᠨ ᠲᠦᠮᠡᠨ ᠤ ᠰᠤᠷᠪᠤᠯᠵᠢᠯᠠᠯ ᠢ ᠬᠦᠯᠢᠶᠡᠨ ᠠᠪᠤᠭᠰᠠᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠮᠥᠨ᠂ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠰᠠᠶᠢᠵᠢᠷᠠᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ ᠠᠮᠢᠳᠤᠯᠢᠭ ᠦᠢᠯᠡᠳᠦᠯᠭᠡ ᠮᠥᠨ᠃    20. ︽ᠭᠤᠷᠪᠠᠨ ᠴᠢᠬᠤᠯᠠ ᠨᠢᠭᠡ ᠶᠡᠭᠡ︾ ᠶᠢᠨ ᠲᠦᠷᠢᠮ᠄ ᠴᠢᠬᠤᠯᠠ ᠶᠡᠭᠡ ᠬᠡᠷᠡᠭ ᠶᠠᠪᠤᠳᠠᠯ ᠳᠤ ᠰᠢᠢᠳᠪᠤᠷᠢᠳᠦ ᠪᠤᠳᠤᠯᠭ᠎ᠠ ᠲᠣᠭᠲᠠᠭᠠᠬᠤ᠂ ᠴᠢᠬᠤᠯᠠ ᠺᠠᠳ᠋ᠷ ᠢ ᠲᠣᠮᠢᠯᠠᠵᠤ ᠪᠠᠭᠤᠯᠭᠠᠬᠤ᠂ ᠴᠢᠬᠤᠯᠠ ᠲᠦᠷᠦᠯ ᠵᠦᠢᠯ ᠢ ᠲᠣᠬᠢᠷᠠᠭᠤᠯᠬᠤ᠂ ᠶᠡᠭᠡ ᠲᠣᠭᠠᠨ ᠤ ᠪᠡᠯᠡ ᠮᠥᠩᠭᠦ ᠶᠢ ᠬᠡᠷᠡᠭᠯᠡᠬᠦ ᠳᠤ ᠡᠷᠬᠡᠪᠰᠢ ᠬᠠᠮᠲᠤ ᠪᠠᠷ ᠶᠠᠷᠢᠯᠴᠠᠵᠤ ᠲᠣᠭᠲᠠᠭᠠᠯ ᠭᠠᠷᠭᠠᠬᠤ ᠲᠦᠷᠢᠮ ᠪᠤᠯᠤᠨ᠎ᠠ᠃
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号