ᠵᠠᠯᠠᠶᠢᠳ ᠬᠤᠰᠢᠭᠤᠨ ᠤ ᠲᠡᠮᠡᠭᠡᠴᠢ ᠪᠠᠯᠭᠠᠰᠤ ᠰᠡᠷᠡᠮᠵᠢᠯᠡᠭᠦᠯᠬᠦ ᠬᠥᠮᠦᠵᠢᠯ ᠤᠨ ᠪᠣᠯᠪᠠᠰᠤᠷᠠᠯ ᠤᠨ ᠬᠤᠷᠠᠯ ᠬᠢᠵᠡᠢ
ᠨᠡᠶᠢᠲᠡᠯᠡᠭᠰᠡᠨ ᠴᠠᠭ᠄
2024/2/6
     ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠠᠮᠢᠶ᠎ᠠ ᠪᠦᠬᠦᠢ ᠮᠡᠳᠡᠭᠳᠡᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠲᠥᠯᠥᠭᠡ᠂ 2 ᠰᠠᠷ᠎ᠠ ᠶᠢᠨ 4 ᠤ ᠡᠳᠦᠷ᠂ ᠵᠠᠯᠠᠶᠢᠳ ᠬᠤᠰᠢᠭᠤᠨ ᠤ ᠲᠡᠮᠡᠭᠡᠴᠢ ᠪᠠᠯᠭᠠᠰᠤ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠵᠢᠴᠢ ᠨᠡᠶᠢᠲᠡᠯᠢᠭ ᠬᠡᠷᠡᠭ ᠤᠨ ᠵᠢᠱᠢᠶ᠎ᠡ ᠪᠠᠷ ᠡᠰᠢ ᠳᠠᠳᠠᠵᠤ ᠰᠡᠷᠡᠮᠵᠢᠯᠡᠭᠦᠯᠬᠦ ᠬᠥᠮᠦᠵᠢᠯ ᠤᠨ ᠪᠣᠯᠪᠠᠰᠤᠷᠠᠯ ᠤᠨ ᠬᠤᠷᠠᠯ ᠢ ᠥᠷᠨᠢᠭᠦᠯᠪᠡ᠃      ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠱᠦᠵᠢ ᠵᠢᠴᠢ ᠠᠶᠤᠯᠭᠦᠢ ᠦᠢᠯᠡᠳᠪᠦᠷᠢᠯᠡᠯ ᠤᠨ ᠳᠡᠳ᠋ ᠡᠷᠬᠢᠯᠡᠭᠴᠢ ᠵᠡᠷᠭᠡ ᠬᠠᠮᠢᠶ᠎ᠠ ᠪᠦᠬᠦᠢ ᠬᠥᠮᠥᠰ ᠲᠣᠰ ᠤᠳᠠᠭᠠᠨ ᠤ ᠬᠤᠷᠠᠯ ᠳᠤ ᠣᠷᠣᠯᠴᠠᠵᠠᠢ᠃ ᠬᠤᠷᠠᠯ ᠠᠴᠠ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ ᠪᠦᠬᠦᠢ ᠮᠡᠳᠡᠭᠳᠡᠯ ᠪᠣᠯᠣᠨ ᠲᠤᠰᠬᠠᠢ ᠠᠵᠢᠯᠯᠠᠭ᠎ᠠ ᠶᠢ ᠰᠤᠷᠤᠯᠴᠠᠬᠤ ᠱᠠᠭᠠᠷᠳᠠᠯᠭ᠎ᠠ ᠶᠢ ᠤᠯᠠᠮᠵᠢᠯᠠᠵᠤ᠂ ᠣᠶᠢᠷ᠎ᠠ ᠶᠢᠨ ᠬᠤᠭᠤᠴᠠᠭᠠᠨ ᠳᠤ ᠠᠶᠢᠮᠠᠭ ᠤᠨ ᠳᠣᠲᠣᠨ᠎ᠠ ᠭᠠᠳᠠᠨᠠᠬᠢ ᠠᠮᠤᠷ ᠲᠦᠪᠰᠢᠨ ᠤ ᠡ᠊ᠨᠳᠡᠯ ᠢᠶᠠᠷ ᠵᠢᠱᠢᠶ᠎ᠡ ᠪᠤᠯᠭᠠᠵᠤ ᠭᠠᠯ  ᠤᠨ ᠠᠶᠤᠯ ᠢ ᠰᠡᠷᠭᠡᠶᠢᠯᠡᠬᠦ ᠲᠤᠬᠠᠢ ᠲᠠᠶᠢᠯᠤᠮᠵᠢ ᠬᠢᠵᠦ᠂ ᠤᠯᠠᠨ ᠲᠦᠮᠡᠨ ᠢ ᠭᠦᠨᠵᠡᠭᠡᠢ ᠰᠤᠷᠭᠠᠮᠵᠢ ᠠᠪᠴᠤ᠂ ᠰᠡᠷᠡᠮᠵᠢ ᠶᠢᠨ ᠬᠤᠩᠬᠤ ᠶᠢ ᠬᠠᠩᠬᠢᠨᠠᠭᠤᠯᠬᠤ ᠶᠢ ᠪᠠᠲᠤᠯᠠᠬᠤ ᠬᠡᠷᠡᠭᠲᠡᠢ᠃ ᠲᠤᠰᠬᠠᠢ ᠠᠵᠢᠯᠯᠠᠭ᠎ᠠ ᠶᠢᠨ ᠲᠠᠯ᠎ᠠ ᠪᠠᠷ ᠪᠣᠳᠠᠲᠠᠢ ᠪᠠᠶᠢᠷᠢᠯᠠᠭᠤᠯᠤᠯᠲᠠ ᠬᠢᠵᠦ᠂ ᠭᠠᠯ  ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠭᠠᠯ ᠤᠨ ᠭᠠᠮᠰᠢᠭ ᠤᠨ ᠡ᠊ᠨᠳᠡᠯ ᠭᠠᠷᠬᠤ ᠶᠢ ᠡᠷᠡᠰ ᠬᠤᠷᠢᠭᠯᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠮᠤᠷ ᠲᠦᠪᠰᠢᠨ ᠤ ᠪᠠᠶᠢᠳᠠᠯ ᠢ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠤ ᠱᠠᠭᠠᠷᠳᠠᠵᠠᠢ᠃  
 
ᠢᠷᠡᠯᠲᠡ᠄ ᠲᠡᠮᠡᠭᠡᠴᠢ ᠪᠠᠯᠭᠠᠰᠣᠨ ᠤ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号