ᠪᠠᠶᠠᠨᠭᠤᠣᠯ ᠪᠠᠯᠭᠠᠰᠤ ᠣᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠳᠤᠷ ᠬᠢᠵᠤ ᠪᠤᠢ
ᠨᠡᠶᠢᠲᠡᠯᠡᠭᠰᠡᠨ ᠴᠠᠭ᠄
2024/3/13
     ᠪᠦᠬᠦ ᠪᠠᠯᠭᠠᠰᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠦᠲᠦᠮᠵᠢᠲᠡᠶ ᠪᠠᠬᠢᠵᠢᠭᠦᠯᠬᠦ ᠶᠢᠨ ᠲᠥᠯᠥᠭᠡ᠂ ᠤᠢᠢᠷ᠎ᠠ ᠳᠤ᠂ ᠵᠠᠯᠠᠶᠢᠳ ᠬᠤᠰᠢᠭᠤᠨ ᠤ ᠪᠠᠶᠠᠨᠭᠤᠣᠯ ᠪᠠᠯᠭᠠᠰᠤ ᠨᠠᠮ ᠤᠨ ᠭᠡᠰᠢᠭᠦᠨ ᠤᠯᠠᠨ ᠲᠦᠮᠡᠨ ᠢ ᠵᠣᠬᠢᠶᠠᠨ ᠪᠠᠶᠢᠭᠤᠯᠵᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠠ᠃    ᠪᠦᠬᠦ ᠪᠠᠯᠭᠠᠰᠤ ᠪᠠᠷ ᠢᠶᠠᠨ ᠬᠤᠭ ᠨᠣᠪᠰᠢ ᠶᠢ ᠰᠠᠶᠢᠳᠤᠷ ᠴᠡᠪᠡᠷᠯᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ ᠂ ︽ᠨᠠᠷᠢᠨ︾ ᠵᠦᠢᠯ ᠠᠴᠠ ᠭᠠᠷᠳᠠᠨ᠂ ︽ᠪᠣᠳᠠᠲᠠᠶ︾ ᠵᠦᠢᠯ ᠳᠤ ᠬᠦᠴᠦᠯᠡᠵᠦ᠂ ᠬᠦᠷᠢᠶ᠎ᠡ ᠬᠠᠰᠢᠶ᠎ᠠ ᠶᠢᠨ ᠳᠣᠲᠣᠨ᠎ᠠ ᠭᠠᠳᠠᠨ᠎ᠠ᠂ ᠭᠡᠷ ᠤᠨ ᠠᠷᠤ ᠦᠪᠦᠷ᠂ ᠭᠤᠣᠯ ᠵᠠᠮ ᠤᠨ ᠬᠤᠶᠠᠷ ᠬᠠᠵᠠᠭᠤ᠂ ᠭᠤᠣᠯ ᠤᠨ ᠭᠤᠯᠳᠤᠷᠢᠯ ᠭᠤᠣ ᠰᠤᠪᠠᠭ᠂ ᠨᠣᠭᠤᠭᠠᠷᠠᠭᠤᠯᠤᠯᠲᠠ ᠶᠢᠨ ᠪᠦᠰᠡ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠤ ᠲᠣᠭᠤᠷᠢᠨ ᠳᠤ᠂ ᠬᠤᠭ ᠨᠤᠪᠰᠢ ᠪᠤᠵᠠᠷ ᠡᠪᠡᠰᠦ ᠵᠡᠷᠭᠡ ᠶᠢ ᠴᠡᠪᠡᠷᠯᠡᠨ ᠠᠷᠢᠯᠭᠠᠬᠤ ᠠᠵᠢᠯᠯᠠᠭ᠎ᠠ ᠥᠷᠨᠢᠭᠦᠯᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ ᠶᠢ ᠪᠦᠬᠦᠨ ᠢ ᠬᠠᠮᠤᠷᠬᠤ᠂ ᠥᠨᠴᠥᠭ ᠪᠤᠯᠤᠩ ᠦᠭᠡᠢ ᠪᠠᠶᠢᠯᠭᠠᠬᠤ ᠶᠢ ᠪᠠᠲᠤᠯᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠡᠢ᠃    ᠪᠠᠶᠠᠨᠭᠤᠣᠯ ᠪᠠᠯᠭᠠᠰᠤᠨ ᠤ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠬᠢᠨ ᠴᠡᠪᠡᠷᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭ᠎ᠠ ᠨᠠᠶᠢᠳᠠᠪᠤᠷᠢᠵᠢᠭᠤᠯᠵᠦ ᠪᠤᠢ᠃ ᠬᠡᠰᠡᠭ ᠬᠤᠪᠢᠶᠠᠨ ᠳᠠᠭᠠᠭᠠᠴᠢᠯᠠᠬᠤ ᠬᠠᠷᠢᠭᠤᠴᠠᠯᠭ᠎ᠠ ᠶᠢᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠡᠳᠦᠷ ᠲᠤ ᠨᠢᠭᠡ ᠤᠳᠠᠭ᠎ᠠ ᠪᠠᠭ᠎ᠠ ᠴᠡᠪᠡᠷᠯᠡᠭᠡ ᠬᠢᠵᠦ᠂ ᠭᠠᠷᠠᠭ ᠲᠤ ᠨᠢᠭᠡ ᠤᠳᠠᠭ᠎ᠠ ᠶᠡᠭᠡ ᠪᠠᠷ ᠴᠡᠪᠡᠷᠯᠡᠬᠦ᠂ ᠭᠠᠴᠠᠭ᠎ᠠ ᠲᠣᠰᠬᠤᠨ ᠤ ᠳᠣᠲᠣᠷᠠᠬᠢ ᠬᠤᠭ ᠨᠣᠪᠰᠢ ᠶᠢ ᠲᠣᠭᠲᠠᠭᠰᠠᠨ ᠴᠠᠭ ᠲᠤ ᠴᠡᠪᠡᠷᠯᠡᠨ ᠭᠠᠳᠠᠭᠰᠢ ᠲᠡᠭᠡᠭᠡᠪᠦᠷᠢᠯᠡᠬᠦ ᠶᠢ ᠪᠠᠲᠤᠯᠠᠨ᠎ᠠ᠃ ᠡᠭᠦᠨ ᠤ ᠬᠠᠮᠳᠤ ᠣᠯᠠᠨ ᠲᠦᠮᠡᠨ ᠳᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠴᠢᠬᠤᠯᠠ ᠠᠴᠢ ᠬᠤᠯᠪᠣᠭᠳᠠᠯ ᠢ ᠲᠦᠭᠡᠮᠡᠯᠵᠢᠭᠦᠯᠵᠦ᠂ ᠳᠡᠳᠡᠨᠡᠷ ᠤᠨ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠲᠠᠶᠢᠴᠢᠯᠠᠵᠠᠢ᠃    ᠳᠠᠷᠠᠭᠠᠴᠢ ᠶᠢᠨ ᠠᠯᠬᠤᠮ ᠳᠤ᠂ ᠪᠠᠶᠠᠨᠭᠤᠣᠯ ᠪᠠᠯᠭᠠᠰᠤ ᠬᠤᠶᠢᠰᠢᠳᠠ ᠶᠢᠨ ᠠᠵᠢᠯ ᠳᠠᠭᠠᠨ ᠦᠷᠭᠦᠯᠵᠢᠯᠡᠨ ᠡᠷᠴᠢ ᠵᠣᠷᠢᠭ ᠢᠶᠠᠨ ᠬᠥᠪᠴᠢᠯᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠣᠷᠣᠨ ᠪᠦᠰᠡ ᠶᠢᠨ ᠬᠤᠭ ᠨᠣᠪᠰᠢ ᠦᠭᠡᠢ ᠠᠵᠢᠯ ᠢ ᠪᠠᠶᠢᠩᠭᠤᠵᠢᠭᠤᠯᠵᠤ᠂ ᠨᠠᠷᠢᠯᠢᠬᠵᠢᠭᠤᠯᠤᠨ ᠯᠠᠪᠳᠠᠭᠤᠨ ᠪᠠᠲᠤᠲᠠᠢ ᠠᠬᠢᠭᠤᠯᠤᠨ᠂ ᠪᠣᠯᠪᠠᠰᠤᠨ ᠪᠤᠰᠤ ᠠᠮᠢᠳᠤᠷᠠᠯ ᠤᠨ ᠵᠠᠩ ᠳᠠᠳᠬᠠᠯ ᠢ ᠦᠨᠡᠨ ᠬᠦ ᠬᠤᠪᠢᠷᠠᠭᠤᠯᠵᠤ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠥᠷᠭᠡᠨ ᠤᠯᠠᠨ ᠲᠦᠮᠡᠨ ᠤ ᠤᠷᠴᠢᠨ ᠲᠤᠭᠤᠷᠢᠨ ᠢᠶᠠᠨ ᠴᠡᠪᠡᠷ ᠴᠡᠮᠴᠡᠭᠡᠷ ᠪᠠᠶᠢᠯᠭᠠᠬᠤ ᠤᠬᠠᠮᠰᠠᠷ ᠢ ᠳᠡᠭᠡᠭᠰᠢᠯᠡᠭᠦᠯᠵᠦ᠂ ᠠᠮᠢ ᠠᠬᠤᠢ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠣᠷᠴᠢᠨ ᠲᠣᠭᠤᠷᠢᠨ ᠢ ᠬᠠᠮᠲᠤᠪᠠᠷ ᠴᠣᠭᠴᠠᠯᠠᠨ ᠪᠠᠶᠢᠭᠤᠯᠤᠨ᠎ᠠ᠃
 
ᠢᠷᠡᠯᠲᠡ᠄ ᠪᠠᠶᠠᠨᠭᠤᠣᠯ ᠪᠠᠯᠭᠠᠰᠤᠨ ᠤ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号