ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠬᠦᠷᠡᠯ ᠪᠠᠯᠭᠠᠰᠤᠨ ᠤ ᠨᠠᠮ ᠤᠨ ᠬᠤᠷᠢᠶᠠᠨ ᠤ ᠠᠵᠢᠯ ᠢ ᠲᠣᠭᠤᠷᠢᠨ ᠪᠠᠶᠢᠴᠠᠭᠠᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2024/3/13
       ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 3 ᠰᠠᠷ᠎ᠠ ᠶᠢᠨ 11 ᠤ ᠡᠳᠦᠷ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠤᠨ ᠬᠦᠷᠡᠯ ᠪᠠᠯᠭᠠᠰᠤᠨ ᠤ ᠨᠠᠮ ᠤᠨ ᠬᠤᠷᠢᠶᠠᠨ ᠤ ᠠᠵᠢᠯ ᠢ ᠲᠣᠭᠤᠷᠢᠨ ᠪᠠᠶᠢᠴᠠᠭᠠᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠾᠧ ᠸᠧᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠣᠭᠤᠷᠢᠨ ᠪᠠᠶᠢᠴᠠᠭᠠᠬᠤ ᠡᠭᠦᠷᠭᠡ ᠪᠠ ᠠᠵᠢᠯ ᠤᠨ ᠲᠣᠬᠢᠷᠠᠭᠤᠯᠤᠯᠲᠠ ᠶᠢ ᠵᠠᠷᠯᠠᠨ ᠮᠡᠳᠡᠭᠳᠡᠭᠰᠡᠨ ᠪᠥᠭᠡᠳ ᠤᠯᠤᠰ ᠲᠥᠷᠥ ᠶᠢᠨ ᠲᠣᠭᠤᠷᠢᠨ ᠪᠠᠶᠢᠴᠠᠭᠠᠯᠲᠠ ᠶᠢ ᠭᠦᠨᠵᠡᠭᠡᠶᠢᠷᠡᠭᠦᠯᠬᠦ᠂ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠲᠤᠬᠠᠶ ᠱᠠᠭᠠᠷᠳᠠᠯᠭ᠎ᠠ ᠳᠤᠷᠠᠳᠴᠠᠶ᠃ ᠬᠦᠷᠡᠯ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠦᠨ ᠹᠧᠩ ᠬᠤᠷᠠᠯ ᠢ ᠡᠷᠬᠢᠯᠡᠭᠰᠡᠨ ᠪᠥᠭᠡᠳ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠢ᠃   ᠬᠤᠰᠢᠭᠤᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠾᠧ ᠸᠧᠶ ᠵᠢᠴᠢ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠥᠬᠦ ᠠᠵᠢᠯᠲᠠᠨ᠂ ᠬᠦᠷᠡᠯ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠡᠯ᠎ᠡ ᠥᠷᠲᠡᠭᠡ ᠠᠯᠪᠠᠨ ᠭᠡᠷ ᠭᠠᠵᠠᠷ ᠤᠨ ᠬᠠᠷᠢᠭᠤᠴᠠᠯᠭᠠᠲᠠᠨ᠂ ᠡᠯ᠎ᠡ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠤ ᠱᠦᠵᠢ᠂ ᠨᠢᠭᠡᠳᠦᠭᠡᠷ ᠱᠦᠵᠢ ᠬᠤᠷᠠᠯ ᠳᠤ ᠰᠤᠯᠠ ᠣᠷᠣᠯᠴᠠᠵᠠᠶ᠃    ᠬᠤᠰᠢᠭᠤᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠾᠧ ᠸᠧᠶ᠂  ᠨᠢᠭᠡ ᠳᠤ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠠᠩᠬᠠᠷᠤᠯ ᠢᠶᠠᠨ ᠲᠦᠪᠯᠡᠷᠡᠭᠦᠯᠬᠦ ᠬᠡᠷᠡᠭᠳᠡᠢ᠃ ᠬᠤᠶᠠᠷ ᠲᠤ ᠤᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠪᠠ ᠲᠥᠪ ᠪᠤᠰᠤ ᠰᠤᠷᠲᠠᠯ ᠵᠢᠴᠢ ᠤᠯᠠᠨ ᠲᠦᠮᠡᠨ ᠤ ᠲᠤᠰᠬᠠᠯ ᠶᠡᠬᠡᠲᠡᠶ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠳᠡᠢ᠃ ᠭᠤᠷᠪᠠ ᠳᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠳᠤ ᠠᠩᠬᠠᠷᠤᠯ ᠢᠶᠠᠨ ᠲᠦᠪᠯᠡᠷᠡᠭᠦᠯᠬᠦ ᠬᠡᠷᠡᠭᠳᠡᠢ᠃ ᠲᠦᠷᠪᠡ ᠳᠤ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ ᠵᠡᠷᠭᠡ ᠬᠢᠨᠠᠯᠲᠠ ᠲᠠᠯᠪᠢᠯᠲᠠ ᠳᠤ  ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠠᠩᠬᠠᠷᠤᠯ ᠢᠶᠠᠨ ᠲᠦᠪᠯᠡᠷᠡᠭᠦᠯᠬᠦ ᠬᠡᠷᠡᠭᠳᠡᠢ ᠭᠡᠵᠡᠢ᠃     ᠬᠦᠷᠡᠯ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠦᠨ ᠹᠧᠩ᠂ ᠪᠦᠬᠦ ᠪᠠᠯᠭᠠᠰᠤ ᠪᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭ᠎ᠠ ᠪᠠᠷ ᠲᠤᠭᠤᠷᠢᠨ ᠪᠠᠶᠢᠴᠠᠭᠠᠬᠤ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠃ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠲᠥᠪ ᠴᠢᠬᠡᠴᠢ ᠣᠪᠣᠷ ᠢᠶᠠᠷ  ᠲᠤᠭᠤᠷᠢᠨ ᠪᠠᠶᠢᠴᠠᠭᠠᠬᠤ ᠠᠵᠢᠯ ᠳᠤ ᠰᠠᠶᠢᠲᠤᠷ ᠬᠠᠮᠵᠢᠯᠴᠠᠨ᠎ᠠ᠃ ᠬᠢᠨᠠᠯᠲᠠ ᠶᠢ ᠳᠠᠷᠤᠤ ᠬᠢᠴᠢᠶᠡᠩᠭᠦᠢ ᠪᠠᠷ ᠬᠦᠯᠢᠶᠡᠵᠦ᠂ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠨ᠎ᠠ ᠭᠡᠵᠦ ᠢᠯᠡᠷᠬᠡᠶᠢᠯᠡᠵᠡᠢ᠃
 
ᠢᠷᠡᠯᠲᠡ᠄ ᠬᠦᠷᠡᠯ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号