ᠵᠠᠯᠠᠶᠢᠳ ᠬᠤᠰᠢᠭᠤᠨ ᠤ ᠤᠷᠴᠢᠨ ᠲᠤᠭᠤᠷᠢᠨ ᠢᠳᠡᠬᠡᠨ ᠡᠮ ᠤᠨ ᠵᠦᠢᠯᠡᠰ ᠤᠨ ᠶᠠᠯᠠᠳᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠶᠡᠭᠡ ᠠᠩᠬᠢ ᠢᠳᠡᠬᠡᠨ ᠤᠮᠳᠡᠭᠠᠨ ᠤ ᠠᠮᠦᠷ ᠲᠦᠪᠰᠢᠨ ᠤ ᠪᠠᠶᠢᠴᠠᠭᠠᠯᠳᠠ ᠬᠢᠵᠡᠢ
ᠨᠡᠶᠢᠲᠡᠯᠡᠭᠰᠡᠨ ᠴᠠᠭ᠄
2024/2/6
    ᠴᠠᠭᠠᠨ ᠰᠠᠷ᠎ᠠ ᠶᠢᠨ ᠬᠤᠭᠤᠴᠠᠭᠠᠨ ᠤ ᠢᠳᠡᠬᠡᠨ ᠤᠮᠳᠡᠭᠠᠨ ᠤ ᠠᠮᠦᠷ ᠲᠦᠪᠰᠢᠨ ᠢ ᠪᠠᠳᠦᠯᠠᠵᠦ᠂ ᠢᠳᠡᠬᠡᠨ ᠤᠮᠳᠡᠭᠠᠨ ᠤ ᠠᠮᠦᠷ ᠲᠦᠪᠰᠢᠨ ᠤ ᠡ᠊ᠨᠳᠡᠯ ᠭᠠᠷᠬᠤ ᠶᠢ ᠤᠷᠢᠳᠴᠢᠯᠠᠨ ᠰᠡᠷᠬᠡᠶᠢᠯᠡᠬᠦ ᠶᠢᠨ ᠲᠦᠯᠦᠬᠡ᠂ ᠤᠶᠢᠷ᠎ᠠ ᠳᠤ ᠵᠠᠯᠠᠶᠢᠳ ᠬᠤᠰᠢᠭᠤᠨ ᠤ ᠲᠤᠳᠤᠭᠠᠳᠥ ᠶᠢ ᠬᠠᠮᠠᠭᠠᠯᠠᠬᠤ ᠲᠤᠪᠴᠢᠶᠠᠨ ᠤ ᠤᠷᠴᠢᠨ ᠲᠤᠭᠤᠷᠢᠨ ᠢᠳᠡᠬᠡᠨ ᠡᠮ ᠤᠨ ᠵᠦᠢᠯᠡᠰ ᠤᠨ ᠶᠠᠯᠠᠳᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠶᠡᠭᠡ ᠠᠩᠬᠢ ᠬᠤᠰᠢᠭᠤᠨ ᠤ ᠪᠠᠨ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠦᠯᠳᠠ ᠶᠢᠨ ᠲᠤᠪᠴᠢᠶ᠎ᠠ ᠲᠠᠢ ᠬᠤᠯᠪᠤᠭᠠᠯᠠᠨ᠂ ᠴᠠᠭᠠᠨ ᠰᠠᠷ᠎ᠠ ᠶᠢᠨ ᠡᠮᠦᠨᠡᠬᠢ ᠢᠳᠡᠬᠡᠨ ᠤᠮᠳᠡᠭᠠᠨ ᠤ ᠵᠠᠬ᠎ᠠ ᠳᠡᠯᠭᠡᠬᠦᠷ ᠲᠤ ᠠᠮᠦᠷ ᠲᠦᠪᠰᠢᠨ ᠤ ᠲᠤᠰᠬᠠᠢ ᠪᠠᠶᠢᠴᠠᠭᠠᠯᠳᠠ ᠦᠷᠨᠢᠬᠦᠯᠵᠡᠢ᠃     ᠪᠠᠶᠢᠴᠠᠭᠠᠬᠤ ᠲᠤᠭᠤᠶᠢᠯᠠᠩ ᠨᠢ ᠨᠠᠰᠦᠳᠠᠨ ᠢ ᠠᠰᠠᠷᠠᠬᠤ ᠬᠦᠷᠢᠶᠡᠯᠡᠩ᠂ ᠲᠤᠮᠤ ᠬᠡᠯᠪᠡᠷᠢ ᠶᠢᠨ ᠬᠤᠳᠠᠯᠳᠤᠭ᠎ᠠ ᠴᠢᠯᠦᠬᠡᠳᠦ ᠲᠡᠯᠬᠡᠬᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠲᠡᠯᠬᠡᠬᠦᠷ᠂ ᠵᠢᠮᠢᠰ ᠤᠨ ᠲᠡᠯᠬᠡᠬᠦᠷ᠂ ᠮᠢᠬ᠎ᠠ ᠶᠢᠨ ᠬᠤᠳᠠᠯᠳᠤᠭᠠᠨ ᠤ ᠲᠡᠯᠬᠡᠬᠦᠷ ᠢᠶᠠᠷ ᠭᠤᠤᠯᠳᠠᠯᠭ᠎ᠠ ᠲᠠᠢ ᠪᠠᠶᠢᠴᠠᠭᠠᠵᠦ᠂ ᠨᠡᠶᠢᠳᠡ 40 ᠭᠠᠷᠦᠢ ᠲᠡᠯᠬᠡᠬᠦᠷ ᠢ ᠪᠠᠶᠢᠴᠠᠭᠠᠬᠰᠠᠨ ᠪᠠᠶᠢᠨ᠎ᠠ᠃ ᠤᠨᠴᠠᠭᠠᠶᠢᠯᠠᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠷᠢᠬᠢᠨ ᠤ ᠲᠦᠷᠦᠯ᠂ ᠤᠮᠳᠠᠭᠠᠠ᠂ ᠢᠳᠡᠰᠢᠨ ᠲᠤᠰᠤ᠂ ᠠᠮᠳᠠ ᠤᠷᠤᠭᠤᠯᠤᠬᠴᠢ᠂ ᠪᠤᠯᠭᠤᠭᠠᠬᠰᠠᠨ ᠢᠳᠡᠬᠡᠨ ᠵᠡᠷᠭᠡ ᠪᠠᠶᠠᠷ ᠤᠨ ᠡᠳᠦᠷ ᠤᠨ ᠬᠡᠷᠡᠭᠯᠡᠭᠡᠨ ᠤ ᠬᠡᠮᠵᠢᠶ᠎ᠡ ᠪᠠᠷ ᠶᠡᠭᠡ ᠢᠳᠡᠬᠡᠨ ᠤᠮᠳᠠᠭᠠᠨ ᠤ ᠶᠠᠰᠦ ᠴᠢᠨᠠᠷ᠂ ᠬᠠᠳᠠᠭᠠᠯᠠᠯᠳᠠ ᠶᠢᠨ ᠪᠠᠶᠢᠳᠠᠯ ᠵᠢᠴᠢ ᠢᠳᠡᠬᠡᠨ ᠢ ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠴᠢᠨᠠᠷ ᠢ ᠪᠠᠳᠦᠯᠠᠬᠤ ᠡᠳᠤᠷ ᠬᠤᠭᠤᠴᠠᠭ᠎ᠠ ᠵᠡᠷᠭᠡ ᠲᠠᠯ᠎ᠠ ᠪᠠᠷ ᠨᠠᠷᠢᠨ ᠪᠠᠶᠢᠴᠠᠭᠠᠯᠳᠠ ᠬᠢᠵᠡᠢ᠃ ᠡᠬᠦᠨ ᠤ ᠬᠠᠮᠳᠤ ᠪᠠᠰᠠ ᠡᠵᠡᠩᠨᠡᠭᠴᠢᠳ ᠢ ᠢᠳᠡᠬᠡᠯ ᠢ ᠡᠷᠬᠢᠮᠯᠡᠨ ᠡᠵᠡᠩᠨᠡᠵᠤ᠂ ᠢᠳᠡᠬᠡᠨ ᠤ ᠠᠮᠦᠷ ᠲᠦᠪᠰᠢᠨ ᠤ ᠲᠠᠯᠳᠠ ᠬᠡᠮ ᠢ ᠲᠠᠷᠦᠢ ᠲᠦᠷᠭᠡᠨ ᠠᠷᠢᠯᠭᠠᠵᠦ᠂ ᠢᠳᠡᠬᠡᠨ ᠤ ᠠᠮᠦᠷ ᠲᠦᠪᠰᠢᠨ ᠤ ᠬᠤᠷᠢᠭ᠎ᠠ ᠱᠤᠭᠤᠮ ᠢ ᠪᠠᠬᠢᠵᠢᠬᠦᠯᠵᠦ᠂ ᠤᠯᠠᠨ ᠲᠦᠮᠡᠨ ᠳᠤ ᠠᠮᠦᠷ ᠠᠮᠤᠭᠤᠯᠠᠩ᠂ ᠡᠶ᠎ᠡ ᠨᠠᠶᠢᠷᠠᠮᠳᠠᠭᠤ ᠪᠠᠶᠠᠷ ᠤᠨ ᠡᠳᠦᠷ ᠤᠨ ᠬᠡᠷᠡᠭᠯᠡᠭᠡᠨ ᠤ ᠤᠷᠴᠢᠨ ᠢ ᠪᠦᠷᠢᠯᠳᠦᠬᠦᠯᠬᠦ ᠬᠡᠷᠡᠭᠳᠡᠢ ᠭᠡᠵᠦ ᠱᠠᠭᠠᠷᠳᠠᠪᠠ᠃                                                           ︵ ᠴᠧᠨ ᠴᠠᠬᠢᠷᠮ᠎ᠠ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号