| ᠰᠣᠶᠣᠯ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠴᠡᠪᠡᠷᠰᠢᠭᠦᠯᠵᠦ᠂ ᠰᠤᠷᠲᠠᠯ ᠤᠬᠠᠭᠤᠯᠭ᠎ᠠ ᠦᠵᠡᠯ | ᠰᠠᠨᠠᠭᠠᠨ ᠤ ᠵᠢᠭᠰᠠᠭᠠᠯ ᠤᠨ ᠭᠠᠵᠠᠷ ᠢ ᠪᠠᠬᠢᠵᠢᠭᠦᠯᠤᠨ᠂ ᠡᠷᠡᠭᠦᠯ ᠥᠭᠡᠳᠡᠷᠬᠡᠭ ᠨᠡᠶᠢᠭᠡᠮ ᠤᠨ ᠬᠡᠪ ᠰᠤᠷᠲᠠᠯ ᠢ ᠪᠤᠢ | ᠪᠣᠯᠭᠠᠵᠤ᠂ ᠦᠨᠳᠦᠰᠦᠨ ᠱᠠᠲᠤᠨ ᠤ ᠣᠯᠠᠨ ᠲᠦᠮᠡᠨ ᠤ ᠣᠶᠤᠨ ᠤ ᠪᠣᠯᠪᠠᠰᠤᠨ ᠤ ᠪᠠᠢᠭᠤᠯᠤᠯᠲᠠ ᠶᠢ ᠠᠬᠢᠭᠤᠯᠤᠨ᠂ | ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠢᠩᠭ᠎ᠠ ᠴᠣᠬᠢᠯᠲᠠ ᠥᠭᠬᠦ ᠠᠵᠢᠯ ᠤᠨ | ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠦᠯᠦᠭᠡ᠂ ᠣᠶᠢᠷ᠎ᠠ ᠳᠤ᠂ ᠵᠠᠯᠠᠶᠢᠳ ᠬᠤᠰᠢᠭᠤᠨ ᠤ ᠬᠤᠯᠪᠤᠭ᠎ᠠ | ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ︶ ︽ᠱᠠᠯᠢᠭ ᠵᠠᠪᠬᠠᠶ | ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠢᠩᠭ᠎ᠠ ᠴᠣᠬᠢᠯᠲᠠ ᠥᠭᠬᠦ︾ ᠲᠤᠰᠬᠠᠶ ᠪᠠᠶᠢᠴᠠᠭᠠᠯᠲᠠ ᠶᠢᠨ | ᠠᠵᠢᠯᠯᠠᠭ᠎ᠠ ᠥᠷᠨᠢᠭᠦᠯᠪᠡ᠃ | ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠠᠷᠢᠶ᠎ᠠ ᠣᠷᠣᠨ ᠤ ᠴᠢᠯᠦᠭᠡᠳᠦ ᠳᠡᠯᠭᠡᠭᠦᠷ᠂ ᠦᠰᠦᠭ | ᠦᠷᠦᠵᠦ ᠳᠠᠷᠤᠮᠠᠯᠯᠠᠬᠤ ᠭᠠᠵᠠᠷ᠂ ᠳᠠᠬᠢᠯᠭ᠎ᠠ ᠶᠢᠨ ᠡᠳ᠋ ᠤᠨ ᠳᠡᠯᠭᠡᠭᠦᠷ ᠪᠣᠯᠤᠨ ᠨᠣᠮ ᠤᠨ ᠥᠷᠥᠭᠡ ᠪᠠᠷ ᠬᠦᠷᠴᠦ | ᠮᠡᠳᠡᠯᠭᠡ ᠶᠢᠨ ᠦᠮᠴᠢᠯᠡᠯ ᠤᠨ ᠡᠷᠬᠡ ᠳᠤ ᠬᠠᠯᠳᠠᠵᠤ ᠬᠤᠯᠠᠭᠠᠶᠢᠯᠠᠨ ᠬᠡᠪᠯᠡᠭᠰᠡᠨ ᠡᠳ᠋ ᠵᠢᠴᠢ ᠱᠠᠯᠢᠭ ᠵᠠᠪᠬᠠᠶ ᠵᠦᠢᠯᠡᠰ | ᠪᠠ ᠬᠠᠤᠯᠢ ᠪᠤᠰᠤ ᠵᠦᠢᠯ ᠳᠤ ᠬᠤᠯᠪᠣᠭᠳᠠᠭᠰᠠᠨ ᠵᠡᠷᠭᠡ ᠡᠷᠡᠭᠦᠯ ᠪᠤᠰᠤ ᠰᠣᠶᠣᠯ ᠤᠨ ᠠᠭᠤᠯᠭ᠎ᠠ ᠪᠦᠬᠦᠢ | ᠪᠦᠲᠦᠭᠡᠭᠳᠡᠬᠦᠨ ᠢ ᠲᠣᠭᠲᠠᠭᠠᠯ ᠠᠴᠠ ᠵᠥᠷᠢᠴᠡᠨ ᠬᠤᠳᠠᠯᠳᠤᠭᠰᠠᠨ ᠡᠰᠡᠬᠦ ᠶᠢ ᠪᠠᠶᠢᠴᠠᠭᠠᠵᠤ᠂ ᠡᠭᠦᠨ ᠤ ᠬᠠᠮᠲᠤ ︽ | ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠢᠩᠭ᠎ᠠ ᠴᠣᠬᠢᠯᠲᠠ ᠥᠭᠬᠦ︾ ᠬᠠᠮᠢᠶ᠎ᠠ | ᠪᠦᠬᠦᠢ ᠠᠭᠤᠯᠭ᠎ᠠ ᠶᠢ ᠤᠬᠠᠭᠤᠯᠵᠤ᠂ ᠬᠠᠤᠯᠢ ᠪᠤᠰᠤ ᠬᠡᠪᠯᠡᠭᠳᠡᠬᠦᠨ ᠤ ᠭᠤᠣᠯ ᠣᠨᠴᠠᠯᠢᠭ᠂ ᠪᠠᠶᠢᠩᠭᠤ ᠬᠡᠷᠡᠭᠯᠡᠬᠦ | ᠠᠷᠭ᠎ᠠ ᠪᠠᠷᠢᠯ ᠪᠣᠯᠤᠨ ᠵᠠᠯᠠᠭᠤᠴᠤᠳ ᠪᠠᠭᠠᠴᠤᠳ ᠲᠤ ᠤᠴᠠᠷᠠᠭᠤᠯᠬᠤ ᠬᠤᠣᠷ ᠬᠥᠨᠥᠭᠡᠯ ᠵᠡᠷᠭᠡ ᠶᠢ ᠲᠠᠨᠢᠯᠴᠠᠭᠤᠯᠵᠤ᠂ | ᠬᠠᠮᠢᠶ᠎ᠠ ᠪᠦᠬᠦᠢ ᠬᠠᠷᠢᠭᠤᠴᠠᠯᠭᠠᠲᠠᠨ ᠳᠤ ᠤᠬᠠᠮᠰᠠᠷ ᠠᠴᠠ ᠪᠠᠨ ᠡᠯ᠎ᠡ ᠲᠦᠷᠦᠯ ᠤᠨ ᠬᠠᠤᠯᠢ ᠪᠤᠰᠤ ᠬᠡᠪᠯᠡᠭᠳᠡᠬᠦᠨ | ᠪᠣᠯᠤᠨ ᠰᠣᠶᠣᠯ ᠤᠨ ᠬᠤᠭ ᠨᠣᠪᠰᠢ ᠶᠢ ᠡᠷᠡᠰ ᠡᠰᠡᠷᠭᠦᠴᠡᠵᠦ ᠴᠡᠪᠡᠷᠯᠡᠨ ᠠᠷᠢᠯᠭᠠᠬᠤ ᠶᠢ ᠰᠠᠨᠠᠭᠤᠯᠬᠤ ᠶᠢᠨ ᠬᠠᠮᠲᠤ | ᠡᠯ᠎ᠡ ᠡᠵᠡᠩᠨᠡᠯᠲᠡ ᠶᠢᠨ ᠥᠮᠴᠢᠲᠡᠨ ᠢ ᠵᠢᠷᠤᠮᠵᠢᠭᠰᠠᠨ ᠬᠠᠮᠢᠶᠠᠷᠤᠯᠲᠠ ᠪᠠᠨ ᠴᠢᠩᠭᠠᠳᠬᠠᠵᠤ᠂ ᠬᠠᠤᠯᠢ ᠶᠢ ᠰᠠᠬᠢᠵᠤ | ᠡᠵᠡᠩᠨᠡᠬᠦ᠂ ᠪᠣᠯᠪᠠᠰᠤᠨ ᠢᠶᠠᠷ ᠡᠵᠡᠩᠨᠡᠬᠦ᠂ ᠠᠮᠤᠷ ᠲᠦᠪᠰᠢᠨ ᠢᠶᠠᠷ ᠡᠵᠡᠩᠨᠡᠬᠦ ᠶᠢ ᠪᠡᠶᠡᠯᠡᠭᠦᠯᠵᠦ᠂ ᠡᠷᠡᠭᠦᠯ ᠰᠠᠷᠠᠭᠤᠯ | ᠥᠭᠡᠳᠡᠷᠬᠡᠭ ᠰᠣᠶᠣᠯ ᠤᠨ ᠠᠭᠤᠷ ᠠᠮᠢᠰᠬᠤᠯ ᠪᠣᠯᠤᠨ ᠪᠣᠯᠪᠠᠰᠤᠨ ᠡᠶ᠎ᠡ ᠵᠣᠬᠢᠴᠠᠩᠭᠤᠢ ᠨᠡᠶᠢᠭᠡᠮ ᠤᠨ ᠡᠮᠬᠢ ᠳᠢᠭᠯᠢᠮ ᠢ | ᠢᠳᠡᠪᠬᠢᠲᠡᠢ ᠪᠤᠢ ᠪᠣᠯᠭᠠᠬᠤ ᠬᠡᠷᠡᠭᠲᠡᠢ ᠭᠡᠵᠡᠢ᠃ |