ᠵᠠᠯᠠᠶᠢᠳ ᠬᠤᠰᠢᠭᠤᠨ ᠤ ​ᠬᠤᠯᠪᠤᠭ᠎ᠠ ᠪᠠᠯᠭᠠᠰᠤ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠢᠩᠭ᠎ᠠ ᠴᠣᠬᠢᠯᠲᠠ ᠥᠭᠬᠦ︾ ᠠᠵᠢᠯᠯᠠᠭ᠎ᠠ ᠦᠷᠨᠢᠭᠦᠯᠵᠡᠢ
ᠨᠡᠶᠢᠲᠡᠯᠡᠭᠰᠡᠨ ᠴᠠᠭ᠄
2024/3/13
     ᠰᠣᠶᠣᠯ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠴᠡᠪᠡᠷᠰᠢᠭᠦᠯᠵᠦ᠂ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠵᠢᠭᠰᠠᠭᠠᠯ ᠤᠨ ᠭᠠᠵᠠᠷ ᠢ ᠪᠠᠬᠢᠵᠢᠭᠦᠯᠤᠨ᠂ ᠡᠷᠡᠭᠦᠯ ᠥᠭᠡᠳᠡᠷᠬᠡᠭ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠵᠤ᠂ ᠦᠨᠳᠦᠰᠦᠨ ᠱᠠᠲᠤᠨ ᠤ ᠣᠯᠠᠨ ᠲᠦᠮᠡᠨ ᠤ ᠣᠶᠤᠨ ᠤ ᠪᠣᠯᠪᠠᠰᠤᠨ ᠤ ᠪᠠᠢᠭᠤᠯᠤᠯᠲᠠ ᠶᠢ ᠠᠬᠢᠭᠤᠯᠤᠨ᠂ ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠢᠩᠭ᠎ᠠ ᠴᠣᠬᠢᠯᠲᠠ ᠥᠭᠬᠦ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠦᠯᠦᠭᠡ᠂ ᠣᠶᠢᠷ᠎ᠠ ᠳᠤ᠂ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ︶ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠢᠩᠭ᠎ᠠ ᠴᠣᠬᠢᠯᠲᠠ ᠥᠭᠬᠦ︾ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃    ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠠᠷᠢᠶ᠎ᠠ ᠣᠷᠣᠨ ᠤ ᠴᠢᠯᠦᠭᠡᠳᠦ ᠳᠡᠯᠭᠡᠭᠦᠷ᠂ ᠦᠰᠦᠭ ᠦᠷᠦᠵᠦ ᠳᠠᠷᠤᠮᠠᠯᠯᠠᠬᠤ ᠭᠠᠵᠠᠷ᠂ ᠳᠠᠬᠢᠯᠭ᠎ᠠ ᠶᠢᠨ ᠡᠳ᠋ ᠤᠨ ᠳᠡᠯᠭᠡᠭᠦᠷ ᠪᠣᠯᠤᠨ ᠨᠣᠮ ᠤᠨ ᠥᠷᠥᠭᠡ ᠪᠠᠷ ᠬᠦᠷᠴᠦ ᠮᠡᠳᠡᠯᠭᠡ ᠶᠢᠨ ᠦᠮᠴᠢᠯᠡᠯ ᠤᠨ ᠡᠷᠬᠡ ᠳᠤ ᠬᠠᠯᠳᠠᠵᠤ ᠬᠤᠯᠠᠭᠠᠶᠢᠯᠠᠨ ᠬᠡᠪᠯᠡᠭᠰᠡᠨ ᠡᠳ᠋ ᠵᠢᠴᠢ ᠱᠠᠯᠢᠭ ᠵᠠᠪᠬᠠᠶ  ᠵᠦᠢᠯᠡᠰ ᠪᠠ ᠬᠠᠤᠯᠢ ᠪᠤᠰᠤ ᠵᠦᠢᠯ ᠳᠤ ᠬᠤᠯᠪᠣᠭᠳᠠᠭᠰᠠᠨ ᠵᠡᠷᠭᠡ ᠡᠷᠡᠭᠦᠯ ᠪᠤᠰᠤ ᠰᠣᠶᠣᠯ ᠤᠨ ᠠᠭᠤᠯᠭ᠎ᠠ ᠪᠦᠬᠦᠢ ᠪᠦᠲᠦᠭᠡᠭᠳᠡᠬᠦᠨ ᠢ ᠲᠣᠭᠲᠠᠭᠠᠯ ᠠᠴᠠ ᠵᠥᠷᠢᠴᠡᠨ ᠬᠤᠳᠠᠯᠳᠤᠭᠰᠠᠨ ᠡᠰᠡᠬᠦ ᠶᠢ ᠪᠠᠶᠢᠴᠠᠭᠠᠵᠤ᠂ ᠡᠭᠦᠨ ᠤ ᠬᠠᠮᠲᠤ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠢᠩᠭ᠎ᠠ ᠴᠣᠬᠢᠯᠲᠠ ᠥᠭᠬᠦ︾ ᠬᠠᠮᠢᠶ᠎ᠠ ᠪᠦᠬᠦᠢ ᠠᠭᠤᠯᠭ᠎ᠠ ᠶᠢ ᠤᠬᠠᠭᠤᠯᠵᠤ᠂ ᠬᠠᠤᠯᠢ ᠪᠤᠰᠤ ᠬᠡᠪᠯᠡᠭᠳᠡᠬᠦᠨ ᠤ ᠭᠤᠣᠯ ᠣᠨᠴᠠᠯᠢᠭ᠂ ᠪᠠᠶᠢᠩᠭᠤ ᠬᠡᠷᠡᠭᠯᠡᠬᠦ ᠠᠷᠭ᠎ᠠ ᠪᠠᠷᠢᠯ ᠪᠣᠯᠤᠨ ᠵᠠᠯᠠᠭᠤᠴᠤᠳ ᠪᠠᠭᠠᠴᠤᠳ ᠲᠤ ᠤᠴᠠᠷᠠᠭᠤᠯᠬᠤ ᠬᠤᠣᠷ ᠬᠥᠨᠥᠭᠡᠯ ᠵᠡᠷᠭᠡ ᠶᠢ ᠲᠠᠨᠢᠯᠴᠠᠭᠤᠯᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠳᠤ ᠤᠬᠠᠮᠰᠠᠷ ᠠᠴᠠ ᠪᠠᠨ ᠡᠯ᠎ᠡ ᠲᠦᠷᠦᠯ ᠤᠨ ᠬᠠᠤᠯᠢ ᠪᠤᠰᠤ ᠬᠡᠪᠯᠡᠭᠳᠡᠬᠦᠨ ᠪᠣᠯᠤᠨ ᠰᠣᠶᠣᠯ ᠤᠨ ᠬᠤᠭ ᠨᠣᠪᠰᠢ ᠶᠢ ᠡᠷᠡᠰ ᠡᠰᠡᠷᠭᠦᠴᠡᠵᠦ ᠴᠡᠪᠡᠷᠯᠡᠨ ᠠᠷᠢᠯᠭᠠᠬᠤ ᠶᠢ ᠰᠠᠨᠠᠭᠤᠯᠬᠤ ᠶᠢᠨ ᠬᠠᠮᠲᠤ ᠡᠯ᠎ᠡ ᠡᠵᠡᠩᠨᠡᠯᠲᠡ ᠶᠢᠨ ᠥᠮᠴᠢᠲᠡᠨ ᠢ ᠵᠢᠷᠤᠮᠵᠢᠭᠰᠠᠨ ᠬᠠᠮᠢᠶᠠᠷᠤᠯᠲᠠ ᠪᠠᠨ ᠴᠢᠩᠭᠠᠳᠬᠠᠵᠤ᠂ ᠬᠠᠤᠯᠢ ᠶᠢ ᠰᠠᠬᠢᠵᠤ ᠡᠵᠡᠩᠨᠡᠬᠦ᠂ ᠪᠣᠯᠪᠠᠰᠤᠨ ᠢᠶᠠᠷ ᠡᠵᠡᠩᠨᠡᠬᠦ᠂ ᠠᠮᠤᠷ ᠲᠦᠪᠰᠢᠨ ᠢᠶᠠᠷ ᠡᠵᠡᠩᠨᠡᠬᠦ ᠶᠢ ᠪᠡᠶᠡᠯᠡᠭᠦᠯᠵᠦ᠂ ᠡᠷᠡᠭᠦᠯ ᠰᠠᠷᠠᠭᠤᠯ ᠥᠭᠡᠳᠡᠷᠬᠡᠭ ᠰᠣᠶᠣᠯ ᠤᠨ ᠠᠭᠤᠷ ᠠᠮᠢᠰᠬᠤᠯ ᠪᠣᠯᠤᠨ ᠪᠣᠯᠪᠠᠰᠤᠨ ᠡᠶ᠎ᠡ ᠵᠣᠬᠢᠴᠠᠩᠭᠤᠢ ᠨᠡᠶᠢᠭᠡᠮ ᠤᠨ ᠡᠮᠬᠢ ᠳᠢᠭᠯᠢᠮ ᠢ ᠢᠳᠡᠪᠬᠢᠲᠡᠢ ᠪᠤᠢ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠬᠤᠯᠪᠣᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号