ᠬᠤᠨᠢᠨ ᠤ ᠡᠪᠡᠰᠦ ᠶᠢ ᠬᠤᠷᠢᠶᠠᠬᠤ ᠪᠠ ᠬᠠᠳᠠᠭᠠᠯᠠᠬᠤ
ᠨᠡᠶᠢᠲᠡᠯᠡᠭᠰᠡᠨ ᠴᠠᠭ᠄
2024/3/11
     ᠬᠤᠨᠢᠨ ᠤ ᠡᠪᠡᠰᠦ ᠬᠠᠭᠤᠷᠠᠢ ᠡᠪᠡᠰᠦ ᠶᠢ ᠬᠠᠳᠤᠬᠤ ᠳᠤ ᠬᠠᠮᠤᠭ ᠰᠠᠶᠢᠨ ᠨᠢ ᠵᠠᠯᠠᠭᠠᠯᠠᠬᠤ ᠬᠤᠭᠤᠴᠠᠭᠠᠨ ᠳᠤ ᠪᠠᠶᠢᠳᠠᠭ᠂ ᠵᠡᠭᠦᠨ ᠬᠤᠶᠢᠲᠤ ᠣᠷᠣᠨ ᠤ ᠬᠤᠨᠢᠨ ᠤ ᠡᠪᠡᠰᠦ ᠶᠢ ᠬᠤᠷᠢᠶᠠᠬᠤ ᠳᠤ ᠭᠤᠣᠯᠳᠠᠭᠤ ᠬᠤᠶᠠᠷ ᠬᠤᠭᠤᠴᠠᠭ᠎ᠠ ᠬᠤᠪᠢᠶᠠᠨ᠎ᠠ᠂ ᠨᠢᠭᠡ ᠨᠢ 7 — 8 ᠰᠠᠷ᠎ᠠ ᠠᠴᠠ ᠡᠬᠢᠯᠡᠨ ᠡᠪᠡᠰᠦ ᠬᠤᠷᠢᠶᠠᠨ᠎ᠠ᠂ ᠡᠨᠡ ᠦᠶ᠎ᠡ ᠳᠤ ᠰᠢᠮ᠎ᠡ ᠲᠡᠵᠢᠭᠡᠯ ᠤᠨ ᠴᠢᠨᠠᠷ ᠨᠢ ᠨᠡᠯᠢᠶᠡᠳ ᠥᠨᠳᠥᠷ᠂ ᠪᠣᠷᠣᠯᠠᠭᠤᠯᠤᠯᠲᠠ ᠶᠢᠨ ᠦᠨ᠎ᠡ ᠨᠢ ᠥᠨᠳᠥᠷ᠂ ᠭᠠᠷᠤᠯᠲᠠ ᠶᠢᠨ ᠬᠡᠮᠵᠢᠶ᠎ᠡ ᠨᠢ ᠳᠣᠣᠷ᠎ᠠ᠂ ᠤᠰᠤᠨ ᠤ ᠠᠭᠤᠯᠤᠭᠳᠠᠴᠠ ᠨᠢ ᠶᠡᠭᠡ᠂ ᠶᠡᠷᠦ ᠳᠡᠭᠡᠨ 16% ᠠᠴᠠ ᠳᠡᠭᠡᠭᠰᠢ ᠪᠠᠶᠢᠵᠤ᠂ ᠤᠷᠳᠤ ᠬᠤᠭᠤᠴᠠᠭ᠎ᠠ ᠪᠠᠷ ᠬᠠᠳᠠᠭᠠᠯᠠᠬᠤ ᠳᠤ ᠬᠦᠴᠢᠷ᠃ ᠣᠳᠣᠬᠠᠨ ᠤ ᠨᠠᠶᠢᠷᠠᠭᠤᠯᠬᠤ ᠠᠷᠭ᠎ᠠ ᠪᠣᠯ ᠬᠠᠳᠤᠭᠰᠠᠨ ᠤ ᠳᠠᠷᠠᠭ᠎ᠠ 1 — 3 ᠡᠳᠦᠷ ᠬᠠᠳᠠᠭᠠᠭᠰᠠᠨ ᠤ ᠳᠠᠷᠠᠭ᠎ᠠ ᠤᠷᠢᠳ ᠢᠶᠠᠷ ᠰᠦᠪᠡᠷᠬᠡᠭ ᠵᠢᠵᠢᠭ ᠣᠪᠣᠭ᠎ᠠ ᠪᠣᠯᠭᠠᠨ ᠣᠪᠣᠭᠠᠯᠠᠵᠤ᠂ ᠠᠭᠠᠵᠢᠮ ᠢᠶᠠᠷ ᠰᠡᠭᠦᠳᠡᠷ ᠲᠤ ᠬᠠᠲᠠᠭᠠᠨ᠂ ᠤᠰᠤᠨ ᠤ ᠠᠭᠤᠯᠤᠭᠳᠠᠴᠠ ᠨᠢ 16% ᠣᠷᠴᠢᠮ ᠪᠣᠯᠪᠠᠯ ᠣᠪᠣᠭᠠᠯᠠᠬᠤ᠂ ᠡᠰᠡᠬᠦᠯ᠎ᠡ ᠪᠡᠯᠴᠢᠭᠡᠷ ᠲᠤ ᠣᠪᠣᠭᠠᠯᠠᠭᠠᠳ ᠰᠢᠭᠤᠳ ᠪᠤᠭᠤᠵᠢᠯᠠᠵᠤ᠂ ᠡᠰᠡᠬᠦᠯ᠎ᠡ ᠬᠥᠮᠥᠷᠭᠡ ᠳᠤ ᠬᠦᠷᠭᠡᠵᠦ ᠬᠠᠳᠠᠭᠠᠯᠠᠨ᠎ᠠ᠃ ᠬᠤᠶᠠᠷ ᠲᠤ 8 ᠰᠠᠷ᠎ᠠ ᠶᠢᠨ ᠰᠡᠭᠦᠯᠴᠢ ᠠᠴᠠ 9 ᠰᠠᠷ᠎ᠠ ᠪᠣᠯᠲᠠᠯᠠᠬᠢ ᠬᠤᠭᠤᠴᠠᠭᠠᠨ ᠳᠤ ᠬᠠᠳᠤᠨ᠎ᠠ᠂ ᠡᠨᠡ ᠦᠶ᠎ᠡ ᠳᠤ ᠨᠢᠭᠡᠨᠲᠡ ᠪᠣᠷᠣᠭᠠᠨ ᠤ ᠤᠯᠠᠷᠢᠯ ᠥᠩᠭᠡᠷᠡᠵᠦ᠂ ᠨᠡᠷᠡᠨ ᠳᠤ ᠡᠭᠡᠭᠡᠵᠦ ᠪᠣᠯᠬᠤ ᠴᠠᠭ ᠨᠢ ᠣᠷᠳᠣ ᠰᠢᠭ᠋ ᠪᠠᠶᠢᠵᠤ᠂ ᠠᠭᠠᠷ ᠤᠨ ᠳᠤᠯᠠᠭᠠᠨ ᠨᠢ ᠴᠦ ᠢᠯᠡᠳᠲᠡ ᠪᠠᠭᠤᠷᠠᠵᠤ᠂ ᠠᠮᠠᠷᠬᠠᠨ ᠸᠠᠯᠠᠬᠤ ᠦᠭᠡᠢ᠂ ᠬᠠᠭᠤᠷᠠᠢ ᠡᠪᠡᠰᠦᠨ ᠤ ᠤᠰᠤᠨ ᠤ ᠠᠭᠤᠯᠤᠭᠳᠠᠴᠠ ᠨᠢ 13% ᠠᠴᠠ ᠳᠣᠷᠣᠭᠰᠢ ᠪᠠᠶᠢᠵᠤ᠂ ᠶᠡᠭᠡ ᠬᠡᠮᠵᠢᠶ᠎ᠡ ᠪᠠᠷ ᠬᠤᠳᠠᠯᠳᠤᠨ ᠠᠪᠬᠤ ᠪᠤᠶᠤ ᠣᠷᠳᠣ ᠬᠤᠭᠤᠴᠠᠭ᠎ᠠ ᠪᠠᠷ ᠬᠠᠳᠠᠭᠠᠯᠠᠵᠤ ᠪᠣᠯᠣᠨ᠎ᠠ᠃ ᠭᠡᠪᠡᠴᠦ ᠬᠠᠳᠤᠬᠤ ᠬᠤᠭᠤᠴᠠᠭ᠎ᠠ  ᠨᠢ ᠨᠢᠭᠡᠨᠲᠡ ᠪᠣᠯᠪᠠᠰᠤᠷᠠᠭᠰᠠᠨ ᠬᠤᠭᠤᠴᠠᠭ᠎ᠠ ᠠᠴᠠ ᠪᠠᠨ ᠥᠩᠭᠡᠷᠡᠭᠡᠳ ᠰᠢᠷᠠᠯᠠᠬᠤ ᠬᠤᠭᠤᠴᠠᠭ᠎ᠠ ᠳᠤ ᠣᠷᠣᠭᠰᠠᠨ ᠤᠴᠢᠷ ᠠᠴᠠ ᠬᠠᠭᠤᠷᠠᠢ ᠡᠪᠡᠰᠦᠨ ᠤ ᠶᠠᠰᠤ ᠴᠢᠨᠠᠷ ᠨᠢ ᠪᠠᠭᠤᠷᠠᠭᠰᠠᠨ ᠪᠠᠶᠢᠳᠠᠭ᠃
 
ᠢᠷᠡᠯᠲᠡ᠄ ᠠᠯᠠᠱᠠ ᠠᠶᠢᠮᠠᠭ ᠤᠨ ᠠᠷᠡᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号