ᠠᠷᠠᠳ ᠤᠨ ᠰᠡᠳᠬᠢᠯ ᠢ ᠲᠤᠯᠠᠭᠠᠴᠠᠭᠤᠯᠤᠭᠰᠠᠨ ᠵᠢᠵᠢᠭ ᠴᠤᠩᠬᠤᠪᠴᠢ
ᠨᠡᠶᠢᠲᠡᠯᠡᠭᠰᠡᠨ ᠴᠠᠭ᠄
2024/3/13
   ᠤᠢᠢᠷ᠎ᠠ ᠶᠢᠨ ᠵᠢᠯ ᠠᠴᠠ᠂ ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠤᠩᠬᠤᠪᠴᠢ ᠪᠠᠷ ᠠᠴᠢᠶᠠᠯᠠᠪᠤᠷᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠪᠦᠬᠦ ᠶᠠᠪᠤᠴᠠ ᠳᠤ ᠠᠭᠤᠰᠤᠯᠴᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠤᠭᠤᠷᠣᠨᠳᠣᠬᠢ ᠬᠥᠭᠦᠷᠭᠡ ᠶᠢ ᠲᠠᠯᠪᠢᠵᠡᠢ᠃    ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠣᠷᠣᠬᠤ ᠳᠤ᠂ ᠶᠡᠭᠡ ᠲᠢᠩᠬᠢᠮ ᠳᠠᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠤᠬᠠᠶ ᠤᠬᠠᠭᠤᠯᠭ᠎ᠠ ᠶᠢᠨ ᠦᠵᠡᠭᠦᠯᠭᠡ ᠶᠢᠨ ᠰᠠᠮᠪᠠᠷ᠎ᠠ ᠭᠠᠵᠠᠷ ᠪᠣᠯᠭᠠᠨ ᠳᠤ ᠬᠠᠷᠠᠭᠳᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠠᠭᠤᠷ ᠠᠮᠢᠰᠬᠤᠯ ᠮᠠᠰᠢ ᠦᠳᠭᠡᠨ ᠪᠠᠶᠢᠯ᠎ᠠ᠃ ᠲᠦᠩ ᠬᠠᠢ ᠵᠠᠮ ᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠯᠦ ᠰᠢᠶᠤᠤ ᠵᠢᠶᠠᠨ ᠶᠡᠭᠡ ᠲᠢᠩᠬᠢᠮ ᠳᠤ ᠡᠵᠡᠩᠨᠡᠯᠲᠡ ᠶᠢᠨ ᠦᠨᠡᠮᠯᠡᠯ ᠤᠨ ᠨᠡᠮᠡᠯᠲᠡ ᠵᠦᠢᠯ ᠢ ᠭᠦᠢᠴᠡᠳᠬᠡᠬᠦ ᠳᠤ ᠡ᠊ᠨᠳᠡᠬᠢ ᠥᠨᠳᠥᠷ ᠪᠦᠲᠦᠮᠵᠢᠲᠡᠢ ᠳᠥᠭᠦᠮ ᠳᠥᠲᠡ ᠦᠢᠯᠡᠴᠢᠯᠡᠭᠡ ᠨᠢ ᠲᠡᠭᠦᠨ  ᠢ ᠪᠠᠶᠠᠰᠬᠠᠵᠠᠢ᠃     ︽ᠪᠢ ᠥᠨᠥᠳᠦᠷ ᠡᠵᠡᠩᠨᠡᠯᠲᠡ ᠶᠢᠨ ᠦᠨᠡᠮᠯᠡᠯ ᠤᠨ ᠨᠡᠮᠡᠯᠲᠡ ᠵᠦᠢᠯ ᠢ ᠠᠪᠬᠤ ᠪᠠᠷ ᠢᠷᠡᠵᠡᠢ᠂ ᠬᠡᠳᠦᠬᠡᠨ ᠮᠢᠨᠦ᠋ᠲ ᠤᠨ ᠳᠣᠲᠣᠷ᠎ᠠ ᠭᠦᠢᠴᠡᠳᠭᠡᠴᠢᠬᠡᠯ᠎ᠡ᠂ ᠲᠦᠷᠭᠡᠨ ᠮᠦᠷᠳᠡᠭᠡᠨ ᠳᠥᠭᠦᠮ︾ ᠭᠡᠵᠦ ᠰᠠᠭᠤᠭᠠᠯᠢ ᠠᠷᠠᠳ ᠯᠦ ᠰᠢᠶᠤᠤ ᠵᠢᠶᠠᠨ ᠰᠤᠷᠪᠤᠯᠵᠢᠯᠠᠭᠴᠢ ᠳᠤ ᠬᠡᠯᠡᠪᠡ᠃    ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ︽ᠬᠥᠮᠦᠨ ᠪᠣᠯᠭᠠᠨ ᠳᠦᠷᠢ ᠲᠥᠷᠬᠦ ᠶᠢᠨ ᠡᠯᠴᠢᠨ᠂ ᠴᠤᠩᠬᠤᠪᠴᠢ ᠪᠣᠯᠭᠠᠨ ᠰᠠᠭᠠᠳ ᠥᠬᠡᠶ ᠨᠡᠪᠲᠡᠷᠡᠬᠦ ᠵᠠᠮ ᠮᠦᠨ︾ ᠭᠡᠬᠦ ᠠᠵᠢᠯ ᠤᠨ ᠱᠠᠭᠠᠷᠳᠠᠯᠭ᠎ᠠ ᠶᠣᠰᠣᠭᠠᠷ᠂ ︽ᠳᠤᠲᠠᠭᠤ ᠶᠢ ᠭᠥᠯᠢᠶᠡᠨ ᠠᠪᠴᠤ ᠰᠢᠢᠳᠪᠤᠷᠢᠯᠡᠬᠦ︾ ︽ᠤᠷᠢᠳᠴᠢᠯᠠᠨ ᠪᠣᠯᠵᠣᠬᠤ ᠦᠢᠯᠡᠴᠢᠯᠡᠭᠡ︾ ᠵᠡᠷᠭᠡ ᠤᠨᠴᠠᠯᠢᠭᠳᠤ ᠦᠢᠯᠡᠴᠢᠯᠡᠭᠡ ᠶᠢ ᠥᠷᠭᠡᠨ ᠢᠶᠠᠷ ᠥᠷᠨᠢᠭᠦᠯᠪᠡ᠃ ︽ᠠᠨᠠᠷ ᠤᠨ ᠦᠷ᠎ᠡ ᠶᠢᠨ ᠦᠢᠯᠡᠴᠢᠯᠡᠭᠡᠨ ᠤ ᠥᠷᠲᠡᠭᠡ︾ ︽ᠵᠠᠯᠠᠭᠤᠴᠤᠳ ᠤᠨ ᠪᠣᠯᠪᠠᠰᠤᠨ ᠨᠡᠷᠡᠮᠵᠢᠲᠦ︾ ᠵᠡᠷᠭᠡ ᠦᠢᠯᠡᠴᠢᠯᠡᠭᠡᠨ ᠤ ᠴᠤᠩᠬᠤᠪᠴᠢ ᠶᠢ 22 ᠭᠠᠷᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠭᠤᠨ ᠳᠤᠯᠠᠭᠠᠨ ᠪᠠ ᠬᠤᠷᠳᠤᠴᠠ ᠶᠢ ᠮᠡᠳᠡᠷᠡᠭᠦᠯᠪᠡ᠃    ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠲᠠᠰᠤᠷᠠᠯᠲᠠ ᠥᠬᠡᠶ ᠲᠦᠷᠭᠡᠨ ᠳᠡᠭᠡᠭᠰᠢᠯᠡᠭᠦᠯᠬᠦ ᠪᠠᠷ ᠣᠨᠣᠯ ᠤᠨ ᠰᠤᠷᠤᠯᠴᠠᠯᠭ᠎ᠠ ᠵᠡᠷᠭᠡ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠮᠦᠵᠢᠯ ᠪᠠ ᠦᠢᠯᠡᠴᠢᠯᠡᠭᠡ  ᠶᠢ ᠬᠠᠷᠢᠯᠴᠠᠨ ᠠᠭᠤᠰᠤᠯᠴᠠᠭᠤᠯᠬᠤ ᠶᠢ ᠪᠠᠷᠢᠮᠲᠠᠯᠠᠨ᠂ ᠦᠢᠯᠡᠴᠢᠯᠡᠭᠡ ᠶᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠳᠤ ᠦᠨᠡᠨ ᠬᠦ ᠬᠠᠳᠠᠩᠰᠢᠭᠤᠯᠵᠠᠶ᠃     ︽ᠴᠤᠩᠬᠤᠪᠴᠢ ᠶᠢᠨ ᠠᠵᠢᠯᠲᠠᠨ ᠪᠣᠯᠤᠭᠰᠠᠨ ᠤ ᠬᠤᠪᠢ ᠳᠤ᠂ ᠪᠢᠳᠡ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠡᠩ ᠰᠢᠯᠢᠳᠡᠭ᠂ ᠨᠡᠩ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠤᠴᠢᠷ ᠶᠠᠪᠤᠳᠠᠯ ᠭᠦᠢᠴᠡᠳᠭᠡᠬᠦ ᠳᠡᠭᠡᠨ ᠬᠤᠷᠳᠤᠴᠠ ᠲᠠᠢ ᠪᠦᠭᠡᠳ ᠳᠤᠳᠤᠨᠤᠰᠤᠭ ᠦᠢᠯᠡᠴᠢᠯᠡᠭᠡ ᠬᠠᠩᠭᠠᠬᠤ ᠶᠢ ᠪᠠᠳᠤᠯᠠᠨ᠎ᠠ︾ ᠭᠡᠵᠦ ᠵᠠᠯᠠᠶᠢᠳ ᠬᠤᠰᠢᠭᠤᠨ ᠤ ᠨᠠᠮ ᠣᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠶᠡᠷᠦᠩᠬᠡᠶᠢᠯᠡᠭᠰᠡᠨ ᠴᠤᠩᠬᠤᠪᠴᠢ ᠶᠢᠨ ᠠᠵᠢᠯᠲᠠᠨ ᠯᠢ ᠵᠢᠶᠠ ᠴᠢ ᠰᠤᠷᠪᠤᠯᠵᠢᠯᠠᠭᠴᠢ ᠳᠤ ᠬᠡᠯᠡᠪᠡ᠃    ᠤᠢᠢᠷ᠎ᠠ ᠶᠢᠨ ᠵᠢᠯ ᠠᠴᠠ᠂ ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠦᠬᠦ ᠶᠠᠪᠤᠴᠠ ᠳᠤ ᠠᠭᠤᠰᠤᠯᠴᠠᠭᠤᠯᠵᠤ᠂ ᠮᠠᠲ᠋ᠧᠷᠢᠶᠠᠯ ᠢ ᠪᠠᠭᠠᠰᠬᠠᠬᠤ᠂ ᠭᠤᠭᠴᠤᠭ᠎ᠠ ᠶᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠨᠠᠰᠢ ᠴᠠᠰᠢ ᠭᠦᠶᠦᠯᠲᠡ ᠶᠢ ᠪᠠᠭᠠᠰᠬᠠᠬᠤ ᠳᠡᠭᠡᠷ᠎ᠡ ᠬᠦᠴᠦᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠂ ᠠᠵᠢᠯ ᠶᠠᠪᠤᠳᠠᠯ ᠭᠦᠢᠴᠡᠳᠭᠡᠬᠦ ᠭᠤᠭᠴᠤᠭ᠎ᠠ ᠨᠠᠩ ᠴᠥᠭᠡᠨ᠂ ᠶᠠᠪᠤᠴᠠ ᠨᠠᠩ ᠰᠢᠯᠢᠳᠡᠭ᠂ ᠴᠠᠭ ᠤᠨ ᠬᠢᠵᠠᠭᠠᠷ ᠨᠠᠩ ᠣᠬᠤᠷ᠂ ᠥᠪᠡᠷ ᠤᠨ ᠥᠷᠲᠡᠭ ᠨᠠᠩ ᠳᠣᠤᠷ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠦᠨᠡᠨ ᠬᠦ ᠨᠡᠪᠲᠡᠷᠡᠭᠦᠯᠪᠡ᠃ ᠣᠳᠣᠬᠠᠨ ᠳᠤ᠂ 1541 ᠵᠦᠢᠯ ᠤᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ︽ᠨᠢᠭᠡ ᠯᠡ ᠦᠷᠳᠡᠭᠡᠴᠢᠯᠡᠬᠦ ᠮᠠᠶ᠋ᠢᠭ︾ ᠢᠶᠠᠷ ᠪᠡᠶᠡᠯᠡᠭᠦᠯᠵᠦ ᠪᠣᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠳᠤᠮᠳᠠᠴᠢ ᠪᠠᠷ 90% ᠠᠴᠠ ᠳᠡᠭᠡᠭᠰᠢ ᠪᠠᠭᠠᠰᠬᠠᠵᠤ᠂ 42 ᠴᠤᠩᠬᠤᠪᠴᠢ ᠪᠠᠷ ᠪᠦᠷᠢᠯᠳᠦᠭᠰᠡᠨ ᠵᠥᠷᠢᠶ᠎ᠡ ᠥᠬᠡᠶ ᠶᠡᠷᠦᠩᠬᠡᠶᠢᠯᠡᠨ ᠭᠥᠯᠢᠶᠡᠨ ᠠᠪᠴᠤ ᠰᠢᠢᠳᠪᠤᠷᠢᠯᠡᠬᠦ ᠲᠤᠰᠬᠠᠶ ᠣᠷᠣᠨ ᠢ ᠪᠣᠶ ᠪᠣᠯᠭᠠᠵᠤ᠂ 1366 ᠵᠦᠢᠯᠡᠰ ᠢ ᠪᠦᠬᠦᠨ ᠢ ᠶᠡᠷᠦᠩᠬᠡᠶᠢᠯᠡᠭᠰᠡᠨ ᠴᠤᠩᠬᠤᠪᠴᠢ ᠳᠤ ᠣᠷᠣᠭᠤᠯᠤᠨ᠂ ︽ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠤᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡᠳᠦᠯᠲᠡᠶ ᠴᠤᠩᠬᠤᠪᠴᠢ ᠪᠠᠷ ᠮᠠᠲ᠋ᠧᠷᠢᠶᠠᠯ ᠭᠠᠷᠭᠠᠬᠤ︾ ᠶᠢ ᠪᠡᠶᠡᠯᠡᠭᠦᠯᠤᠨ᠂ ︽ᠤᠯᠠᠨ ᠲᠦᠮᠡᠨ ᠢ ᠬᠠᠮᠤᠭ ᠣᠯᠠᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠶᠢ ᠪᠡᠶᠡᠯᠡᠭᠦᠯᠵᠦ᠂ ᠰᠡᠳᠬᠢᠯ ᠬᠠᠩᠬᠤ ᠨᠣᠷᠮ᠎ᠠ ᠶᠢ 100% ᠳᠤ ᠬᠦᠷᠦᠭᠦᠯᠪᠡ᠃    ︽ᠲᠠᠷᠠᠭᠠᠴᠢ ᠶᠢᠨ ᠠᠯᠬᠤᠮ ᠤᠨ ᠠᠵᠢᠯ ᠳᠤ᠂ ᠪᠢᠳᠡ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠠᠵᠢᠯ ᠤᠨ ᠭᠤᠤᠯ ᠰᠢᠵᠢᠮ ᠢᠶᠠᠨ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠪᠣᠯᠬᠤ ᠪᠠᠷ ᠴᠢᠷᠮᠠᠶᠢᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠩ ᠲᠥᠬᠦᠮ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠣᠷᠴᠢᠨ ᠨᠥᠬᠦᠴᠡᠯ ᠢ ᠬᠠᠩᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ︾ ᠭᠡᠵᠦ ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠧᠩ ᠹᠦ᠋ ᠴᠢᠤᠸᠠᠨ ᠰᠤᠷᠪᠤᠯᠵᠢᠯᠠᠭᠴᠢ ᠳᠤ ᠬᠡᠯᠡᠪᠡ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号