| ᠪᠦᠬᠦ ᠪᠠᠯᠭᠠᠰᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠠᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠦᠲᠦᠮᠵᠢᠲᠡᠶ ᠪᠠᠬᠢᠵᠢᠭᠦᠯᠬᠦ ᠶᠢᠨ ᠲᠥᠯᠥᠭᠡ᠂ ᠤᠢᠢᠷ᠎ᠠ ᠳᠤ᠂ | ᠵᠠᠯᠠᠶᠢᠳ ᠬᠤᠰᠢᠭᠤᠨ ᠤ ᠪᠠᠶᠠᠨᠭᠤᠣᠯ ᠪᠠᠯᠭᠠᠰᠤ ᠨᠠᠮ ᠤᠨ ᠭᠡᠰᠢᠭᠦᠨ ᠤᠯᠠᠨ ᠲᠦᠮᠡᠨ ᠢ ᠵᠣᠬᠢᠶᠠᠨ ᠪᠠᠶᠢᠭᠤᠯᠵᠤ | ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ | ᠥᠷᠨᠢᠭᠦᠯᠪᠠ᠃ | ᠪᠦᠬᠦ ᠪᠠᠯᠭᠠᠰᠤ ᠪᠠᠷ ᠢᠶᠠᠨ ᠬᠤᠭ ᠨᠣᠪᠰᠢ ᠶᠢ ᠰᠠᠶᠢᠳᠤᠷ ᠴᠡᠪᠡᠷᠯᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ | ᠂ ︽ᠨᠠᠷᠢᠨ︾ ᠵᠦᠢᠯ ᠠᠴᠠ ᠭᠠᠷᠳᠠᠨ᠂ ︽ᠪᠣᠳᠠᠲᠠᠶ︾ ᠵᠦᠢᠯ ᠳᠤ ᠬᠦᠴᠦᠯᠡᠵᠦ᠂ ᠬᠦᠷᠢᠶ᠎ᠡ ᠬᠠᠰᠢᠶ᠎ᠠ ᠶᠢᠨ | ᠳᠣᠲᠣᠨ᠎ᠠ ᠭᠠᠳᠠᠨ᠎ᠠ᠂ ᠭᠡᠷ ᠤᠨ ᠠᠷᠤ ᠦᠪᠦᠷ᠂ ᠭᠤᠣᠯ ᠵᠠᠮ ᠤᠨ ᠬᠤᠶᠠᠷ ᠬᠠᠵᠠᠭᠤ᠂ ᠭᠤᠣᠯ ᠤᠨ ᠭᠤᠯᠳᠤᠷᠢᠯ | ᠭᠤᠣ ᠰᠤᠪᠠᠭ᠂ ᠨᠣᠭᠤᠭᠠᠷᠠᠭᠤᠯᠤᠯᠲᠠ ᠶᠢᠨ ᠪᠦᠰᠡ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠤ ᠲᠣᠭᠤᠷᠢᠨ ᠳᠤ᠂ | ᠬᠤᠭ ᠨᠤᠪᠰᠢ ᠪᠤᠵᠠᠷ ᠡᠪᠡᠰᠦ ᠵᠡᠷᠭᠡ ᠶᠢ ᠴᠡᠪᠡᠷᠯᠡᠨ ᠠᠷᠢᠯᠭᠠᠬᠤ ᠠᠵᠢᠯᠯᠠᠭ᠎ᠠ ᠥᠷᠨᠢᠭᠦᠯᠵᠦ᠂ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ ᠶᠢ ᠪᠦᠬᠦᠨ ᠢ ᠬᠠᠮᠤᠷᠬᠤ᠂ ᠥᠨᠴᠥᠭ ᠪᠤᠯᠤᠩ ᠦᠭᠡᠢ ᠪᠠᠶᠢᠯᠭᠠᠬᠤ ᠶᠢ | ᠪᠠᠲᠤᠯᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ ᠶᠢᠨ ᠦᠷ᠎ᠡ ᠪᠦᠲᠦᠮᠵᠢ ᠶᠢ | ᠲᠠᠰᠤᠷᠠᠯᠲᠠ ᠦᠭᠡᠢ ᠳᠡᠭᠡᠭᠰᠢᠯᠡᠭᠦᠯᠵᠡᠢ᠃ | ᠪᠠᠶᠠᠨᠭᠤᠣᠯ ᠪᠠᠯᠭᠠᠰᠤᠨ ᠤ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠬᠢᠨ ᠴᠡᠪᠡᠷᠯᠡᠭᠴᠢ ᠶᠢᠨ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭ᠎ᠠ ᠨᠠᠶᠢᠳᠠᠪᠤᠷᠢᠵᠢᠭᠤᠯᠵᠦ ᠪᠤᠢ᠃ ᠬᠡᠰᠡᠭ ᠬᠤᠪᠢᠶᠠᠨ | ᠳᠠᠭᠠᠭᠠᠴᠢᠯᠠᠬᠤ ᠬᠠᠷᠢᠭᠤᠴᠠᠯᠭ᠎ᠠ ᠶᠢᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠡᠳᠦᠷ ᠲᠤ ᠨᠢᠭᠡ ᠤᠳᠠᠭ᠎ᠠ ᠪᠠᠭ᠎ᠠ ᠴᠡᠪᠡᠷᠯᠡᠭᠡ ᠬᠢᠵᠦ᠂ ᠭᠠᠷᠠᠭ ᠲᠤ ᠨᠢᠭᠡ ᠤᠳᠠᠭ᠎ᠠ ᠶᠡᠭᠡ ᠪᠠᠷ | ᠴᠡᠪᠡᠷᠯᠡᠬᠦ᠂ ᠭᠠᠴᠠᠭ᠎ᠠ ᠲᠣᠰᠬᠤᠨ ᠤ ᠳᠣᠲᠣᠷᠠᠬᠢ ᠬᠤᠭ ᠨᠣᠪᠰᠢ ᠶᠢ ᠲᠣᠭᠲᠠᠭᠰᠠᠨ ᠴᠠᠭ ᠲᠤ ᠴᠡᠪᠡᠷᠯᠡᠨ ᠭᠠᠳᠠᠭᠰᠢ | ᠲᠡᠭᠡᠭᠡᠪᠦᠷᠢᠯᠡᠬᠦ ᠶᠢ ᠪᠠᠲᠤᠯᠠᠨ᠎ᠠ᠃ ᠡᠭᠦᠨ ᠤ ᠬᠠᠮᠳᠤ ᠣᠯᠠᠨ ᠲᠦᠮᠡᠨ ᠳᠤ ᠣᠷᠴᠢᠨ ᠲᠤᠭᠤᠷᠢᠨ ᠤ ᠬᠠᠮᠠᠭᠠᠯᠠᠯᠲᠠ ᠶᠢᠨ | ᠴᠢᠬᠤᠯᠠ ᠠᠴᠢ ᠬᠤᠯᠪᠣᠭᠳᠠᠯ ᠢ ᠲᠦᠭᠡᠮᠡᠯᠵᠢᠭᠦᠯᠵᠦ᠂ ᠳᠡᠳᠡᠨᠡᠷ ᠤᠨ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠢ | ᠴᠡᠭᠴᠡᠯᠡᠨ ᠵᠠᠰᠠᠬᠤ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠲᠠᠶᠢᠴᠢᠯᠠᠵᠠᠢ᠃ | ᠳᠠᠷᠠᠭᠠᠴᠢ ᠶᠢᠨ ᠠᠯᠬᠤᠮ ᠳᠤ᠂ ᠪᠠᠶᠠᠨᠭᠤᠣᠯ ᠪᠠᠯᠭᠠᠰᠤ ᠬᠤᠶᠢᠰᠢᠳᠠ ᠶᠢᠨ ᠠᠵᠢᠯ ᠳᠠᠭᠠᠨ ᠦᠷᠭᠦᠯᠵᠢᠯᠡᠨ ᠡᠷᠴᠢ | ᠵᠣᠷᠢᠭ ᠢᠶᠠᠨ ᠬᠥᠪᠴᠢᠯᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠪᠠᠭᠤᠷᠠᠢ | ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠣᠷᠣᠨ ᠪᠦᠰᠡ ᠶᠢᠨ ᠬᠤᠭ ᠨᠣᠪᠰᠢ ᠦᠭᠡᠢ ᠠᠵᠢᠯ ᠢ | ᠪᠠᠶᠢᠩᠭᠤᠵᠢᠭᠤᠯᠵᠤ᠂ ᠨᠠᠷᠢᠯᠢᠬᠵᠢᠭᠤᠯᠤᠨ ᠯᠠᠪᠳᠠᠭᠤᠨ ᠪᠠᠲᠤᠲᠠᠢ ᠠᠬᠢᠭᠤᠯᠤᠨ᠂ ᠪᠣᠯᠪᠠᠰᠤᠨ ᠪᠤᠰᠤ ᠠᠮᠢᠳᠤᠷᠠᠯ ᠤᠨ | ᠵᠠᠩ ᠳᠠᠳᠬᠠᠯ ᠢ ᠦᠨᠡᠨ ᠬᠦ ᠬᠤᠪᠢᠷᠠᠭᠤᠯᠵᠤ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ | ᠰᠠᠶᠢᠵᠢᠷᠠᠭᠤᠯᠵᠤ᠂ ᠥᠷᠭᠡᠨ ᠤᠯᠠᠨ ᠲᠦᠮᠡᠨ ᠤ ᠤᠷᠴᠢᠨ ᠲᠤᠭᠤᠷᠢᠨ ᠢᠶᠠᠨ ᠴᠡᠪᠡᠷ ᠴᠡᠮᠴᠡᠭᠡᠷ ᠪᠠᠶᠢᠯᠭᠠᠬᠤ | ᠤᠬᠠᠮᠰᠠᠷ ᠢ ᠳᠡᠭᠡᠭᠰᠢᠯᠡᠭᠦᠯᠵᠦ᠂ ᠠᠮᠢ ᠠᠬᠤᠢ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠦᠵᠡᠰᠬᠦᠯᠡᠩᠲᠦ | ᠰᠠᠶᠢᠬᠠᠨ ᠣᠷᠴᠢᠨ ᠲᠣᠭᠤᠷᠢᠨ ᠢ ᠬᠠᠮᠲᠤᠪᠠᠷ ᠴᠣᠭᠴᠠᠯᠠᠨ ᠪᠠᠶᠢᠭᠤᠯᠤᠨ᠎ᠠ᠃ |