ᠵᠠᠯᠠᠶᠢᠳ ᠬᠤᠰᠢᠭᠤᠨ ᠤ ᠲᠡᠮᠡᠭᠡᠴᠢ ᠪᠠᠯᠭᠠᠰᠤ ᠣᠳᠣᠬᠠᠨ ᠤ ᠭᠤᠣᠯᠳᠠᠯᠭ᠎ᠠ ᠲᠠᠢ ᠠᠵᠢᠯ ᠤᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2024/2/6
     2 ᠰᠠᠷ᠎ᠠ ᠶᠢᠨ 4 ᠤ ᠡᠳᠦᠷ᠂ ᠵᠠᠯᠠᠶᠢᠳ ᠬᠤᠰᠢᠭᠤᠨ ᠤ ᠲᠡᠮᠡᠭᠡᠴᠢ ᠪᠠᠯᠭᠠᠰᠤ ᠣᠳᠣᠬᠠᠨ ᠤ ᠭᠤᠣᠯᠳᠠᠯᠭ᠎ᠠ  ᠲᠠᠢ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠤᠳᠠᠭᠠᠨ ᠤ ᠪᠥᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠪᠦᠬᠦ ᠬᠤᠰᠢᠭᠤᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠡᠭᠦᠨ ᠤ ᠬᠠᠮᠲᠤ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠵᠠᠬᠢᠳᠠᠯ ᠰᠣᠷᠪᠤᠯᠵᠢᠯᠠᠯ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂  ᠠᠶᠤᠯᠭᠦᠢ ᠦᠢᠯᠡᠳᠪᠦᠷᠢᠯᠡᠯ᠂ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠵᠡᠷᠭᠡ ᠠᠵᠢᠯ ᠢ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠵᠠᠢ᠃ ᠪᠠᠯᠭᠠᠰᠤᠨ ᠤ ᠨᠠᠮ ᠵᠠᠰᠠᠭ ᠤᠨ  ᠤᠳᠣᠷᠢᠳᠬᠤ ᠪᠠᠭ ᠤᠨ ᠪᠥᠬᠦ ᠪᠦᠷᠢᠯᠳᠦᠭᠦᠨ᠂ ᠡᠯ᠎ᠡ ᠦᠷᠳᠡᠭᠡ᠂ ᠠᠯᠪᠠᠨ ᠭᠡᠷ᠂ ᠭᠠᠵᠠᠷ ᠤᠨ ᠬᠠᠷᠢᠭᠤᠴᠠᠯᠭᠠᠲᠠᠨ ᠪᠤᠯᠤᠨ ᠡᠯ᠎ᠡ ᠭᠠᠴᠠᠭ᠎ᠠ ︵ᠨᠡᠶᠢᠭᠡᠮ ᠲᠣᠭᠤᠷᠢᠭ︶ ᠶᠢᠨ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠠᠢ᠃      ᠬᠤᠷᠠᠯ ᠠᠴᠠ᠂ ᠪᠦᠭᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠪᠦᠭᠦ ᠬᠤᠰᠢᠭᠤᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠳᠡᠢ᠃ ᠪᠦᠭᠦ ᠪᠠᠯᠭᠠᠰᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠬᠢᠵᠦ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠤᠰᠢᠭᠤᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠡᠮᠡᠭᠡᠴᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠤ ᠴᠢᠬᠤᠯᠠᠴᠢᠯᠠᠵᠠᠢ᠃  
 
ᠢᠷᠡᠯᠲᠡ᠄ ᠲᠡᠮᠡᠭᠡᠴᠢ ᠪᠠᠯᠭᠠᠰᠣᠨ ᠤ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号