| | 2 ᠰᠠᠷ᠎ᠠ ᠶᠢᠨ 4 ᠤ ᠡᠳᠦᠷ᠂ ᠵᠠᠯᠠᠶᠢᠳ ᠬᠤᠰᠢᠭᠤᠨ ᠤ ᠲᠡᠮᠡᠭᠡᠴᠢ ᠪᠠᠯᠭᠠᠰᠤ ᠣᠳᠣᠬᠠᠨ ᠤ ᠭᠤᠣᠯᠳᠠᠯᠭ᠎ᠠ | ᠲᠠᠢ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠤᠳᠠᠭᠠᠨ ᠤ ᠪᠥᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠪᠦᠬᠦ ᠬᠤᠰᠢᠭᠤᠨ ᠤ ︽ᠬᠤᠶᠠᠷ ᠬᠤᠷᠠᠯ︾ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠡᠭᠦᠨ ᠤ ᠬᠠᠮᠲᠤ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ᠂ | ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠵᠠᠬᠢᠳᠠᠯ ᠰᠣᠷᠪᠤᠯᠵᠢᠯᠠᠯ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ | ᠠᠶᠤᠯᠭᠦᠢ ᠦᠢᠯᠡᠳᠪᠦᠷᠢᠯᠡᠯ᠂ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠵᠡᠷᠭᠡ ᠠᠵᠢᠯ ᠢ | ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠵᠠᠢ᠃ ᠪᠠᠯᠭᠠᠰᠤᠨ ᠤ ᠨᠠᠮ ᠵᠠᠰᠠᠭ ᠤᠨ ᠤᠳᠣᠷᠢᠳᠬᠤ ᠪᠠᠭ ᠤᠨ ᠪᠥᠬᠦ | ᠪᠦᠷᠢᠯᠳᠦᠭᠦᠨ᠂ ᠡᠯ᠎ᠡ ᠦᠷᠳᠡᠭᠡ᠂ ᠠᠯᠪᠠᠨ ᠭᠡᠷ᠂ ᠭᠠᠵᠠᠷ ᠤᠨ ᠬᠠᠷᠢᠭᠤᠴᠠᠯᠭᠠᠲᠠᠨ ᠪᠤᠯᠤᠨ ᠡᠯ᠎ᠡ ᠭᠠᠴᠠᠭ᠎ᠠ ︵ | ᠨᠡᠶᠢᠭᠡᠮ ᠲᠣᠭᠤᠷᠢᠭ︶ ᠶᠢᠨ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠠᠢ᠃ | ᠬᠤᠷᠠᠯ ᠠᠴᠠ᠂ ᠪᠦᠭᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ | ᠪᠦᠭᠦ ᠬᠤᠰᠢᠭᠤᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠱᠠᠭᠠᠷᠳᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠬᠦ ᠬᠡᠷᠡᠭᠳᠡᠢ᠃ ᠪᠦᠭᠦ ᠪᠠᠯᠭᠠᠰᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ | ᠠᠵᠢᠯ ᠢ ᠯᠠᠪᠳᠠᠭᠤᠨ ᠪᠠᠲᠤᠲᠠᠢ ᠬᠢᠵᠦ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠪᠣᠳᠠᠲᠤ | ᠠᠵᠢᠯᠯᠠᠭ᠎ᠠ ᠪᠠᠷ ᠢᠶᠠᠨ ᠬᠤᠰᠢᠭᠤᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠲᠡᠮᠡᠭᠡᠴᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠤ ᠴᠢᠬᠤᠯᠠᠴᠢᠯᠠᠵᠠᠢ᠃ |